(2009 ᠣᠨ᠎ᠤ 2 ᠳ᠋ᠤᠭ᠋ᠠᠷ ᠰᠠᠷ᠎ᠠ ᠵᠢᠨ 10᠎ᠤ ᠡᠳᠦᠷ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 165 ᠳ᠋ᠤᠭ᠋ᠠᠷ ᠲᠣᠭ᠋ᠠᠲᠤ᠎ᠪᠠᠷ ᠨᠡᠶ᠋ᠢᠲᠡᠯᠡᠪᠡ 2018 ᠣᠨ᠎ᠤ 1 ᠳ᠋ᠤᠭᠡᠷ ᠰᠠᠷ᠎ᠠ ᠵᠢᠨ 16᠎ᠤ ᠡᠳᠦᠷ᠎ᠤᠨ 《ᠵᠠᠰᠠᠭ᠎ᠤᠨ ᠣᠷᠳᠣᠨ᠎ᠤ ᠬᠡᠰᠡᠭ ᠳᠦᠷᠢᠮ ᠲᠣᠭᠲᠠᠭ᠋ᠠᠯ᠎ᠳᠤ ᠵᠠᠰᠠᠪᠤᠷᠢ ᠣᠷᠤᠭᠤᠯᠬᠤ ᠲᠣᠬᠠᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠤᠭᠤᠯᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠠᠮᠤ ᠪᠤᠳᠠᠭ᠎ᠠ ᠵᠢᠨ ᠭᠦᠢ᠍ᠯᠭᠡᠭᠡᠨ᠎ᠤ ᠡᠮᠬᠢ ᠲᠢᠭᠯᠢᠮ᠎ᠢ ᠵᠢᠷᠤᠮᠵᠢᠭᠤᠯᠵᠤ᠂ ᠠᠮᠤ ᠪᠤᠳᠠᠭ᠎ᠠ ᠦᠢ᠍ᠯᠡᠳᠪᠦᠷᠢᠯᠡᠭᠴᠢ᠂ ᠡᠵᠡᠩᠨᠡᠭᠴᠢ ᠪᠠ ᠬᠡᠷᠡᠭᠯᠡᠭᠴᠢ ᠵᠢᠨ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠨ᠂ ᠠᠮᠤ ᠪᠤᠳᠠᠭ᠎ᠠ ᠵᠢᠨ ᠠᠮᠦᠷ ᠲᠥᠪᠰᠢᠨ᠎ᠢ ᠪᠠᠲᠤᠯᠠᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠤ ᠪᠤᠳᠠᠭ᠎ᠠ ᠵᠢᠨ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ》 ᠵᠢᠴᠢ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ᠎ᠤ ᠪᠣᠲᠠᠲᠠᠢ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠤᠲᠤᠷ᠎ᠠ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠦᠮᠦᠷᠭᠡᠯᠡᠬᠦ᠂ ᠲᠡᠭᠡᠭᠡᠪᠦᠷᠢᠯᠡᠬᠦ᠂ ᠡᠳ᠋ᠰᠢᠭᠦᠯᠬᠦ᠂ ᠤᠯᠠᠷᠢᠭᠤᠯᠬᠤ᠂ ᠭᠠᠳᠠᠭ᠋ᠠᠲᠤ᠎ᠠᠴᠠ ᠣᠷᠤᠭᠤᠯᠵᠤ ᠭᠠᠳᠠᠭ᠋ᠠᠲᠤ᠎ᠳᠤ ᠭᠠᠷᠭ᠋ᠠᠬᠤ ᠵᠡᠷᠭᠡ ᠡᠵᠡᠩᠨᠡᠯᠲᠡ ᠵᠢᠨ ᠠᠵᠢᠯᠯᠠᠭ᠎ᠠ (ᠳᠣᠷᠣᠭᠰᠢ ᠠᠮᠤ ᠪᠤᠳᠠᠭ᠎ᠠ ᠵᠢᠨ ᠡᠵᠡᠩᠨᠡᠯᠲᠡ ᠵᠢᠨ ᠠᠵᠢᠯᠯᠠᠭ᠎ᠠ ᠭᠡᠵᠦ ᠶᠡᠷᠦᠩᠬᠡᠶ᠋ᠢᠯᠡᠨ ᠨᠡᠷᠡᠶ᠋ᠢᠳᠦᠨ᠎ᠡ) ᠵᠢ ᠡᠷᠬᠢᠯᠡᠬᠦ᠎ᠳᠤ ᠲᠤᠰ ᠠᠷᠭ᠎ᠠ ᠵᠢ ᠵᠢᠷᠤᠮᠯᠡᠨ ᠰᠠᠬᠢᠬᠤ ᠬᠡᠷᠡᠭᠲᠡᠢ᠃
ᠭᠤᠷᠪᠠᠳᠤᠭ᠋ᠠᠷ ᠵᠦᠢ᠍ᠯ ᠠᠮᠤ ᠪᠤᠳᠠᠭ᠎ᠠ ᠵᠢᠨ ᠡᠵᠡᠩᠨᠡᠯᠲᠡ ᠵᠢᠨ ᠠᠵᠢᠯᠯᠠᠭ᠎ᠠ᠎ᠨᠢ ᠰᠠᠶ᠋ᠢᠨ ᠳᠤᠷ᠎ᠠ ᠵᠢᠨ ᠪᠠᠶ᠋ᠢᠬᠤ᠂ ᠲᠥᠪ ᠭᠤᠣᠯᠴᠢ᠂ ᠦᠨᠡᠨᠴᠢ ᠢᠲᠡᠭᠡᠮᠵᠢ᠎ᠲᠠᠢ ᠪᠠᠶ᠋ᠢᠬᠤ ᠵᠠᠷᠴᠢᠮ᠎ᠢ ᠵᠢᠷᠤᠮᠯᠠᠵᠤ᠂ ᠦᠢ᠍ᠯᠡᠳᠪᠦᠷᠢᠯᠡᠭᠴᠢᠳ᠂ ᠬᠡᠷᠡᠭᠯᠡᠭᠴᠢᠳ᠎ᠤᠨ ᠬᠠᠤᠯᠢ ᠶᠤᠰᠤᠨ᠎ᠤ ᠡᠷᠬᠡ ᠠᠰᠢᠭ᠂ ᠤᠯᠤᠰ᠎ᠤᠨ ᠠᠰᠢᠭ ᠲᠤᠰᠠ ᠪᠠ ᠨᠡᠶ᠋ᠢᠭᠡᠮ᠎ᠤᠨ ᠣᠯᠠᠨ ᠨᠡᠶ᠋ᠢᠲᠡ ᠵᠢᠨ ᠠᠰᠢᠭ ᠲᠤᠰᠠ ᠵᠢ ᠬᠤᠬᠢᠷᠠᠭᠤᠯᠤᠨ ᠬᠦᠨᠦᠭᠡᠵᠦ ᠪᠣᠯᠬᠤ ᠦᠭᠡᠢ᠃
ᠳᠥᠷᠪᠡᠳᠦᠭᠡᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠤᠯᠤᠰ᠎ᠤᠨ ᠬᠤᠷᠸ᠎ᠠ ᠲᠣᠬᠢᠷᠠᠭᠤᠯᠭ᠎ᠠ ᠡᠵᠡᠮᠰᠢᠯ᠎ᠤᠨ ᠳᠤᠤᠷ᠎ᠠ᠂ ᠠᠮᠤ ᠪᠤᠳᠠᠭ᠎ᠠ ᠵᠢᠨ ᠠᠵᠢᠯ᠎ᠢ ᠦᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ᠎ᠠᠴᠠ ᠬᠠᠷᠢᠭᠤᠴᠠᠬᠤ ᠳᠦᠷᠢᠮ᠎ᠤᠨ ᠱᠠᠭ᠋ᠠᠷᠳᠠᠯᠭ᠎ᠠ ᠶᠤᠰᠤᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠤᠲᠤᠷᠠᠬᠢ ᠠᠮᠤ ᠪᠤᠳᠠᠭ᠎ᠠ ᠵᠢᠨ ᠶᠡᠷᠦᠩᠬᠡᠢ ᠬᠡᠮᠵᠢᠶ᠎ᠡ ᠵᠢ ᠲᠡᠩᠴᠡᠭᠦᠷᠢᠲᠡᠢ ᠪᠠᠶ᠋ᠢᠯᠭ᠋ᠠᠬᠤ ᠠᠵᠢᠯ ᠪᠠ ᠣᠷᠣᠨ ᠨᠤᠲᠤᠭ᠎ᠤᠨ ᠨᠦᠬᠡᠴᠡ ᠠᠮᠤ ᠵᠢᠨ ᠬᠠᠮᠢᠶᠠᠷᠤᠯᠲᠠ ᠵᠢ ᠬᠠᠷᠢᠭᠤᠴᠠᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠤᠲᠤᠷᠠᠬᠢ ᠠᠮᠤ ᠪᠤᠳᠠᠭ᠎ᠠ ᠵᠢᠨ ᠭᠦᠢ᠍ᠯᠭᠡᠭᠡᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠪᠣᠯᠣᠨ ᠠᠵᠢᠯ ᠲᠦᠷᠦᠯ᠎ᠤᠨ ᠵᠢᠯᠤᠭᠤᠳᠤᠯᠭ᠎ᠠ ᠵᠢ ᠬᠠᠷᠢᠭᠤᠴᠠᠨ᠎ᠠ᠃
ᠡᠳ᠋᠎ᠤᠨ ᠵᠠᠰᠠᠭ᠂ ᠠᠵᠤ ᠦᠢ᠍ᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ᠂ ᠡᠷᠡᠭᠦᠯ ᠬᠠᠮᠠᠭ᠋ᠠᠯᠠᠯ ᠵᠡᠷᠭᠡ ᠰᠠᠯᠠᠭ᠎ᠠ ᠮᠦᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠤᠲᠤᠷ᠎ᠠ᠎ᠪᠠᠨ ᠠᠮᠤ ᠪᠤᠳᠠᠭ᠎ᠠ ᠵᠢᠨ ᠭᠦᠢ᠍ᠯᠭᠡᠭᠡᠨᠯᠦᠭᠡ ᠬᠤᠯᠪᠣᠭᠳᠠᠬᠤ ᠠᠵᠢᠯ᠎ᠤᠳ᠎ᠢ ᠬᠠᠷᠢᠭᠤᠴᠠᠨ᠎ᠠ᠃
ᠬᠤᠶᠠᠳᠤᠭ᠋ᠠᠷ ᠪᠦᠯᠦᠭ ᠠᠮᠤ ᠪᠤᠳᠠᠭ᠎ᠠ ᠵᠢᠨ ᠡᠵᠡᠩᠨᠡᠯᠲᠡ
ᠲᠠᠪᠤᠳᠤᠭ᠋ᠠᠷ ᠵᠦᠢ᠍ᠯ ᠠᠮᠤ ᠪᠤᠳᠠᠭ᠎ᠠ ᠵᠢᠨ ᠡᠵᠡᠩᠨᠡᠭᠴᠢ ᠭᠡᠳᠡᠭ᠎ᠨᠢ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠦᠮᠦᠷᠭᠡᠯᠡᠬᠦ᠂ ᠲᠡᠭᠡᠭᠡᠪᠦᠷᠢᠯᠡᠬᠦ᠂ ᠡᠳ᠋ᠰᠢᠭᠦᠯᠬᠦ᠂ ᠤᠯᠠᠷᠢᠯᠠᠭᠤᠯᠬᠤ᠂ ᠭᠠᠳᠠᠭ᠋ᠠᠲᠤ᠎ᠠᠴᠠ ᠣᠷᠤᠭᠤᠯᠵᠤ ᠭᠠᠳᠠᠭ᠋ᠠᠲᠤ᠎ᠳᠤ ᠭᠠᠷᠭ᠋ᠠᠬᠤ ᠵᠡᠷᠭᠡ ᠡᠵᠡᠩᠨᠡᠯᠲᠡ ᠵᠢᠨ ᠠᠵᠢᠯᠯᠠᠭ᠎ᠠ ᠵᠢ ᠡᠷᠬᠢᠯᠡᠵᠦ ᠪᠠᠶ᠋ᠢᠭ᠎ᠠ ᠬᠠᠤᠯᠢ ᠵᠢᠨ ᠡᠷᠬᠡᠲᠡᠨ᠂ ᠪᠤᠰᠤᠳ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠪᠠ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠵᠢᠭ᠋ᠠᠵᠤ ᠪᠣᠢ᠃
ᠵᠢᠷᠭᠤᠳᠤᠭ᠋ᠠᠷ ᠵᠦᠢ᠍ᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢ ᠡᠷᠬᠢᠯᠡᠵᠦ ᠪᠠᠶ᠋ᠢᠭ᠎ᠠ ᠡᠵᠡᠩᠨᠡᠭᠴᠢ᠂ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ ᠊ᠶᠢᠢ᠍ᠡᠨ ᠬᠠᠤᠯᠢ ᠶᠤᠰᠤᠭ᠋ᠠᠷ ᠣᠯᠤᠭᠰᠠᠨ ᠪᠠᠶ᠋ᠢᠬᠤ ᠬᠡᠷᠡᠭᠲᠡᠢ᠃
ᠳᠤᠯᠤᠳᠤᠭ᠋ᠠᠷ ᠵᠦᠢ᠍ᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢ ᠡᠷᠬᠢᠯᠡᠵᠦ ᠪᠠᠶ᠋ᠢᠭ᠎ᠠ ᠡᠵᠡᠩᠨᠡᠭᠴᠢ ᠳᠣᠣᠷᠠᠬᠢ ᠨᠦᠬᠦᠴᠡᠯ᠎ᠤᠳ᠎ᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠢ᠄
(ᠨᠢᠭᠡ) ᠬᠠᠤᠯᠢ ᠵᠢᠨ ᠡᠷᠬᠡᠲᠡᠨ ᠪᠠ ᠪᠤᠰᠤᠳ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠳᠠᠩᠰᠠᠯᠠᠭᠤᠯᠤᠭᠰᠠᠨ ᠪᠡᠯᠡ ᠮᠦᠩᠭᠦ᠎ᠨᠢ ᠲᠠᠪᠢᠨ ᠲᠦᠮᠡᠨ ᠲᠦᠭᠦᠷᠢᠭ᠎ᠠᠴᠠ ᠳᠡᠭᠡᠭᠰᠢ ᠪᠠᠶ᠋ᠢᠵᠤ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠳᠠᠩᠰᠠᠯᠠᠭᠤᠯᠤᠭᠰᠠᠨ ᠪᠡᠯᠡ ᠮᠦᠩᠭᠦ᠎ᠨᠢ ᠭᠤᠷᠪᠠᠨ ᠲᠦᠮᠡᠨ ᠲᠦᠭᠦᠷᠢᠭ᠎ᠠᠴᠠ ᠳᠡᠭᠡᠭᠰᠢ ᠪᠠᠶ᠋ᠢᠬᠤ ᠬᠡᠷᠡᠭᠲᠡᠢ᠃
(ᠬᠤᠶᠠᠷ) ᠬᠠᠤᠯᠢ ᠵᠢᠨ ᠡᠷᠬᠡᠲᠡᠨ ᠪᠠ ᠪᠤᠰᠤᠳ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠎ᠨᠢ ᠬᠤᠷᠢᠨ ᠲᠦᠮᠡᠨ ᠺᠢᠯᠣᠭ᠌ᠷᠠᠮ᠎ᠠᠴᠠ ᠳᠡᠭᠡᠭᠰᠢᠬᠢ ᠪᠠᠭᠲᠠᠭ᠋ᠠᠮᠵᠢᠲᠠᠢ᠂ ᠤᠯᠤᠰ᠎ᠤᠨ ᠠᠮᠤ ᠪᠤᠳᠠᠭ᠎ᠠ ᠬᠠᠳᠠᠭ᠋ᠠᠯᠠᠬᠤ ᠪᠠᠷᠢᠮᠵᠢᠶ᠎ᠠ ᠪᠣᠯᠣᠨ ᠮᠡᠷᠭᠡᠵᠢᠯ᠎ᠤᠨ ᠵᠢᠷᠤᠮᠵᠢᠯ ᠱᠠᠭ᠋ᠠᠷᠳᠠᠯᠭ᠎ᠠ᠎ᠳᠤ ᠨᠡᠶ᠋ᠢᠴᠡᠭᠰᠡᠨ ᠠᠰᠢᠭᠯᠠᠵᠤ ᠪᠣᠯᠬᠤᠶ᠋ᠢᠴᠠ ᠰᠠᠩ ᠬᠦᠮᠦᠷᠭᠡ᠎ᠲᠠᠢ ᠪᠠᠶ᠋ᠢᠬᠤ ᠪᠣᠶᠣ ᠳᠦᠷᠢᠶᠡᠰᠦᠯᠡᠵᠦ ᠵᠢᠭᠡᠯᠡᠭᠰᠡᠨ ᠪᠠᠶ᠋ᠢᠬᠤ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠬᠤᠶᠠᠷ ᠲᠦᠮᠡᠨ ᠺᠢᠯᠣᠭ᠌ᠷᠠᠮ᠎ᠠᠴᠠ ᠳᠡᠭᠡᠭᠰᠢᠬᠢ ᠪᠠᠭᠲᠠᠭ᠋ᠠᠮᠵᠢᠲᠠᠢ ᠠᠰᠢᠭᠯᠠᠵᠤ ᠪᠣᠯᠬᠤᠶ᠋ᠢᠴᠠ ᠰᠠᠩ ᠬᠦᠮᠦᠷᠭᠡ᠎ᠲᠠᠢ ᠪᠠᠶ᠋ᠢᠬᠤ ᠪᠣᠶᠣ ᠳᠦᠷᠢᠶᠡᠰᠦᠯᠡᠵᠦ ᠵᠢᠭᠡᠯᠡᠭᠰᠡᠨ ᠪᠠᠶ᠋ᠢᠬᠤ ᠬᠡᠷᠡᠭᠲᠡᠢ᠃
(ᠭᠤᠷᠪᠠ) ᠲᠠᠯᠪᠢᠭᠤᠷ᠎ᠲᠤ ᠵᠢᠩᠯᠡᠭᠦᠷ᠂ ᠤᠰᠤᠨ᠎ᠤ ᠬᠡᠮᠵᠢᠭᠦᠷ᠂ ᠲᠡᠩᠨᠡᠭᠦᠷ᠂ ᠡᠵᠡᠯᠡᠭᠦᠨᠤ ᠬᠦᠨᠳᠦ ᠵᠢᠨ ᠪᠠᠭ᠋ᠠᠵᠢ ᠵᠡᠷᠭᠡ ᠠᠮᠤ ᠪᠤᠳᠠᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ ᠬᠡᠮᠵᠢᠭᠦᠷᠯᠢᠭ ᠪᠠ ᠬᠡᠮᠵᠢᠯᠲᠡ ᠵᠢᠨ ᠪᠠᠭ᠋ᠠᠵᠢ ᠬᠡᠷᠡᠭᠰᠡᠯ ᠪᠠᠶ᠋ᠢᠬᠤ ᠬᠡᠷᠡᠭᠲᠡᠢ᠃
(ᠳᠥᠷᠪᠡ) ᠲᠤᠰᠬᠠᠢ ᠲᠤᠰᠢᠶᠠᠯᠲᠤ ᠪᠣᠶᠣ ᠲᠤᠰᠢᠶᠠᠯ ᠬᠠᠪᠰᠤᠷᠭ᠋ᠠᠭᠰᠠᠨ ᠵᠣᠬᠢᠬᠤ ᠬᠢᠷᠢ ᠭᠡᠮ᠎ᠲᠠᠢ ᠠᠮᠤ ᠪᠤᠳᠠᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠴᠢ᠂ ᠰᠠᠩ ᠬᠠᠮᠢᠶᠠᠷᠤᠭᠴᠢ ᠪᠠ ᠲᠤᠭ᠎ᠠ ᠪᠦᠷᠢᠳᠭᠡᠭᠴᠢ ᠪᠠᠶ᠋ᠢᠬᠤ ᠬᠡᠷᠡᠭᠲᠡᠢ᠃
(ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠦᠬᠦᠴᠡᠯ᠃
ᠨᠠᠢ᠍ᠮᠠᠳᠤᠭ᠋ᠠᠷ ᠵᠦᠢ᠍ᠯ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠭᠤᠶᠤᠴᠢᠯᠠᠭᠰᠠᠨ ᠡᠵᠡᠩᠨᠡᠭᠴᠢ᠎ᠨᠢ ᠠᠵᠤ ᠦᠢ᠍ᠯᠡᠳᠪᠦᠷᠢ ᠬᠤᠳᠠᠯᠳᠤᠭ᠎ᠠ ᠵᠢᠨ ᠳᠠᠩᠰᠠᠯᠠᠯ᠎ᠢ ᠭᠦᠢ᠍ᠴᠡᠳᠭᠡᠬᠦ ᠰᠠᠯᠠᠭ᠎ᠠ ᠮᠦᠴᠢᠷ᠎ᠤᠨ ᠠᠳᠠᠯᠢ ᠱᠠᠲᠤᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠢ᠄
(ᠨᠢᠭᠡ) ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ᠎ᠤᠨ ᠭᠤᠶᠤᠴᠢᠯᠠᠯ᠎ᠤᠨ ᠬᠦᠰᠦᠨᠦᠭᠲᠦ᠃
(ᠬᠤᠶᠠᠷ) ᠬᠠᠤᠯᠢ᠎ᠪᠠᠷ ᠲᠣᠭᠲᠠᠭ᠋ᠠᠭᠰᠠᠨ ᠲᠦᠯᠦᠭᠡᠯᠡᠭᠴᠢ ᠪᠤᠶᠤ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠪᠡᠶ᠎ᠡ ᠵᠢᠨ ᠦᠨᠡᠮᠯᠡᠯ᠎ᠤᠨ ᠬᠠᠭᠤᠯᠪᠤᠷᠢ᠃
(ᠭᠤᠷᠪᠠ) ᠡᠵᠡᠩᠨᠡᠯᠲᠡ ᠵᠢᠨ ᠦᠨᠡᠮᠯᠡᠯ ᠪᠤᠶᠤ 《ᠠᠵᠤ ᠠᠬᠤᠶ᠋ᠢᠯᠠᠯ᠎ᠤᠨ ᠨᠡᠷᠡᠶ᠋ᠢᠳᠦᠯ᠎ᠢ ᠤᠷᠢᠳᠴᠢᠯᠠᠨ ᠬᠠᠷᠭᠤᠭᠤᠯᠤᠨ ᠵᠥᠪᠰᠢᠶᠡᠷᠡᠬᠦ ᠮᠡᠳᠡᠭᠳᠡᠯ᠎ᠤᠨ ᠪᠢᠴᠢᠭ》᠎ᠤᠨ ᠬᠠᠭᠤᠯᠪᠤᠷᠢ᠃
(ᠳᠥᠷᠪᠡ) ᠬᠦᠷᠦᠩᠭᠡ ᠢᠲᠡᠭᠡᠮᠵᠢ ᠵᠢᠨ ᠭᠡᠷᠡᠴᠢ ᠪᠤᠶᠤ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠠᠳᠠᠭ᠋ᠠᠯᠠᠮᠵᠢ ᠵᠢᠨ ᠭᠡᠷᠡᠴᠢ᠃
(ᠲᠠᠪᠤ) ᠬᠦᠮᠦᠷᠭᠡᠯᠡᠨ ᠬᠠᠳᠠᠭ᠋ᠠᠯᠠᠬᠤ ᠪᠡᠯᠡᠳᠭᠡᠮᠵᠢ ᠵᠢᠨ ᠦᠮᠴᠢᠯᠡᠬᠦ ᠡᠷᠬᠡ ᠵᠢᠨ ᠭᠡᠷᠡᠴᠢ ᠪᠣᠶᠣ ᠳᠦᠷᠢᠶᠡᠰᠦᠯᠡᠬᠦ ᠭᠡᠷ᠎ᠡ᠃
(ᠵᠢᠷᠭᠤᠭ᠎ᠠ) ᠬᠠᠤᠯᠢ᠎ᠪᠠᠷ ᠲᠣᠭᠲᠠᠭ᠋ᠠᠭᠰᠠᠨ ᠰᠢᠯᠭ᠋ᠠᠨ ᠪᠠᠶ᠋ᠢᠴᠠᠭ᠋ᠠᠵᠤ ᠬᠡᠮᠵᠢᠨ ᠲᠣᠭᠲᠠᠭ᠋ᠠᠬᠤ ᠪᠠᠶ᠋ᠢᠭᠤᠯᠤᠮᠵᠢ᠎ᠠᠴᠠ ᠭᠠᠷᠭ᠋ᠠᠭᠰᠠᠨ ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ ᠬᠡᠮᠵᠢᠭᠦᠷᠯᠢᠭ ᠪᠠ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ᠃
(ᠳᠤᠯᠤᠭ᠎ᠠ) ᠠᠮᠤ ᠪᠤᠳᠠᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠴᠢ᠂ ᠰᠠᠩ ᠬᠠᠮᠢᠶᠠᠷᠤᠭᠴᠢ ᠪᠠ ᠲᠤᠭ᠎ᠠ ᠪᠦᠷᠢᠳᠭᠡᠭᠴᠢ ᠵᠢᠨ ᠬᠢᠷᠢ ᠭᠡᠮ᠎ᠤᠨ ᠭᠡᠷᠡᠴᠢ ᠮᠠᠲ᠋ᠧᠷᠢᠶᠠᠯ᠃
(ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠮᠠᠲ᠋ᠧᠷᠢᠶᠠᠯ᠃
ᠶᠢᠰᠦᠳᠦᠭᠡᠷ ᠵᠦᠢ᠍ᠯ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ᠎ᠤᠨ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠵᠦ ᠠᠷᠪᠠᠨ ᠲᠠᠪᠤᠨ ᠠᠵᠢᠯᠯᠠᠬᠤ ᠡᠳᠦᠷ᠎ᠤᠨ ᠳᠤᠲᠤᠷ᠎ᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠬᠤ ᠬᠡᠷᠡᠭᠲᠡᠢ᠃ ᠨᠦᠬᠦᠴᠡᠯ᠎ᠳᠤ ᠨᠡᠶ᠋ᠢᠴᠡᠭᠰᠡᠨ᠎ᠳᠤᠨᠢ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ ᠣᠯᠭᠤᠵᠣ᠂ ᠨᠡᠶ᠋ᠢᠲᠡ᠎ᠳᠤ ᠵᠠᠷᠯᠠᠨ᠎ᠠ; ᠨᠦᠬᠦᠴᠡᠯ᠎ᠳᠤ ᠨᠡᠶ᠋ᠢᠴᠡᠭᠰᠡᠨ ᠦᠭᠡᠢ ᠪᠠᠶ᠋ᠢᠪᠠᠯ᠂ ᠰᠢᠯᠲᠠᠭ᠋ᠠᠨ᠎ᠢ᠎ᠨᠢ ᠪᠢᠴᠢᠭ ᠵᠶ᠋ᠡᠷ ᠲᠠᠶ᠋ᠢᠯᠪᠤᠷᠢᠯᠠᠬᠤ ᠬᠡᠷᠡᠭᠲᠡᠢ᠃
ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ᠎ᠢ ᠬᠢᠨᠠᠨ ᠬᠠᠷᠭᠤᠭᠤᠯᠬᠤ᠎ᠳᠠᠭᠠᠨ ᠭᠤᠶᠤᠴᠢᠯᠠᠭᠴᠢ ᠵᠢᠨ ᠡᠵᠡᠩᠨᠡᠯᠲᠡ ᠵᠢᠨ ᠲᠠᠯᠠᠪᠤᠷ᠂ ᠬᠦᠮᠦᠷᠭᠡᠯᠡᠨ ᠬᠠᠳᠠᠭ᠋ᠠᠯᠠᠬᠤ ᠪᠡᠯᠡᠳᠭᠡᠮᠵᠢ᠂ ᠪᠠᠶ᠋ᠢᠴᠠᠭ᠋ᠠᠵᠤ ᠰᠢᠨᠵᠢᠯᠡᠨ ᠰᠢᠯᠭ᠋ᠠᠬᠤ ᠬᠡᠮᠵᠢᠭᠦᠷᠯᠢᠭ ᠪᠣᠯᠣᠨ ᠬᠡᠮᠵᠢᠯᠲᠡ ᠵᠢᠨ ᠪᠠᠭ᠋ᠠᠵᠢ ᠬᠡᠷᠡᠭᠰᠡᠯ ᠵᠡᠷᠭᠡ ᠲᠥᠭᠦᠭᠡᠷᠦᠮᠵᠢ ᠵᠢ᠎ᠨᠢ ᠪᠤᠳᠠᠳᠤ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠬᠤ ᠬᠡᠷᠡᠭᠲᠡᠢ᠃
ᠠᠷᠪᠠᠳᠤᠭ᠋ᠠᠷ ᠵᠦᠢ᠍ᠯ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠷᠪᠡᠨ ᠵᠢᠯ ᠪᠣᠯᠣᠨ᠎ᠠ᠃ ᠬᠦᠴᠦᠨ᠎ᠲᠠᠢ ᠬᠤᠭᠤᠴᠠᠭ᠋ᠠᠨ᠎ᠳᠤ ᠵᠥᠪᠰᠢᠶᠡᠷᠡᠭᠳᠡᠭᠴᠢ᠎ᠠᠴᠠ ᠵᠥᠪᠰᠢᠶᠡᠷᠡᠯ᠎ᠤᠨ ᠵᠦᠢ᠍ᠯᠡᠰ᠎ᠢ ᠬᠤᠪᠢᠷᠠᠭᠤᠯᠬᠤ ᠭᠡᠪᠡᠯ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠭᠰᠠᠨ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠵᠤ᠂ ᠬᠠᠤᠯᠢ᠎ᠪᠠᠷ ᠲᠣᠭᠲᠠᠭᠰᠠᠨ ᠨᠦᠬᠦᠴᠡᠯ᠎ᠳᠤ ᠨᠡᠶ᠋ᠢᠴᠡᠭᠰᠡᠨ᠎ᠳᠤᠨᠢ᠂ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠬᠤᠪᠢᠷᠠᠭᠤᠯᠬᠤ ᠭᠠᠷᠳᠠᠮ᠎ᠢ ᠬᠠᠤᠯᠢ ᠶᠤᠰᠤᠭ᠋ᠠᠷ ᠭᠦᠢ᠍ᠴᠡᠳᠭᠡᠵᠦ ᠥᠭᠬᠦ ᠬᠡᠷᠡᠭᠲᠡᠢ᠃
ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠤᠭᠰᠠᠨ᠎ᠤ ᠳᠠᠷᠠᠭ᠎ᠠ ᠦᠷᠭᠦᠯᠵᠢᠯᠡᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠵᠢ ᠡᠷᠬᠢᠯᠡᠬᠦ ᠴᠢᠬᠤᠯᠠᠲᠠᠢ ᠪᠠᠶ᠋ᠢᠪᠠᠯ᠂ ᠬᠦᠴᠦᠨ᠎ᠲᠠᠢ ᠬᠤᠭᠤᠴᠠᠭ᠎ᠠ᠎ᠨᠢ ᠳᠠᠭᠤᠰᠬᠤ᠎ᠠᠴᠠ ᠭᠤᠴᠢᠨ ᠡᠳᠦᠷ᠎ᠤᠨ ᠡᠮᠦᠨ᠎ᠡ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠣᠭᠲᠠᠭ᠋ᠠᠯ ᠭᠠᠷᠭ᠋ᠠᠭᠰᠠᠨ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠬᠤ ᠬᠡᠷᠡᠭᠲᠡᠢ᠃ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠭᠤᠶᠤᠴᠢᠯᠠᠯ᠎ᠢ ᠦᠨᠳᠦᠰᠦᠯᠡᠵᠦ᠂ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠬᠤ᠎ᠠᠴᠠ ᠡᠮᠦᠨ᠎ᠡ ᠦᠷᠭᠦᠯᠵᠢᠯᠡᠭᠦᠯᠬᠦ᠎ᠪᠠᠷ ᠵᠥᠪᠰᠢᠶᠡᠷᠡᠬᠦ ᠡᠰᠡᠬᠦ ᠵᠢᠨ ᠲᠣᠭᠲᠠᠭ᠋ᠠᠯ ᠭᠠᠷᠭ᠋ᠠᠬᠤ ᠬᠡᠷᠡᠭᠲᠡᠢ᠂ ᠬᠤᠭᠤᠴᠠᠭ᠎ᠠ᠎ᠨᠢ ᠬᠡᠲᠦᠷᠡᠭᠡᠳ ᠲᠣᠭᠲᠠᠭ᠋ᠠᠯ ᠭᠠᠷᠭ᠋ᠠᠭᠰᠠᠨ ᠦᠭᠡᠢ ᠪᠠᠶ᠋ᠢᠪᠠᠯ᠂ ᠦᠷᠭᠦᠯᠵᠢᠯᠡᠭᠦᠯᠬᠦ ᠵᠢ ᠵᠥᠪᠰᠢᠶᠡᠷᠡᠭᠰᠡᠨ ᠵᠶ᠋ᠠᠷ ᠦᠵᠡᠨ᠎ᠡ᠃
ᠠᠮᠤ ᠪᠤᠳᠠᠭ᠎ᠠ ᠵᠢᠨ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠠᠭᠤᠰᠤᠭᠰᠠᠨ᠎ᠳᠤ ᠭᠤᠶᠤᠴᠢᠯᠠᠯ ᠭᠠᠷᠭ᠋ᠠᠭᠰᠠᠨ ᠦᠭᠡᠢ ᠪᠣᠯ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠲᠡᠭᠦᠨ᠎ᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠦᠴᠦᠨ ᠦᠭᠡᠢ ᠪᠣᠯᠭ᠋ᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠤᠯᠤᠰ᠎ᠤᠨ ᠲᠣᠭᠲᠠᠭ᠋ᠠᠭᠰᠠᠨ ᠬᠡᠪ ᠬᠡᠯᠪᠡᠷᠢ᠎ᠪᠠᠷ ᠨᠢᠭᠡᠲᠦᠯᠲᠡᠢ ᠳᠠᠷᠤᠮᠠᠯᠯᠠᠨ ᠵᠣᠬᠢᠶᠠᠬᠤ ᠬᠡᠷᠡᠭᠲᠡᠢ᠃
ᠶᠠᠮᠠᠷᠪᠠ ᠨᠢᠭᠡᠴᠡ ᠪᠠ ᠬᠤᠪᠢ ᠬᠦᠮᠦᠨ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠢ ᠬᠠᠭᠤᠷᠮᠠᠭ ᠵᠶ᠋ᠠᠷ ᠵᠣᠬᠢᠶᠠᠬᠤ᠂ ᠪᠠᠯᠠᠯᠤᠨ ᠬᠤᠪᠢᠷᠠᠭᠤᠯᠬᠤ᠂ ᠫᠠᠨᠽᠠᠯᠠᠬᠤ᠂ ᠰᠢᠯᠵᠢᠭᠦᠯᠦᠨ ᠥᠭᠬᠦ᠂ ᠳᠦᠷᠢᠶᠡᠰᠦᠯᠡᠭᠦᠯᠬᠦ ᠪᠠ ᠵᠢᠭᠡᠯᠡᠭᠦᠯᠵᠦ ᠪᠣᠯᠬᠤ ᠦᠭᠡᠢ᠃
ᠠᠷᠪᠠᠨ ᠬᠤᠶᠠᠳᠤᠭ᠋ᠠᠷ ᠵᠦᠢ᠍ᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶ᠋ᠢᠭ᠎ᠠ ᠡᠵᠡᠩᠨᠡᠭᠴᠢ ᠳᠣᠣᠷᠠᠬᠢ ᠲᠣᠭᠲᠠᠭ᠋ᠠᠯ᠎ᠤᠳ᠎ᠢ ᠵᠢᠷᠤᠮᠯᠡᠨ ᠰᠠᠬᠢᠬᠤ ᠬᠡᠷᠡᠭᠲᠡᠢ᠄
(ᠨᠢᠭᠡ) ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ᠎ᠲᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ ᠪᠠ ᠡᠵᠡᠩᠨᠡᠯᠲᠡ ᠵᠢᠨ ᠦᠨᠡᠮᠯᠡᠯ ᠵᠶ᠋ᠠᠨ ᠲᠤᠳᠤᠷᠬᠠᠢ ᠦᠵᠡᠭᠦᠯᠬᠦ ᠬᠡᠷᠡᠭᠲᠡᠢ᠃
(ᠬᠤᠶᠠᠷ) ᠠᠮᠤ ᠪᠤᠳᠠᠭ᠎ᠠ ᠬᠤᠳᠠᠯᠳᠤᠭᠴᠢ᠎ᠳᠤ ᠮᠡᠳᠡᠭᠳᠡᠬᠦ ᠪᠤᠶᠤ ᠬᠤᠳᠠᠯᠳᠤᠨ ᠠᠪᠬᠤ ᠲᠠᠯᠠᠪᠤᠷ᠎ᠲᠤ ᠬᠤᠳᠠᠯᠳᠤᠨ ᠠᠪᠬᠤ ᠠᠮᠤ ᠪᠤᠳᠠᠭ᠎ᠠ ᠵᠢᠨ ᠲᠦᠷᠦᠯ ᠵᠦᠢ᠍ᠯ᠂ ᠶᠠᠰᠤ ᠴᠢᠨᠠᠷ᠎ᠤᠨ ᠪᠠᠷᠢᠮᠵᠢᠶ᠎ᠠ ᠪᠠ ᠬᠤᠳᠠᠯᠳᠤᠨ ᠠᠪᠬᠤ ᠦᠨ᠎ᠡ ᠬᠠᠩᠰᠢ ᠵᠢ ᠨᠡᠶ᠋ᠢᠲᠡ᠎ᠳᠤ ᠵᠠᠷᠯᠠᠬᠤ ᠬᠡᠷᠡᠭᠲᠡᠢ᠃
(ᠭᠤᠷᠪᠠ) ᠤᠯᠤᠰ᠎ᠤᠨ ᠠᠮᠤ ᠪᠤᠳᠠᠭ᠎ᠠ ᠵᠢᠨ ᠶᠠᠰᠤ ᠴᠢᠨᠠᠷ᠎ᠤᠨ ᠪᠠᠷᠢᠮᠵᠢᠶ᠎ᠠ ᠵᠢ ᠬᠡᠷᠡᠭᠵᠢᠭᠦᠯᠵᠦ᠂ ᠴᠢᠨᠠᠷ ᠵᠶ᠋ᠠᠷ ᠦᠨ᠎ᠡ ᠬᠠᠩᠰᠢ ᠵᠢ ᠶᠠᠷᠢᠯᠴᠠᠨ᠂ ᠲᠠᠷᠢᠶᠠᠴᠢᠳ ᠪᠠ ᠠᠮᠤ ᠪᠤᠳᠠᠭ᠎ᠠ ᠦᠢ᠍ᠯᠡᠳᠪᠦᠷᠢᠯᠡᠭᠴᠢᠳ᠎ᠤᠨ ᠠᠰᠢᠭ ᠲᠤᠰᠠ ᠵᠢ ᠬᠤᠬᠢᠷᠠᠭᠤᠯᠤᠨ ᠬᠦᠨᠦᠭᠡᠵᠦ ᠪᠣᠯᠬᠤ ᠦᠭᠡᠢ᠃
(ᠳᠥᠷᠪᠡ) ᠠᠮᠤ ᠪᠤᠳᠠᠭ᠎ᠠ ᠬᠤᠳᠠᠯᠳᠤᠭᠴᠢ᠎ᠳᠤ ᠠᠮᠤ ᠪᠤᠳᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ᠎ᠪᠠᠨ ᠭᠠᠷᠭ᠋ᠠᠨ ᠦᠵᠡᠭᠦᠯᠬᠦ᠎ᠳᠡᠭᠡᠨ ᠬᠤᠳᠠᠯᠳᠤᠨ ᠠᠪᠬᠤ ᠠᠮᠤ ᠪᠤᠳᠠᠭ᠎ᠠ ᠵᠢᠨ ᠲᠦᠷᠦᠯ ᠵᠦᠢ᠍ᠯ᠂ ᠵᠡᠷᠭᠡ ᠳᠡᠰ᠂ ᠦᠨ᠎ᠡ ᠬᠠᠩᠰᠢ᠂ ᠲᠤᠭ᠎ᠠ ᠬᠡᠮᠵᠢᠶ᠎ᠡ ᠪᠣᠯᠣᠨ ᠵᠤᠭᠤᠰᠤᠨ᠎ᠤ ᠲᠤᠭ᠎ᠠ ᠵᠢ ᠲᠤᠳᠤᠷᠬᠠᠢ ᠲᠡᠮᠲᠡᠭᠯᠡᠬᠦ ᠬᠡᠷᠡᠭᠲᠡᠢ᠃
(ᠲᠠᠪᠤ) ᠠᠮᠤ ᠪᠤᠳᠠᠭ᠎ᠠ ᠬᠤᠳᠠᠯᠳᠤᠭᠴᠢ᠎ᠳᠤ ᠠᠮᠤ ᠪᠤᠳᠠᠭ᠎ᠠ ᠬᠤᠳᠠᠯᠳᠤᠭᠰᠠᠨ ᠵᠤᠭᠤᠰ᠎ᠢ ᠴᠠᠭ ᠲᠣᠬᠠᠢᠳᠤᠨᠢ ᠥᠭᠴᠦ᠂ ᠦᠷᠢᠲᠦᠵᠦ ᠪᠣᠯᠬᠤ ᠦᠭᠡᠢ᠃
(ᠵᠢᠷᠭᠤᠭ᠎ᠠ) ᠶᠠᠮᠠᠷᠪᠠ ᠵᠣᠬᠢᠶᠠᠨ ᠪᠠᠶ᠋ᠢᠭᠤᠯᠤᠯᠲᠠ ᠪᠣᠶᠣ ᠬᠤᠪᠢ ᠬᠦᠮᠦᠨ᠎ᠤ ᠨᠠᠶ᠋ᠢᠳᠠᠯᠭ᠎ᠠ ᠵᠢ ᠬᠦᠯᠢᠶᠡᠵᠦ ᠠᠯᠢᠪᠠ ᠭᠠᠶ᠋ᠢᠯᠢ᠂ ᠵᠠᠷᠤᠳᠠᠯ ᠪᠣᠯᠣᠨ ᠪᠤᠰᠤᠳ ᠵᠤᠭᠤᠰᠤᠨ᠎ᠤ ᠵᠦᠢ᠍ᠯ᠎ᠢ ᠣᠷᠤᠯᠠᠨ ᠰᠠᠭᠤᠳᠬᠠᠬᠤ᠂ ᠣᠷᠤᠯᠠᠨ ᠲᠤᠰᠢᠶᠠᠵᠤ ᠪᠣᠯᠬᠤ ᠦᠭᠡᠢ᠃
(ᠳᠣᠯᠤᠭ᠎ᠠ) ᠬᠠᠤᠯᠢ᠎ᠪᠠᠷ ᠲᠣᠭᠲᠠᠭ᠋ᠠᠭᠰᠠᠨ ᠰᠢᠯᠭ᠋ᠠᠨ ᠪᠠᠶ᠋ᠢᠴᠠᠭ᠋ᠠᠵᠤ ᠬᠡᠮᠵᠢᠨ ᠲᠣᠭᠲᠠᠭ᠋ᠠᠬᠤ ᠪᠠᠶ᠋ᠢᠭᠤᠯᠤᠮᠵᠢ᠎ᠠᠴᠠ ᠪᠠᠶ᠋ᠢᠴᠠᠭ᠋ᠠᠳ ᠬᠢᠷᠢ ᠲᠡᠩᠴᠡᠭᠰᠡᠨ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠬᠡᠷᠡᠭᠯᠡᠬᠦ ᠬᠡᠷᠡᠭᠲᠡᠢ᠃
(ᠨᠠᠢ᠍ᠮᠠ) ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠠᠶ᠋ᠢᠳᠠᠯᠭ᠎ᠠ ᠵᠢ ᠬᠦᠯᠢᠶᠡᠵᠦ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠮᠤ ᠪᠤᠳᠠᠭ᠎ᠠ ᠵᠢ ᠬᠤᠳᠠᠯᠳᠤᠨ ᠠᠪᠬᠤ ᠬᠡᠷᠡᠭᠲᠡᠢ᠃
(ᠶᠢᠰᠦ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ᠃
ᠠᠷᠪᠠᠨ ᠭᠤᠷᠪᠠᠳᠤᠭ᠋ᠠᠷ ᠵᠦᠢ᠍ᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶ᠋ᠢᠭ᠎ᠠ ᠡᠵᠡᠩᠨᠡᠭᠴᠢ ᠬᠤᠰᠢᠭᠤ ᠰᠢᠶᠠᠨ ᠠᠯᠤᠰᠯᠠᠨ ᠠᠮᠤ ᠪᠤᠳᠠᠭ᠎ᠠ ᠬᠤᠳᠠᠯᠳᠤᠨ ᠠᠪᠬᠤ᠎ᠳᠤ᠂ ᠠᠮᠤ ᠪᠤᠳᠠᠭ᠎ᠠ ᠬᠤᠳᠠᠯᠳᠤᠨ ᠠᠪᠬᠤ ᠬᠦᠴᠦᠨ᠎ᠲᠠᠢ ᠵᠥᠪᠰᠢᠶᠡᠷᠡᠯ᠎ᠤᠨ ᠦᠨᠡᠮᠯᠡᠯ᠎ᠤᠨ ᠬᠠᠭᠤᠯᠪᠤᠷᠢ ᠳᠡᠪᠲᠡᠷ ᠪᠠ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠲᠠᠢ ᠪᠠᠶ᠋ᠢᠬᠤ ᠵᠢᠨ ᠬᠠᠮᠲᠤ᠂ ᠬᠤᠳᠠᠯᠳᠤᠵᠤ ᠠᠪᠤᠭᠰᠠᠨ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠠᠮᠤ ᠪᠤᠳᠠᠭ᠎ᠠ ᠬᠤᠳᠠᠯᠳᠤᠵᠤ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶ᠋ᠢᠳᠠᠯ ᠊ᠶᠢᠢ᠍ᠡᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠬᠦ ᠬᠡᠷᠡᠭᠲᠡᠢ᠃
ᠠᠷᠪᠠᠨ ᠳᠦᠷᠪᠡᠳᠦᠭᠡᠷ ᠵᠦᠢ᠍ᠯ ᠠᠮᠤ ᠪᠤᠳᠠᠭ᠎ᠠ ᠪᠤᠷᠤᠯᠠᠭᠤᠯᠬᠤ ᠠᠵᠢᠯᠯᠠᠭ᠎ᠠ ᠡᠷᠬᠢᠯᠡᠵᠦ ᠪᠠᠶ᠋ᠢᠭ᠎ᠠ ᠡᠵᠡᠩᠨᠡᠭᠴᠢ ᠳᠣᠣᠷᠠᠬᠢ ᠲᠣᠭᠲᠠᠭ᠋ᠠᠯ᠎ᠤᠳ᠎ᠢ ᠵᠢᠷᠤᠮᠯᠡᠨ ᠰᠠᠬᠢᠬᠤ ᠬᠡᠷᠡᠭᠲᠡᠢ᠄
(ᠨᠢᠭᠡ) ᠠᠮᠤ ᠪᠤᠳᠠᠭ᠎ᠠ ᠵᠢᠨ ᠶᠠᠰᠤ ᠴᠢᠨᠠᠷ᠂ ᠡᠷᠡᠭᠦᠯ ᠬᠠᠮᠠᠭ᠋ᠠᠯᠠᠯ᠎ᠤᠨ ᠲᠣᠬᠠᠢ ᠤᠯᠤᠰ᠎ᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃
(ᠬᠤᠶᠠᠷ) ᠬᠡᠮᠵᠢᠶ᠎ᠡ ᠵᠢ᠎ᠨᠢ ᠳᠤᠲᠠᠭᠤᠯᠬᠤ᠂ ᠬᠤᠯᠢᠴᠠ ᠬᠢᠵᠦ ᠬᠠᠭᠤᠷᠮᠠᠭᠯᠠᠬᠤ᠂ ᠮᠠᠭᠤ᠎ᠪᠠᠷ ᠰᠠᠶ᠋ᠢᠨ᠎ᠢ ᠣᠷᠤᠯᠠᠭᠤᠯᠵᠤ ᠪᠣᠯᠬᠤ ᠦᠭᠡᠢ᠃
(ᠭᠤᠷᠪᠠ) ᠪᠤᠷᠤᠯᠠᠭᠤᠯᠵᠤ ᠪᠠᠶ᠋ᠢᠭ᠎ᠠ ᠠᠮᠤ ᠪᠤᠳᠠᠭ᠎ᠠ ᠵᠢ ᠲᠡᠭᠦᠨ᠎ᠢ ᠪᠣᠬᠢᠷᠳᠤᠭᠤᠯᠵᠤ ᠮᠡᠳᠡᠬᠦ ᠪᠤᠳᠠᠰᠯᠤᠭᠠ ᠢᠯᠭ᠋ᠠᠵᠤ ᠲᠠᠯᠪᠢᠬᠤ ᠬᠡᠷᠡᠭᠲᠡᠢ᠃
(ᠳᠥᠷᠪᠡ) ᠬᠤᠷᠠᠮᠳᠤᠭᠤᠯᠤᠨ ᠳᠠᠷᠤᠵᠤ ᠵᠠᠪᠰᠢᠨ ᠰᠠᠷᠢᠭ᠋ᠠᠯᠠᠬᠤ᠂ ᠠᠵᠢᠯ ᠨᠢᠭᠡᠲᠡᠨ ᠵᠶ᠋ᠠᠨ ᠳᠠᠷᠤᠯᠠᠵᠤ ᠵᠠᠬ᠎ᠠ ᠳᠡᠯᠭᠡᠭᠦᠷ᠎ᠢ ᠡᠵᠡᠷᠬᠡᠬᠦ᠂ ᠭᠠᠭᠴᠠ᠎ᠪᠠᠷ ᠡᠵᠡᠮᠰᠢᠬᠦ ᠪᠤᠶᠤ ᠠᠮᠤ ᠪᠤᠳᠠᠭ᠎ᠠ ᠵᠢᠨ ᠦᠨ᠎ᠡ ᠬᠠᠩᠰᠢ ᠵᠢ ᠡᠷᠬᠡᠰᠢᠶᠡᠵᠦ ᠪᠣᠯᠬᠤ ᠦᠭᠡᠢ᠃
(ᠲᠠᠪᠤ) ᠪᠣᠷᠤᠯᠠᠭᠤᠯᠤᠬ᠍ᠴᠢᠳ ᠠᠮᠤ ᠪᠤᠳᠠᠭ᠎ᠠ ᠵᠢᠨ ᠬᠤᠷᠣᠬᠠᠶ᠋ᠢᠲᠤᠬᠤᠠᠴᠠ ᠰᠡᠷᠭᠡᠶ᠋ᠢᠯᠡᠬᠦ᠂ ᠬᠤᠯᠤᠭ᠋ᠠᠨ᠎ᠠ᠎ᠠᠴᠠ ᠬᠠᠮᠠᠭ᠋ᠠᠯᠠᠬᠤ᠂ ᠬᠦᠬᠡᠴᠦᠷᠡᠬᠦᠠᠴᠠ ᠰᠡᠷᠭᠡᠶ᠋ᠢᠯᠡᠬᠦ᠂ ᠪᠤᠬᠢᠷᠳᠤᠯ᠎ᠠᠴᠠ ᠰᠡᠷᠭᠡᠶ᠋ᠢᠯᠡᠬᠦ ᠵᠡᠷᠭᠡ ᠶᠡᠷᠦ ᠵᠢᠨ ᠮᠡᠳᠡᠯᠭᠡ ᠵᠢ ᠰᠠᠶ᠋ᠢᠨ ᠣᠶ᠋ᠢᠯᠠᠭ᠋ᠠᠵᠤ᠂ ᠠᠮᠤ ᠪᠤᠳᠠᠭ᠎ᠠ ᠵᠢᠨ ᠶᠠᠰᠤ ᠴᠢᠨᠠᠷ᠎ᠢ ᠢᠯᠭ᠋ᠠᠨ ᠲᠠᠨᠢᠵᠤ ᠴᠢᠳᠠᠬᠤ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠢ᠃
(ᠵᠢᠷᠭᠤᠭ᠎ᠠ) ᠴᠠᠶ᠋ᠢᠯᠭ᠋ᠠᠭᠰᠠᠨ ᠠᠮᠤ ᠪᠣᠷᠤᠯᠠᠭᠤᠯᠤᠭᠴᠢ᠎ᠨᠢ ᠡᠷᠡᠭᠦᠯ ᠮᠡᠨᠳᠦ ᠵᠢᠨ ᠬᠢᠷᠢ ᠲᠡᠩᠴᠡᠭᠰᠡᠨ ᠭᠡᠷᠡᠴᠢ᠎ᠲᠠᠢ ᠪᠠᠶ᠋ᠢᠬᠤ ᠬᠡᠷᠡᠭᠲᠡᠢ᠃
(ᠳᠤᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ᠃
ᠠᠷᠪᠠᠨ ᠲᠠᠪᠤᠳᠤᠭ᠋ᠠᠷ ᠵᠦᠢ᠍ᠯ ᠠᠮᠤ ᠪᠤᠳᠠᠭ᠎ᠠ ᠬᠠᠳᠠᠭ᠋ᠠᠯᠠᠬᠤ ᠠᠵᠢᠯᠯᠠᠭ᠎ᠠ ᠵᠢ ᠡᠷᠬᠢᠯᠡᠵᠦ ᠪᠠᠶ᠋ᠢᠭ᠎ᠠ ᠡᠵᠡᠩᠨᠡᠭᠴᠢ ᠳᠣᠣᠷᠠᠬᠢ ᠲᠣᠭᠲᠠᠭ᠋ᠠᠯ᠎ᠤᠳ᠎ᠢ ᠵᠢᠷᠤᠮᠯᠡᠨ ᠰᠠᠬᠢᠬᠤ ᠬᠡᠷᠡᠭᠲᠡᠢ᠄
(ᠨᠢᠭᠡ) ᠬᠦᠮᠦᠷᠭᠡᠯᠡᠨ ᠬᠠᠳᠠᠭ᠋ᠠᠯᠠᠬᠤ ᠪᠡᠯᠡᠳᠭᠡᠮᠵᠢ᠎ᠨᠢ ᠤᠯᠤᠰ᠎ᠤᠨ ᠠᠮᠤ ᠪᠤᠳᠠᠭ᠎ᠠ ᠬᠠᠳᠠᠭ᠋ᠠᠯᠠᠬᠤ ᠶᠠᠰᠤ ᠴᠢᠨᠠᠷ᠂ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
(ᠬᠤᠶᠠᠷ) ᠠᠮᠤ ᠪᠤᠳᠠᠭ᠎ᠠ ᠵᠢ ᠲᠡᠭᠦᠨ᠎ᠢ ᠪᠣᠬᠢᠷᠳᠤᠭᠤᠯᠵᠤ ᠮᠡᠳᠡᠬᠦ ᠪᠤᠳᠠᠰᠯᠤᠭᠠ ᠬᠠᠮᠲᠤ ᠬᠠᠳᠠᠭ᠋ᠠᠯᠠᠵᠤ ᠪᠣᠯᠬᠤ ᠦᠭᠡᠢ᠃
(ᠭᠤᠷᠪᠠ) ᠬᠦᠬᠡᠴᠦᠷᠡᠭᠰᠡᠨ ᠪᠠ ᠡᠪᠡᠳᠴᠢᠨ ᠬᠤᠷᠤᠬᠠᠢ ᠵᠢᠨ ᠬᠦᠨᠦᠭᠡᠯ᠎ᠨᠢ ᠤᠯᠤᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠠᠮᠤ ᠪᠤᠳᠠᠭ᠎ᠠ ᠵᠢ ᠠᠰᠲᠤᠨᠢ ᠬᠠᠳᠠᠭ᠋ᠠᠯᠠᠬᠤ ᠵᠢᠨ ᠬᠠᠮᠲᠤ᠂ ᠤᠯᠤᠰ᠎ᠤᠨ ᠲᠣᠭᠲᠠᠭ᠋ᠠᠯ ᠶᠤᠰᠤᠭ᠋ᠠᠷ ᠪᠤᠷᠤᠯᠠᠭᠤᠯᠬᠤ ᠪᠣᠶᠣ ᠤᠰᠠᠳᠬᠠᠬᠤ ᠬᠡᠷᠡᠭᠲᠡᠢ᠃
(ᠳᠥᠷᠪᠡ) ᠬᠦᠮᠦᠷᠭᠡᠯᠡᠨ ᠬᠠᠳᠠᠭ᠋ᠠᠯᠠᠬᠤ ᠪᠡᠯᠡᠳᠭᠡᠮᠵᠢ ᠵᠢ ᠠᠷᠢᠭᠤᠳᠬᠠᠬᠤ᠂ ᠠᠮᠤ ᠪᠤᠳᠠᠭ᠎ᠠ ᠵᠢᠨ ᠬᠤᠷᠣᠬᠠᠢ ᠵᠢᠨ ᠬᠦᠨᠦᠭᠡᠯ ᠪᠠ ᠬᠦᠬᠡᠴᠦ ᠵᠢ ᠰᠡᠷᠭᠡᠶ᠋ᠢᠯᠡᠨ ᠵᠠᠰᠠᠬᠤ᠂ ᠬᠤᠯᠤᠭ᠋ᠠᠨ᠎ᠠ ᠵᠢ ᠤᠰᠠᠳᠬᠠᠬᠤ ᠵᠡᠷᠭᠡ᠎ᠳᠤ ᠤᠯᠤᠰ᠎ᠤᠨ ᠲᠣᠭᠲᠠᠭ᠋ᠠᠭᠰᠠᠨ ᠲᠦᠷᠦᠯ ᠵᠦᠢ᠍ᠯ᠎ᠠᠴᠠ ᠪᠤᠰᠤᠳ ᠬᠢᠮᠢ ᠵᠢᠨ ᠡᠮ ᠨᠠᠶ᠋ᠢᠷᠠᠯᠭ᠎ᠠ ᠵᠢ ᠬᠡᠷᠡᠭᠯᠡᠬᠦ ᠪᠣᠶᠣ ᠬᠢᠮᠢ ᠵᠢᠨ ᠡᠮ ᠨᠠᠶ᠋ᠢᠷᠠᠯᠭ᠎ᠠ ᠵᠢ ᠬᠡᠮᠵᠢᠶ᠎ᠠ᠎ᠠᠴᠠ᠎ᠨᠢ ᠬᠡᠲᠦᠷᠡᠭᠦᠯᠦᠨ ᠬᠡᠷᠡᠭᠯᠡᠵᠦ ᠪᠣᠯᠬᠤ ᠦᠭᠡᠢ᠃ ᠡᠮ ᠨᠠᠶ᠋ᠢᠷᠠᠯᠭ᠎ᠠ ᠵᠢᠨ ᠦᠯᠡᠳᠡᠴᠡ᠎ᠨᠢ ᠤᠯᠤᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠠᠮᠤ ᠪᠤᠳᠠᠭ᠎ᠠ ᠵᠢ ᠠᠰᠲᠤᠨᠢ ᠪᠢᠲᠡᠭᠦᠮᠵᠢᠯᠡᠨ ᠬᠠᠳᠠᠭ᠋ᠠᠯᠠᠬᠤ ᠵᠢᠨ ᠬᠠᠮᠲᠤ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠤᠰᠤᠭ᠋ᠠᠷ ᠰᠢᠢ᠍ᠳᠪᠦᠷᠢᠯᠡᠬᠦ ᠬᠡᠷᠡᠭᠲᠡᠢ᠃
(ᠲᠠᠪᠤ) ᠤᠯᠤᠰ᠎ᠤᠨ ᠲᠣᠭᠲᠠᠭ᠋ᠠᠯ ᠶᠤᠰᠤᠭ᠋ᠠᠷ ᠠᠮᠤ ᠪᠤᠳᠠᠭ᠎ᠠ ᠬᠠᠳᠠᠭ᠋ᠠᠯᠠᠬᠤ ᠬᠢᠮᠢ ᠵᠢᠨ ᠡᠮ ᠨᠠᠶ᠋ᠢᠷᠠᠯᠭ᠎ᠠ ᠵᠢ ᠠᠶᠤᠯ ᠦᠭᠡᠢ᠎ᠪᠠᠷ ᠬᠠᠳᠠᠭ᠋ᠠᠯᠠᠵᠤ ᠬᠠᠮᠢᠶᠠᠷᠬᠤ ᠪᠠ ᠠᠶᠣᠯ ᠦᠭᠡᠢ ᠬᠡᠷᠡᠭᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃
(ᠵᠢᠷᠭᠤᠭ᠎ᠠ) ᠬᠡᠪ᠎ᠤᠨ ᠬᠠᠳᠠᠭ᠋ᠠᠯᠠᠬᠤ ᠬᠤᠭᠤᠴᠠᠭ᠋ᠠᠨ᠎ᠳᠤ ᠪᠠᠶ᠋ᠢᠭ᠎ᠠ ᠠᠮᠤ ᠪᠤᠳᠠᠭ᠎ᠠ ᠵᠢ ᠬᠦᠮᠦᠷᠭᠡ᠎ᠠᠴᠠ ᠭᠠᠷᠭ᠋ᠠᠬᠤ᠎ᠳᠤ ᠡᠵᠡᠩᠨᠡᠭᠴᠢ᠎ᠠᠴᠠ ᠦᠪᠡᠰᠦᠪᠡᠨ ᠪᠠᠶ᠋ᠢᠴᠠᠭ᠋ᠠᠨ ᠰᠢᠯᠭ᠋ᠠᠬᠤ ᠵᠢᠨ ᠬᠠᠮᠲᠤ᠂ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠭᠠᠷᠭ᠋ᠠᠵᠤ ᠥᠭᠭᠦᠨ᠎ᠡ; ᠬᠡᠪ᠎ᠤᠨ ᠬᠠᠳᠠᠭ᠋ᠠᠯᠠᠬᠤ ᠬᠤᠭᠤᠴᠠᠭ᠎ᠠ᠎ᠠᠴᠠ ᠬᠡᠲᠦᠷᠡᠭᠰᠡᠨ ᠠᠮᠤ ᠪᠤᠳᠠᠭ᠎ᠠ ᠵᠢ ᠬᠦᠮᠦᠷᠭᠡ᠎ᠠᠴᠠ ᠭᠠᠷᠭ᠋ᠠᠬᠤ᠎ᠳᠤ ᠠᠮᠤ ᠪᠤᠳᠠᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠬᠢᠷᠢ ᠭᠡᠮ᠎ᠲᠠᠢ ᠪᠠᠶ᠋ᠢᠭᠤᠯᠤᠮᠵᠢ᠎ᠠᠴᠠ ᠶᠠᠰᠤ ᠴᠢᠨᠠᠷ᠎ᠢ ᠰᠢᠯᠭ᠋ᠠᠨ ᠲᠣᠭᠲᠠᠭ᠋ᠠᠬᠤ ᠵᠢᠨ ᠬᠠᠮᠲᠤ᠂ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠭᠠᠷᠭ᠋ᠠᠵᠤ ᠥᠭᠬᠦ ᠬᠡᠷᠡᠭᠲᠡᠢ᠃
(ᠳᠤᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ᠃
ᠠᠷᠪᠠᠨ ᠵᠢᠷᠭᠤᠳᠤᠭ᠋ᠠᠷ ᠵᠦᠢ᠍ᠯ ᠠᠮᠤ ᠪᠤᠳᠠᠭ᠎ᠠ ᠪᠣᠷᠤᠯᠠᠭᠤᠯᠬᠤ᠂ ᠪᠣᠯᠪᠠᠰᠤᠷᠠᠭᠤᠯᠬᠤ ᠪᠠ ᠤᠯᠠᠷᠢᠭᠤᠯᠬᠤ ᠠᠵᠢᠯ᠎ᠢ ᠡᠷᠬᠢᠯᠡᠵᠦ ᠪᠠᠶ᠋ᠢᠭ᠎ᠠ ᠡᠵᠡᠩᠨᠡᠭᠴᠢ᠎ᠨᠢ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭ᠋ᠠᠯᠠᠬᠤ ᠵᠢ ᠡᠷᠬᠢᠯᠡᠵᠦ ᠪᠠᠶ᠋ᠢᠭ᠎ᠠ ᠡᠵᠡᠩᠨᠡᠭᠴᠢ᠎ᠠᠴᠠ ᠠᠮᠤ ᠪᠤᠳᠠᠭ᠎ᠠ ᠬᠤᠳᠠᠯᠳᠤᠨ ᠠᠪᠬᠤ᠎ᠳᠠᠭᠠᠨ ᠠᠮᠤ ᠪᠤᠳᠠᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠠᠪᠬᠤ ᠬᠡᠷᠡᠭᠲᠡᠢ᠃
ᠠᠷᠪᠠᠨ ᠳᠤᠯᠤᠳᠤᠭ᠋ᠠᠷ ᠵᠦᠢ᠍ᠯ ᠠᠮᠤ ᠪᠤᠳᠠᠭ᠎ᠠ ᠲᠡᠭᠡᠭᠡᠪᠦᠷᠢᠯᠡᠬᠦ᠎ᠳᠤ ᠤᠯᠤᠰ᠎ᠤᠨ ᠠᠮᠤ ᠪᠤᠳᠠᠭ᠎ᠠ ᠲᠡᠭᠡᠭᠡᠪᠦᠷᠢᠯᠡᠬᠦ ᠮᠡᠷᠭᠡᠵᠢᠯ᠎ᠤᠨ ᠵᠢᠷᠤᠮᠵᠢᠯ᠎ᠢ ᠴᠢᠩᠭ᠎ᠠ ᠬᠡᠷᠡᠭᠵᠢᠭᠦᠯᠵᠦ᠂ ᠪᠣᠬᠢᠷᠳᠤᠭᠰᠠᠨ ᠲᠡᠭᠡᠭᠡᠪᠦᠷᠢᠯᠡᠬᠦ ᠪᠠᠭ᠋ᠠᠵᠢ ᠪᠤᠶᠤ ᠪᠣᠭᠤᠳᠠᠯᠯᠠᠬᠤ ᠮᠠᠲ᠋ᠧᠷᠢᠶᠠᠯ ᠵᠶ᠋ᠠᠷ ᠠᠮᠤ ᠪᠤᠳᠠᠭ᠎ᠠ ᠵᠢ ᠲᠡᠭᠡᠭᠡᠪᠦᠷᠢᠯᠡᠵᠦ ᠪᠣᠯᠬᠤ ᠦᠭᠡᠢ᠃
ᠠᠷᠪᠠᠨ ᠨᠠᠢ᠍ᠮᠠᠳᠤᠭ᠋ᠠᠷ ᠵᠦᠢ᠍ᠯ ᠠᠮᠤ ᠪᠤᠳᠠᠭ᠎ᠠ ᠪᠣᠯᠪᠠᠰᠤᠷᠠᠭᠤᠯᠬᠤ ᠠᠵᠢᠯᠯᠠᠭ᠎ᠠ ᠵᠢ ᠡᠷᠬᠢᠯᠡᠵᠦ ᠪᠠᠶ᠋ᠢᠭ᠎ᠠ ᠡᠵᠡᠩᠨᠡᠭᠴᠢ ᠳᠣᠣᠷᠠᠬᠢ ᠲᠣᠭᠲᠠᠭ᠋ᠠᠯ᠎ᠤᠳ᠎ᠢ ᠵᠢᠷᠤᠮᠯᠠᠬᠤ ᠬᠡᠷᠡᠭᠲᠡᠢ᠄
(ᠨᠢᠭᠡ) ᠠᠮᠤ ᠪᠤᠳᠠᠭ᠎ᠠ ᠪᠣᠯᠪᠠᠰᠤᠷᠠᠭᠤᠯᠬᠤ ᠶᠠᠰᠤ ᠴᠢᠨᠠᠷ ᠪᠣᠯᠣᠨ ᠡᠷᠡᠭᠦᠯ ᠬᠠᠮᠠᠭ᠋ᠠᠯᠠᠯ᠎ᠢ ᠪᠠᠲᠤᠯᠠᠬᠤ᠎ᠳᠤ ᠬᠡᠷᠡᠭᠰᠡᠬᠦ ᠨᠦᠬᠦᠴᠡᠯ᠎ᠢ ᠪᠦᠷᠢᠯᠳᠦᠭᠦᠯᠬᠦ ᠵᠢᠨ ᠬᠠᠮᠲᠤ᠂ ᠵᠣᠬᠢᠬᠤ ᠬᠢᠷᠢ ᠭᠡᠮ᠎ᠲᠠᠢ ᠪᠠᠶ᠋ᠢᠬᠤ ᠬᠡᠷᠡᠭᠲᠡᠢ᠃
(ᠬᠤᠶᠠᠷ) ᠠᠮᠤ ᠪᠤᠳᠠᠭ᠎ᠠ ᠪᠣᠯᠪᠠᠰᠤᠷᠠᠭᠤᠯᠬᠤ ᠠᠵᠢᠯᠲᠠᠨ ᠡᠷᠡᠭᠦᠯ ᠮᠡᠨᠳᠦ ᠵᠢᠨ ᠬᠢᠷᠢ ᠲᠡᠩᠴᠡᠭᠰᠡᠨ ᠭᠡᠷᠡᠴᠢ᠎ᠲᠠᠢ ᠪᠠᠶ᠋ᠢᠬᠤ ᠬᠡᠷᠡᠭᠲᠡᠢ᠃
(ᠭᠤᠷᠪᠠ) ᠬᠦᠬᠡᠴᠦᠷᠡᠵᠦ ᠴᠢᠨᠠᠷ ᠵᠶ᠋ᠠᠨ ᠠᠯᠳᠠᠭᠰᠠᠨ ᠴᠠᠶ᠋ᠢᠯᠭ᠋ᠠᠭᠠ ᠦᠭᠡᠢ ᠠᠮᠤ᠂ ᠬᠤᠯᠢᠰᠢᠨ ᠢᠳᠡᠭᠡᠨ᠎ᠢ ᠬᠡᠷᠡᠭᠯᠡᠵᠦ ᠪᠣᠯᠪᠠᠰᠤᠷᠠᠭᠤᠯᠵᠤ ᠪᠣᠯᠬᠤ ᠦᠭᠡᠢ᠃
(ᠳᠥᠷᠪᠡ) ᠨᠡᠮᠡᠯᠲᠡ ᠡᠳ᠋᠎ᠢ ᠲᠣᠭᠲᠠᠭ᠋ᠠᠯ᠎ᠠᠴᠠ ᠵᠦᠷᠢᠴᠡᠨ ᠬᠡᠷᠡᠭᠯᠡᠵᠦ ᠪᠣᠯᠬᠤ ᠦᠭᠡᠢ᠃
(ᠲᠠᠪᠤ) ᠶᠠᠰᠤ ᠴᠢᠨᠠᠷ᠂ ᠡᠷᠡᠭᠦᠯ ᠬᠠᠮᠠᠭ᠋ᠠᠯᠠᠯ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠢ ᠪᠤᠭᠤᠳᠠᠯᠯᠠᠬᠤ ᠮᠠᠲ᠋ᠧᠷᠢᠶᠠᠯ᠎ᠢ ᠬᠡᠷᠡᠭᠯᠡᠵᠦ ᠪᠣᠯᠬᠤ ᠦᠭᠡᠢ᠂ ᠪᠤᠭᠤᠳᠠᠯᠯᠠᠬᠤ ᠵᠦᠢ᠍ᠯ ᠳᠡᠭᠡᠷᠡᠬᠢ ᠲᠡᠮᠲᠡᠭ᠎ᠨᠢ ᠤᠯᠤᠰ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃
(ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ᠃
ᠠᠷᠪᠠ ᠶᠢᠰᠦᠳᠦᠭᠡᠷ ᠵᠦᠢ᠍ᠯ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠡᠷᠬᠢᠯᠡᠵᠦ ᠪᠠᠶ᠋ᠢᠭ᠎ᠠ ᠡᠵᠡᠩᠨᠡᠭᠴᠢ᠎ᠨᠢ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠤᠨ ᠲᠣᠭᠲᠠᠭ᠋ᠠᠭᠰᠠᠨ᠂ ᠲᠤᠭ᠎ᠠ ᠪᠦᠷᠢᠳᠭᠡᠯ᠎ᠤᠨ ᠰᠠᠯᠠᠭ᠎ᠠ ᠮᠦᠴᠢᠷ᠎ᠠᠴᠠ ᠵᠥᠪᠰᠢᠶᠡᠷᠡᠭᠰᠡᠨ ᠠᠮᠤ ᠪᠤᠳᠠᠭ᠎ᠠ ᠵᠢᠨ ᠭᠦᠢ᠍ᠯᠭᠡᠭᠡᠨ᠎ᠤ ᠲᠤᠭ᠎ᠠ ᠪᠦᠷᠢᠳᠭᠡᠯ᠎ᠤᠨ ᠳᠦᠷᠢᠮ᠎ᠢ ᠬᠡᠷᠡᠭᠵᠢᠭᠦᠯᠵᠦ᠂ ᠠᠮᠤ ᠪᠤᠳᠠᠭ᠎ᠠ ᠵᠢᠨ ᠡᠵᠡᠩᠨᠡᠯᠲᠡ ᠵᠢᠨ ᠡᠬᠡ ᠳᠠᠩᠰᠠ ᠵᠢ ᠪᠠᠶ᠋ᠢᠭᠤᠯᠬᠤ ᠵᠢᠨ ᠬᠠᠮᠲᠤ᠂ ᠪᠠᠶ᠋ᠢᠭ᠎ᠠ ᠭᠠᠵᠠᠷ᠎ᠤᠨ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠲᠤ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠠᠳᠠᠭ᠋ᠠᠯᠠᠬᠤ᠂ ᠪᠣᠯᠪᠠᠰᠤᠷᠠᠭᠤᠯᠬᠤ ᠪᠠ ᠤᠯᠠᠷᠢᠭᠤᠯᠤᠨ ᠬᠡᠷᠡᠭᠯᠡᠬᠦ ᠵᠡᠷᠭᠡ ᠦᠨᠳᠦᠰᠦᠨ ᠲᠤᠭ᠎ᠠ ᠪᠠᠷᠢᠮᠲᠠ ᠪᠠ ᠬᠤᠯᠪᠣᠭᠳᠠᠯ ᠪᠦᠬᠦᠢ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠢ᠃ ᠠᠮᠤ ᠪᠤᠳᠠᠭ᠎ᠠ ᠡᠵᠡᠩᠨᠡᠭᠴᠢ᠎ᠨᠢ ᠠᠮᠤ ᠪᠤᠳᠠᠭ᠎ᠠ ᠵᠢᠨ ᠡᠵᠡᠩᠨᠡᠯᠲᠡ ᠵᠢᠨ ᠡᠬᠡ ᠳᠠᠩᠰᠠ ᠵᠢ ᠦᠯᠡᠳᠡᠭᠡᠬᠦ ᠬᠤᠭᠤᠴᠠᠭ᠎ᠠ ᠵᠢ ᠭᠤᠷᠪᠠᠨ ᠵᠢᠯ᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃
ᠠᠮᠤ ᠪᠤᠳᠠᠭ᠎ᠠ ᠡᠵᠡᠩᠨᠡᠭᠴᠢ ᠵᠢᠨ ᠮᠡᠳᠡᠭᠦᠯᠦᠨ ᠬᠦᠷᠭᠡᠭᠰᠡᠨ ᠦᠨᠳᠦᠰᠦᠨ ᠲᠤᠭ᠎ᠠ ᠪᠠᠷᠢᠮᠲᠠ ᠪᠠ ᠬᠤᠯᠪᠤᠭᠳᠠᠯ ᠪᠦᠬᠦᠢ ᠪᠠᠶ᠋ᠢᠳᠠᠯ᠎ᠨᠢ ᠬᠤᠳᠠᠯᠳᠤᠭ᠋ᠠᠨ᠎ᠤ ᠨᠢᠭᠤᠴᠠ᠎ᠳᠤ ᠬᠤᠯᠪᠣᠭᠳᠠᠭᠰᠠᠨ ᠪᠠᠶ᠋ᠢᠪᠠᠯ᠂ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠨᠢᠭᠤᠴᠠ ᠵᠢ ᠬᠠᠮᠠᠭ᠋ᠠᠯᠠᠬᠤ ᠡᠭᠦᠷᠭᠡ᠎ᠲᠠᠢ᠃
ᠬᠤᠷᠢᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠠᠮᠤ ᠪᠤᠳᠠᠭ᠎ᠠ ᠵᠢᠨ ᠲᠤᠭ᠎ᠠ ᠪᠦᠷᠢᠳᠭᠡᠯ᠎ᠤᠨ ᠳᠦᠷᠢᠮ᠎ᠤᠨ ᠱᠠᠭ᠋ᠠᠷᠳᠠᠯᠭ᠎ᠠ ᠶᠤᠰᠤᠭ᠋ᠠᠷ ᠠᠮᠤ ᠪᠤᠳᠠᠭ᠎ᠠ ᠵᠢ ᠪᠦᠷᠢᠳᠭᠡᠨ ᠪᠠᠶ᠋ᠢᠴᠠᠭ᠋ᠠᠬᠤ ᠪᠠ ᠬᠤᠷᠢᠶᠠᠩᠭᠤᠶ᠋ᠢᠯᠠᠬᠤ ᠠᠵᠢᠯ᠎ᠢ ᠬᠢᠵᠦ᠂ ᠪᠦᠷᠢᠳᠭᠡᠵᠦ ᠮᠡᠳᠡᠭᠦᠯᠬᠦ ᠬᠦᠰᠦᠨᠦᠭᠲᠦ ᠪᠣᠯᠭ᠋ᠠᠬᠤ ᠵᠢᠨ ᠬᠠᠮᠲᠤ᠂ ᠪᠦᠷᠢᠳᠭᠡᠨ ᠮᠡᠳᠡᠭᠦᠯᠬᠦ ᠬᠦᠰᠦᠨᠦᠭᠲᠦ ᠵᠢ ᠱᠠᠲᠤ ᠳᠠᠷᠠᠭ᠋ᠠᠯᠠᠨ ᠳᠡᠭᠡᠭᠰᠢ ᠮᠡᠳᠡᠭᠦᠯᠬᠦ ᠬᠡᠷᠡᠭᠲᠡᠢ᠃
ᠭᠤᠷᠪᠠᠳᠤᠭ᠋ᠠᠷ ᠪᠦᠯᠦᠭ ᠬᠤᠷᠸ᠎ᠠ ᠲᠣᠬᠢᠷᠠᠭᠤᠯᠭ᠎ᠠ ᠡᠵᠡᠮᠰᠢᠯ
ᠬᠤᠷᠢᠨ ᠨᠢᠭᠡᠳᠦᠭᠡᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠨᠦᠬᠡᠴᠡ ᠠᠮᠤ ᠵᠢ ᠣᠷᠤᠭᠤᠯᠵᠤ ᠭᠠᠷᠭ᠋ᠠᠬᠤ᠂ ᠨᠠᠶ᠋ᠢᠳᠠᠵᠤ ᠬᠤᠳᠠᠯᠳᠤᠨ ᠠᠪᠤᠭᠤᠯᠬᠤ᠂ ᠠᠮᠤ ᠪᠤᠳᠠᠭ᠎ᠠ ᠵᠢ ᠭᠠᠳᠠᠭ᠋ᠠᠲᠤ᠎ᠠᠴᠠ ᠣᠷᠤᠭᠤᠯᠬᠤ ᠪᠠ ᠭᠠᠳᠠᠭ᠋ᠠᠲᠤ᠎ᠳᠤ ᠭᠠᠷᠭ᠋ᠠᠬᠤ ᠵᠡᠷᠭᠡ ᠣᠯᠠᠨ ᠵᠦᠢ᠍ᠯ᠎ᠤᠨ ᠠᠵᠤ ᠠᠬᠤᠢ ᠵᠢᠨ ᠠᠷᠭ᠎ᠠ ᠪᠠᠷᠢᠯ ᠪᠣᠯᠣᠨ ᠦᠨ᠎ᠡ ᠬᠠᠩᠰᠢ᠎ᠳᠤ ᠭᠠᠷ ᠳᠦᠷᠦᠵᠦ ᠲᠣᠬᠢᠷᠠᠭᠤᠯᠬᠤ ᠵᠡᠷᠭᠡ ᠴᠢᠬᠤᠯᠠᠲᠠᠢ ᠵᠠᠰᠠᠭ ᠵᠠᠬᠢᠷᠭ᠋ᠠᠨ᠎ᠤ ᠠᠷᠭ᠎ᠠ ᠪᠠᠷᠢᠯ᠎ᠢ ᠬᠡᠷᠡᠭᠯᠡᠵᠦ᠂ ᠠᠮᠤ ᠪᠤᠳᠠᠭ᠎ᠠ ᠵᠢᠨ ᠵᠠᠬ᠎ᠠ ᠳᠡᠯᠭᠡᠭᠦᠷ᠎ᠤᠨ ᠲᠣᠬᠢᠷᠠᠭᠤᠯᠭ᠎ᠠ ᠡᠵᠡᠮᠰᠢᠯ᠎ᠢ ᠴᠢᠩᠭ᠋ᠠᠳᠬᠠᠵᠤ᠂ ᠦᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠵᠢᠨ ᠬᠠᠩᠭ᠋ᠠᠯᠭ᠎ᠠ ᠬᠡᠷᠡᠭᠴᠡᠭᠡ ᠵᠢᠨ ᠶᠡᠷᠦᠩᠬᠡᠢ ᠬᠡᠮᠵᠢᠶ᠎ᠡ ᠵᠢᠨ ᠦᠨᠳᠦᠰᠦᠨ᠎ᠳᠡᠭᠡᠨ ᠲᠡᠩᠴᠡᠭᠦᠷᠢ᠎ᠲᠠᠢ ᠪᠠᠶ᠋ᠢᠬᠤ ᠪᠠ ᠦᠨ᠎ᠡ ᠬᠠᠩᠰᠢ ᠵᠢᠨ ᠦᠨᠳᠦᠰᠦᠨ᠎ᠳᠡᠭᠡᠨ ᠲᠣᠭᠲᠠᠪᠤᠷᠢᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃
ᠬᠤᠷᠢᠨ ᠬᠤᠶᠠᠳᠤᠭ᠋ᠠᠷ ᠵᠦᠢ᠍ᠯ ᠲᠥᠷᠥ ᠵᠢᠨ ᠪᠣᠳᠣᠯᠭ᠎ᠠ ᠵᠢᠨ ᠴᠢᠨᠠᠷᠲᠠᠢ ᠬᠡᠷᠡᠭᠯᠡᠬᠦ ᠠᠮᠤ ᠪᠤᠳᠠᠭ᠎ᠠ ᠵᠢᠨ ᠬᠤᠳᠠᠯᠳᠤᠨ ᠠᠪᠬᠤ ᠪᠠ ᠪᠣᠷᠤᠯᠠᠭᠤᠯᠬᠤ ᠵᠢ ᠵᠠᠷᠴᠢᠮ ᠳᠡᠭᠡᠷ᠎ᠡ᠎ᠪᠠᠨ ᠠᠮᠤ ᠪᠤᠳᠠᠭ᠎ᠠ ᠵᠢᠨ ᠪᠦᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ ᠵᠶ᠋ᠠᠷ ᠳᠠᠮᠵᠢᠨ ᠢᠯᠡ᠎ᠪᠠᠷ ᠶᠠᠪᠤᠭᠳᠠᠭᠤᠯᠬᠤ ᠬᠡᠷᠡᠭᠲᠡᠢ᠂ ᠮᠦᠨ ᠴᠦ᠍ ᠤᠯᠤᠰ᠎ᠤᠨ ᠲᠣᠭᠲᠠᠭ᠋ᠠᠭᠰᠠᠨ ᠪᠤᠰᠤᠳ ᠠᠷᠭ᠎ᠠ ᠬᠡᠯᠪᠡᠷᠢ᠎ᠪᠠᠷ ᠳᠠᠮᠵᠢᠨ ᠶᠠᠪᠤᠭᠳᠠᠭᠤᠯᠵᠤ ᠪᠣᠯᠣᠨ᠎ᠠ᠃
ᠬᠤᠷᠢᠨ ᠭᠤᠷᠪᠠᠳᠤᠭ᠋ᠠᠷ ᠵᠦᠢ᠍ᠯ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠮᠤ ᠪᠤᠳᠠᠭ᠎ᠠ ᠵᠢᠨ ᠲᠥᠭᠰᠢᠭᠦᠷᠢ ᠵᠢᠨ ᠰᠠᠭᠤᠷᠢ ᠮᠦᠩᠭᠦ ᠵᠢᠨ ᠳᠦᠷᠢᠮ᠎ᠢ ᠪᠠᠶ᠋ᠢᠭᠤᠯᠬᠤ ᠬᠡᠷᠡᠭᠲᠡᠢ᠃ ᠠᠮᠤ ᠪᠤᠳᠠᠭ᠎ᠠ ᠵᠢᠨ ᠲᠥᠭᠰᠢᠭᠦᠷᠢ ᠵᠢᠨ ᠰᠠᠭᠤᠷᠢ ᠮᠦᠩᠭᠦ ᠵᠢ ᠭᠤᠣᠯᠳᠠᠭᠤ ᠠᠮᠤ ᠪᠤᠳᠠᠭ᠎ᠠ ᠲᠠᠷᠢᠳᠠᠭ ᠲᠠᠷᠢᠶᠠᠴᠢᠳ᠎ᠲᠤ ᠰᠢᠭᠤᠳ ᠨᠦᠬᠦᠪᠦᠷᠢᠯᠡᠬᠦ᠂ ᠠᠮᠤ ᠪᠤᠳᠠᠭ᠎ᠠ ᠨᠦᠬᠡᠴᠡᠯᠡᠬᠦ ᠵᠢ ᠳᠡᠮᠵᠢᠬᠦ᠂ ᠠᠮᠤ ᠪᠤᠳᠠᠭ᠎ᠠ ᠵᠢᠨ ᠵᠠᠬ᠎ᠠ ᠳᠡᠯᠭᠡᠭᠦᠷ᠎ᠢ ᠲᠣᠭᠲᠠᠭᠤᠨ ᠪᠠᠶ᠋ᠢᠯᠭ᠋ᠠᠬᠤ ᠵᠡᠷᠭᠡ᠎ᠳᠤ ᠬᠡᠷᠡᠭᠯᠡᠵᠦ᠂ ᠪᠣᠲᠠᠲᠠᠢ ᠬᠡᠷᠡᠭᠯᠡᠬᠦ ᠠᠷᠭ᠎ᠠ ᠵᠢ ᠤᠯᠤᠰ ᠪᠠ ᠦᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠵᠶ᠋ᠠᠷ ᠬᠡᠷᠡᠭᠵᠢᠭᠦᠯᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠨᠢ ᠠᠮᠤ ᠪᠤᠳᠠᠭ᠎ᠠ ᠵᠢᠨ ᠲᠥᠭᠰᠢᠭᠦᠷᠢ ᠵᠢᠨ ᠰᠠᠭᠤᠷᠢ ᠮᠦᠩᠭᠦ ᠵᠢ ᠬᠢᠨᠠᠨ ᠬᠠᠮᠢᠶᠠᠷᠬᠤ ᠵᠢ ᠬᠠᠷᠢᠭᠤᠴᠠᠵᠤ᠂ ᠲᠤᠰᠬᠠᠢ ᠵᠦᠢ᠍ᠯ᠎ᠤᠨ ᠮᠦᠩᠭᠦ ᠵᠢ ᠲᠤᠰᠬᠠᠢ ᠵᠦᠢ᠍ᠯ᠎ᠳᠤ᠎ᠨᠢ ᠬᠡᠷᠡᠭᠯᠡᠬᠦ ᠵᠢ ᠦᠨᠡᠨᠬᠦ ᠪᠠᠲᠤᠯᠠᠬᠤ ᠬᠡᠷᠡᠭᠲᠡᠢ᠃
ᠬᠤᠷᠢᠨ ᠳᠦᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠠᠮᠤ ᠪᠤᠳᠠᠭ᠎ᠠ᠂ ᠡᠳ᠋᠎ᠤᠨ ᠵᠠᠰᠠᠭ᠂ ᠠᠵᠤ ᠦᠢ᠍ᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠡᠷᠡᠭᠦᠯ ᠬᠠᠮᠠᠭ᠋ᠠᠯᠠᠯ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ᠂ ᠠᠷᠠᠳ᠎ᠤᠨ ᠶᠠᠪᠤᠳᠠᠯ ᠵᠡᠷᠭᠡ ᠰᠠᠯᠠᠭ᠎ᠠ ᠮᠦᠴᠢᠷ᠎ᠢ ᠵᠣᠬᠢᠶᠠᠨ ᠪᠠᠶ᠋ᠢᠭᠤᠯᠵᠤ ᠲᠤᠰ ᠭᠠᠵᠠᠷ ᠣᠷᠣᠨ᠎ᠤ ᠪᠤᠳᠠᠳᠤ ᠪᠠᠶ᠋ᠢᠳᠠᠯ ᠵᠶ᠋ᠠᠨ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠠᠮᠤ ᠪᠤᠳᠠᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠦᠰᠦᠪᠯᠡᠯ᠎ᠢ ᠲᠣᠭᠲᠠᠭ᠋ᠠᠬᠤ ᠬᠡᠷᠡᠭᠲᠡᠢ᠃ ᠬᠤᠷᠢᠨ ᠲᠠᠪᠤᠳᠤᠭ᠋ᠠᠷ ᠵᠦᠢ᠍ᠯ ᠬᠦᠨᠳᠦ ᠬᠡᠴᠡᠭᠦᠦ ᠪᠠᠶ᠋ᠢᠭ᠋ᠠᠯᠢ ᠵᠢᠨ ᠭᠠᠢ ᠭᠠᠮᠰᠢᠭ᠂ ᠬᠢᠵᠢᠭ᠎ᠤᠨ ᠪᠠᠶ᠋ᠢᠳᠠᠯ ᠪᠣᠶᠣ ᠪᠤᠰᠤᠳ ᠭᠡᠨᠡᠳᠲᠡ ᠵᠢᠨ ᠬᠡᠷᠡᠭ ᠡᠭᠦᠰᠦᠭᠰᠡᠨ᠎ᠠᠴᠠ ᠪᠣᠯᠵᠤ ᠠᠮᠤ ᠪᠤᠳᠠᠭ᠎ᠠ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠶᠡᠷᠦ ᠪᠤᠰᠤ᠎ᠪᠠᠷ ᠬᠡᠯᠪᠡᠯᠵᠡᠬᠦ ᠥᠶ᠎ᠡ᠎ᠳᠤ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠠᠮᠤ ᠪᠤᠳᠠᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠦᠰᠦᠪᠯᠡᠯ᠎ᠢ ᠡᠬᠢᠯᠡᠭᠦᠯᠬᠦ ᠬᠡᠷᠡᠭᠲᠡᠢ᠃
ᠬᠤᠷᠢᠨ ᠵᠢᠷᠭᠤᠳᠤᠭ᠋ᠠᠷ ᠵᠦᠢ᠍ᠯ ᠠᠮᠤ ᠪᠤᠳᠠᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠦᠰᠦᠪᠯᠡᠯ᠎ᠢ ᠡᠬᠢᠯᠡᠭᠦᠯᠦᠭᠰᠡᠨ᠎ᠤ ᠳᠠᠷᠠᠭ᠎ᠠ᠂ ᠠᠮᠤ ᠪᠤᠳᠠᠭ᠎ᠠ ᠡᠵᠡᠩᠨᠡᠭᠴᠢ ᠪᠠᠴᠢᠮ ᠪᠠᠶ᠋ᠢᠳᠠᠯ᠎ᠢ ᠠᠷᠭ᠋ᠠᠴᠠᠬᠤ ᠡᠭᠦᠷᠭᠡ ᠵᠢ ᠡᠭᠦᠷᠭᠡᠯᠡᠵᠦ᠂ ᠨᠢᠭᠡᠲᠦᠯᠲᠡᠢ ᠲᠣᠬᠢᠷᠠᠭᠤᠯᠤᠯᠲᠠ ᠪᠠ ᠵᠣᠬᠢᠴᠠᠭᠤᠯᠤᠯᠲᠠ ᠵᠢ ᠳᠠᠭ᠋ᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠤᠨ ᠬᠡᠷᠡᠭᠴᠡᠭᠡ ᠵᠢ ᠪᠠᠲᠤᠯᠠᠬᠤ ᠬᠡᠷᠡᠭᠲᠡᠢ᠃
ᠬᠤᠷᠢᠨ ᠳᠤᠯᠤᠳᠤᠭ᠋ᠠᠷ ᠵᠦᠢ᠍ᠯ ᠤᠯᠤᠰ᠎ᠠᠴᠠ ᠠᠯᠢ ᠨᠢᠭᠡᠨ ᠲᠦᠷᠦᠯ ᠵᠦᠢ᠍ᠯ᠎ᠤᠨ ᠠᠮᠤ ᠪᠤᠳᠠᠭ᠎ᠠ ᠵᠢ ᠬᠠᠮᠤᠭ᠎ᠤᠨ ᠳᠣᠣᠷ᠎ᠠ ᠦᠨ᠎ᠡ ᠬᠠᠩᠰᠢ᠎ᠪᠠᠷ ᠬᠤᠳᠠᠯᠳᠤᠨ ᠠᠪᠬᠤ᠎ᠪᠠᠷ ᠲᠣᠭᠲᠠᠭ᠋ᠠᠭᠰᠠᠨ ᠪᠠᠶ᠋ᠢᠪᠠᠯ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ᠎ᠲᠠᠢ ᠡᠵᠡᠩᠨᠡᠭᠴᠢ᠎ᠳᠤ ᠨᠠᠶ᠋ᠢᠳᠠᠵᠤ ᠵᠣᠬᠢᠶᠠᠨ ᠪᠠᠶ᠋ᠢᠭᠤᠯᠤᠨ ᠬᠤᠳᠠᠯᠳᠤᠨ ᠠᠪᠴᠤ ᠪᠣᠯᠣᠨ᠎ᠠ᠃
ᠬᠤᠳᠠᠯᠳᠤᠵᠤ ᠠᠪᠤᠭᠰᠠᠨ ᠬᠠᠮᠤᠭ᠎ᠤᠨ ᠳᠣᠣᠷ᠎ᠠ ᠦᠨ᠎ᠡ ᠬᠠᠩᠰᠢ᠎ᠪᠠᠷ ᠵᠶ᠋ᠠᠨ ᠲᠠᠷᠢᠶᠠᠴᠢᠳ᠎ᠲᠤ ᠬᠤᠳᠠᠯᠳᠤᠵᠤ ᠥᠭᠬᠦ ᠤᠯᠤᠰ᠎ᠤᠨ ᠶᠠᠰᠤ ᠴᠢᠨᠠᠷ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠠᠮᠤ ᠪᠤᠳᠠᠭ᠎ᠠ ᠵᠢᠨ ᠨᠠᠶ᠋ᠢᠳᠠᠯᠭ᠎ᠠ ᠵᠢ ᠬᠦᠯᠢᠶᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ᠎ᠨᠢ ᠬᠤᠷᠢᠶᠠᠵᠤ ᠠᠪᠬᠤ ᠵᠢ ᠲᠡᠪᠴᠢᠵᠦ ᠪᠣᠯᠬᠤ ᠦᠭᠡᠢ᠃
ᠨᠠᠶ᠋ᠢᠳᠠᠯᠭ᠎ᠠ ᠵᠢ ᠬᠦᠯᠢᠶᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ᠎ᠨᠢ ᠬᠤᠳᠠᠯᠳᠤᠨ ᠠᠪᠬᠤ ᠡᠭᠦᠷᠭᠡ᠎ᠪᠠᠨ ᠭᠦᠢ᠍ᠴᠡᠳᠭᠡᠬᠦ ᠵᠢᠨ ᠬᠠᠮᠲᠤ᠂ ᠵᠣᠬᠢᠬᠤ ᠡᠷᠬᠡ ᠠᠰᠢᠭ᠎ᠢ ᠣᠯᠵᠤ ᠬᠦᠷᠲᠡᠨ᠎ᠡ᠃
ᠬᠤᠷᠢᠨ ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠲᠠᠷᠢᠶᠠᠯᠠᠩ ᠮᠠᠯ ᠠᠵᠤ ᠠᠬᠤᠢ᠂ ᠲᠤᠭ᠎ᠠ ᠪᠦᠷᠢᠳᠭᠡᠯ᠂ ᠦᠨ᠎ᠡ ᠬᠠᠩᠰᠢ᠂ ᠡᠳ᠋᠎ᠤᠨ ᠵᠠᠰᠠᠭ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠦᠴᠢᠷ᠎ᠲᠠᠢ ᠬᠠᠮᠲᠤᠷᠠᠨ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠤᠲᠤᠷᠠᠬᠢ ᠠᠮᠤ ᠪᠤᠳᠠᠭ᠎ᠠ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠢ ᠬᠢᠨᠠᠨ ᠰᠢᠨᠵᠢᠬᠦ ᠪᠠ ᠰᠡᠷᠡᠮᠵᠢᠯᠡᠭᠦᠯᠬᠦ ᠵᠠᠳᠠᠯᠤᠯᠲᠠ ᠬᠢᠵᠦ᠂ ᠠᠮᠤ ᠪᠤᠳᠠᠭ᠎ᠠ ᠵᠢᠨ ᠬᠠᠩᠭ᠋ᠠᠯᠭ᠎ᠠ ᠬᠡᠷᠡᠭᠴᠡᠭᠡ ᠵᠢᠨ ᠰᠤᠭᠤᠴᠢᠨ ᠪᠠᠶ᠋ᠢᠴᠠᠭ᠋ᠠᠬᠤ ᠳᠦᠷᠢᠮ᠎ᠢ ᠪᠠᠶ᠋ᠢᠭᠤᠯᠵᠤ᠂ ᠠᠮᠤ ᠪᠤᠳᠠᠭ᠎ᠠ ᠵᠢᠨ ᠦᠢ᠍ᠯᠡᠳᠪᠦᠷᠢᠯᠡᠯ᠂ ᠬᠡᠷᠡᠭᠯᠡᠭᠡ᠂ ᠦᠨ᠎ᠡ ᠬᠠᠩᠰᠢ᠂ ᠶᠠᠰᠤ ᠴᠢᠨᠠᠷ ᠵᠡᠷᠭᠡ ᠮᠡᠳᠡᠭᠡ ᠵᠠᠩᠭᠢ ᠵᠢ ᠨᠡᠶ᠋ᠢᠲᠡᠯᠡᠬᠦ ᠬᠡᠷᠡᠭᠲᠡᠢ᠃
ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶ᠋ᠢᠴᠠᠭ᠋ᠠᠬᠤ
ᠬᠤᠷᠢ ᠶᠢᠰᠦᠳᠦᠭᠡᠷ ᠵᠦᠢ᠍ᠯ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠨᠢ ᠳᠣᠣᠷᠠᠬᠢ ᠠᠮᠤ ᠪᠤᠳᠠᠭ᠎ᠠ ᠵᠢᠨ ᠡᠵᠡᠩᠨᠡᠯᠲᠡ ᠵᠢᠨ ᠠᠵᠢᠯᠯᠠᠭ᠎ᠠ᠎ᠳᠤ ᠬᠠᠤᠯᠢ ᠶᠤᠰᠤᠭ᠋ᠠᠷ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ ᠬᠡᠷᠡᠭᠲᠡᠢ᠄
(ᠨᠢᠭᠡ) ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠪᠠ ᠤᠯᠤᠰ᠎ᠤᠨ ᠠᠮᠤ ᠪᠤᠳᠠᠭ᠎ᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠃
(ᠬᠤᠶᠠᠷ) ᠠᠮᠤ ᠪᠤᠳᠠᠭ᠎ᠠ ᠬᠠᠳᠠᠭ᠋ᠠᠯᠠᠬᠤ᠂ ᠲᠡᠭᠡᠭᠡᠪᠦᠷᠢᠯᠡᠬᠦ ᠮᠡᠷᠭᠡᠵᠢᠯ᠎ᠤᠨ ᠪᠠᠷᠢᠮᠵᠢᠶ᠎ᠠ ᠪᠠ ᠵᠢᠷᠤᠮᠵᠢᠯ᠎ᠢ ᠬᠡᠷᠡᠭᠵᠢᠭᠦᠯᠦᠭᠰᠡᠨ ᠪᠠᠶ᠋ᠢᠳᠠᠯ᠃
(ᠭᠤᠷᠪᠠ) ᠠᠮᠤ ᠪᠤᠳᠠᠭ᠎ᠠ ᠵᠢ ᠪᠤᠷᠤᠯᠠᠭᠤᠯᠵᠤ ᠬᠦᠮᠦᠷᠭᠡ᠎ᠠᠴᠠ ᠭᠠᠷᠭ᠋ᠠᠬᠤ᠎ᠳᠤ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠃
(ᠳᠥᠷᠪᠡ) ᠠᠮᠤ ᠪᠤᠳᠠᠭ᠎ᠠ ᠵᠢᠨ ᠭᠦᠢ᠍ᠯᠭᠡᠭᠡᠨ᠎ᠤ ᠲᠤᠭ᠎ᠠ ᠪᠦᠷᠢᠳᠭᠡᠯ᠎ᠤᠨ ᠳᠦᠷᠢᠮ᠎ᠢ ᠬᠡᠷᠡᠭᠵᠢᠭᠦᠯᠦᠭᠰᠡᠨ ᠪᠠᠶ᠋ᠢᠳᠠᠯ᠃
(ᠲᠠᠪᠤ) ᠠᠮᠤ ᠪᠤᠳᠠᠭ᠎ᠠ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠤᠯᠠᠷᠢᠭᠤᠯᠬᠤ ᠪᠠ ᠴᠠᠶ᠋ᠢᠯᠭ᠋ᠠᠭ᠋ᠠᠰᠠᠨ ᠠᠮᠤ ᠵᠢ ᠪᠦᠭᠡᠮ ᠵᠶ᠋ᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ᠎ᠤᠨ ᠬᠠᠮᠤᠭ᠎ᠤᠨ ᠳᠣᠣᠷ᠎ᠠ ᠨᠦᠬᠡᠴᠡ ᠵᠢᠨ ᠬᠡᠮᠵᠢᠶᠡᠨ᠎ᠤ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠃
(ᠵᠢᠷᠭᠤᠭ᠎ᠠ) ᠲᠥᠷᠥ ᠵᠢᠨ ᠪᠣᠳᠣᠯᠭ᠎ᠠ ᠵᠢᠨ ᠴᠢᠨᠠᠷᠲᠠᠢ ᠬᠡᠷᠡᠭᠯᠡᠬᠦ ᠠᠮᠤ ᠪᠤᠳᠠᠭ᠎ᠠ ᠵᠢᠨ ᠬᠤᠳᠠᠯᠳᠤᠵᠤ ᠪᠤᠷᠤᠯᠠᠭᠤᠯᠬᠤ ᠠᠵᠢᠯᠯᠠᠭ᠎ᠠ ᠵᠢᠨ ᠬᠡᠷᠡᠭᠵᠢᠭᠦᠯᠦᠭᠰᠡᠨ ᠪᠠᠶ᠋ᠢᠳᠠᠯ᠃
(ᠳᠤᠯᠤᠭ᠎ᠠ) ᠠᠮᠤ ᠪᠤᠳᠠᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠦᠰᠦᠪᠯᠡᠯ᠎ᠢ ᠬᠡᠷᠡᠭᠵᠢᠭᠦᠯᠦᠭᠰᠡᠨ ᠪᠠᠶ᠋ᠢᠳᠠᠯ᠃
(ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠬᠢᠨᠠᠨ ᠪᠠᠶ᠋ᠢᠴᠠᠭ᠋ᠠᠬᠤ᠎ᠪᠠᠷ ᠲᠣᠭᠲᠠᠭ᠋ᠠᠭᠰᠠᠨ ᠪᠤᠰᠤᠳ ᠵᠦᠢ᠍ᠯᠡᠰ᠃
ᠭᠤᠴᠢᠳᠤᠭ᠋ᠠᠷ ᠵᠦᠢ᠍ᠯ ᠠᠵᠤ ᠦᠢ᠍ᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠪᠠ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠦᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠤᠰᠤᠭ᠋ᠠᠷ᠂ ᠠᠮᠤ ᠪᠤᠳᠠᠭ᠎ᠠ ᠵᠢᠨ ᠡᠵᠡᠩᠨᠡᠯᠲᠡ ᠵᠢᠨ ᠠᠵᠢᠯᠯᠠᠭ᠎ᠠ ᠵᠢ ᠬᠠᠤᠯᠢ ᠶᠤᠰᠤᠭ᠋ᠠᠷ ᠬᠢᠨᠠᠨ ᠪᠠᠶ᠋ᠢᠴᠠᠭ᠋ᠠᠬᠤ ᠬᠡᠷᠡᠭᠲᠡᠢ᠃
ᠠᠮᠤ ᠪᠤᠳᠠᠭ᠎ᠠ ᠵᠢᠨ ᠭᠦᠢ᠍ᠯᠭᠡᠭᠡᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠠᠮᠤ ᠪᠤᠳᠠᠭ᠎ᠠ ᠵᠢᠨ ᠭᠦᠢ᠍ᠯᠭᠡᠭᠡᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠵᠦ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠠᠮᠤ ᠪᠤᠳᠠᠭ᠎ᠠ ᠵᠢᠨ ᠭᠦᠢ᠍ᠯᠭᠡᠭᠡᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠲᠠᠨ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠠᠭᠠᠨ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠯᠭᠤᠭᠰᠠᠨ 《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ》 ᠵᠶ᠋ᠠᠨ ᠭᠠᠷᠭ᠋ᠠᠬᠤ ᠬᠡᠷᠡᠭᠲᠡᠢ᠂ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠠᠷᠭ᠋ᠠᠬᠤ ᠦᠭᠡᠢ ᠪᠣᠯ᠂ ᠪᠠᠶ᠋ᠢᠴᠠᠭ᠋ᠠᠭᠳᠠᠭᠴᠢ᠎ᠠᠴᠠ ᠪᠠᠶ᠋ᠢᠴᠠᠭ᠋ᠠᠯᠲᠠ ᠵᠢ ᠲᠡᠪᠴᠢᠬᠦ ᠡᠷᠬᠡ᠎ᠲᠠᠢ᠃
ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ᠎ᠨᠢ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠤ᠂ ᠠᠮᠤ ᠪᠤᠳᠠᠭ᠎ᠠ ᠡᠵᠡᠩᠨᠡᠭᠴᠢ ᠵᠢᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢ ᠬᠠᠷᠰᠢᠯᠠᠵᠤ ᠪᠣᠯᠬᠤ ᠦᠭᠡᠢ᠃
ᠠᠮᠤ ᠪᠤᠳᠠᠭ᠎ᠠ ᠵᠢᠨ ᠭᠦᠢ᠍ᠯᠭᠡᠭᠡᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠲᠠᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠭᠦᠢ᠍ᠴᠡᠳᠭᠡᠬᠦ᠎ᠳᠤ᠂ ᠪᠠᠶ᠋ᠢᠴᠠᠭ᠋ᠠᠭᠳᠠᠭᠴᠢ ᠡᠷᠬᠡᠪᠰᠢ ᠬᠠᠮᠵᠢᠯᠴᠠᠬᠤ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠦᠮᠦᠨ ᠠᠮᠤ ᠪᠤᠳᠠᠭ᠎ᠠ ᠵᠢᠨ ᠭᠦᠢ᠍ᠯᠭᠡᠭᠡᠨ᠎ᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠤᠰᠤᠭ᠋ᠠᠷ ᠭᠦᠢ᠍ᠴᠡᠳᠭᠡᠬᠦ ᠵᠢ ᠲᠡᠪᠴᠢᠵᠦ᠂ ᠰᠠᠭ᠋ᠠᠲᠠᠭ᠋ᠠᠬᠤ ᠪᠠ ᠭᠠᠷ ᠳᠦᠷᠦᠵᠦ ᠪᠣᠯᠬᠤ ᠦᠭᠡᠢ᠃
ᠲᠠᠪᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠬᠤᠶᠠᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ 《ᠠᠮᠤ ᠪᠤᠳᠠᠭ᠎ᠠ ᠵᠢᠨ ᠭᠦᠢ᠍ᠯᠭᠡᠭᠡᠨ᠎ᠤ ᠬᠠᠮᠢᠶᠠᠷᠤᠯᠲᠠ ᠵᠢᠨ ᠳᠦᠷᠢᠮ》 ᠵᠢᠴᠢ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠰᠢᠳᠭᠡᠵᠦ ᠲᠣᠷᠭ᠋ᠠᠬᠤ ᠲᠣᠭᠲᠠᠭ᠋ᠠᠯ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠃
ᠭᠤᠴᠢᠨ ᠭᠤᠷᠪᠠᠳᠤᠭ᠋ᠠᠷ ᠵᠦᠢ᠍ᠯ ᠲᠤᠰ ᠠᠷᠭ᠎ᠠ ᠵᠢᠨ ᠠᠷᠪᠠᠳᠤᠭ᠋ᠠᠷ ᠵᠦᠢ᠍ᠯ᠎ᠤᠨ ᠨᠢᠭᠡᠳᠦᠭᠡᠷ ᠵᠣᠷᠪᠤᠰ᠎ᠤᠨ ᠲᠣᠭᠲᠠᠭ᠋ᠠᠯ᠎ᠠᠴᠠ ᠵᠦᠷᠢᠴᠡᠵᠦ᠂ ᠬᠦᠴᠦᠨ᠎ᠲᠠᠢ ᠬᠤᠭᠤᠴᠠᠭ᠋ᠠᠨ ᠲᠤᠳᠤᠷ᠎ᠠ ᠵᠥᠪᠰᠢᠶᠡᠷᠡᠯ᠎ᠤᠨ ᠵᠦᠢ᠍ᠯᠡᠰ᠎ᠢ ᠬᠤᠪᠢᠷᠠᠭᠤᠯᠤᠬᠰᠠᠨ ᠪᠣᠯᠪᠠᠴᠤ ᠬᠤᠪᠢᠷᠠᠭᠤᠯᠬᠤ ᠭᠠᠷᠳᠠᠮ᠎ᠢ ᠭᠦᠢ᠍ᠴᠡᠳᠭᠡᠭᠰᠡᠨ ᠦᠭᠡᠢ ᠪᠠᠶ᠋ᠢᠪᠠᠯ᠂ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠢ᠂ ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠣᠯ᠂ ᠮᠢᠩᠭ᠋ᠠᠨ ᠲᠦᠭᠦᠷᠢᠭ᠎ᠠᠴᠠ ᠳᠡᠭᠡᠭᠰᠢ ᠨᠢᠭᠡ ᠲᠦᠮᠡᠨ ᠲᠦᠭᠦᠷᠢᠭ᠎ᠠᠴᠠ ᠳᠣᠷᠤᠭᠰᠢᠬᠢ ᠵᠣᠭᠤᠰ ᠵᠶ᠋ᠠᠷ ᠲᠣᠷᠭ᠋ᠠᠬᠤ ᠬᠡᠷᠡᠭᠲᠡᠢ᠃
ᠭᠤᠴᠢᠨ ᠳᠦᠷᠪᠡᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠭᠰᠡᠨ᠂ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠵᠢᠨ ᠬᠠᠮᠲᠤ᠂ ᠲᠠᠪᠤᠨ ᠮᠢᠩᠭ᠋ᠠᠨ ᠲᠦᠭᠦᠷᠢᠭ᠎ᠠᠴᠠ ᠳᠡᠭᠡᠭᠰᠢ ᠬᠤᠶᠠᠷ ᠲᠦᠮᠡᠨ ᠲᠦᠭᠦᠷᠢᠭ᠎ᠠᠴᠠ ᠳᠣᠷᠤᠭᠰᠢᠬᠢ ᠵᠣᠭᠤᠰ ᠵᠶ᠋ᠠᠷ ᠲᠣᠷᠭ᠋ᠠᠬᠤ ᠬᠡᠷᠡᠭᠲᠡᠢ; ᠶᠠᠯᠠᠳᠤ ᠬᠦᠷᠦᠭᠰᠡᠨ ᠪᠠᠶ᠋ᠢᠪᠠᠯ᠂ ᠬᠠᠤᠯᠢ ᠶᠣᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠄
(ᠨᠢᠭᠡ) ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠢ ᠬᠠᠭᠤᠷᠮᠠᠭᠯᠠᠨ ᠵᠣᠬᠢᠶᠠᠬᠤ᠂ ᠪᠠᠯᠠᠯᠤᠨ ᠬᠤᠪᠢᠷᠠᠭᠤᠯᠬᠤ᠂ ᠫᠠᠨᠽᠠᠯᠠᠬᠤ᠂ ᠰᠢᠯᠵᠢᠭᠦᠯᠦᠨ ᠣᠯᠭᠤᠬᠤ᠂ ᠳᠦᠷᠢᠶᠡᠰᠦᠯᠡᠭᠦᠯᠬᠦ ᠪᠠ ᠵᠢᠭᠡᠯᠡᠭᠦᠯᠦᠭᠰᠡᠨ᠃
(ᠬᠤᠶᠠᠷ) ᠠᠮᠤ ᠪᠤᠳᠠᠭ᠎ᠠ ᠵᠢ ᠪᠣᠬᠢᠷᠳᠤᠭᠤᠯᠵᠤ ᠮᠡᠳᠡᠬᠦ ᠪᠤᠳᠠᠰᠯᠤᠭᠠ ᠬᠠᠮᠲᠤ ᠬᠠᠳᠠᠭ᠋ᠠᠯᠠᠭᠰᠠᠨ᠃
(ᠭᠤᠷᠪᠠ) ᠬᠦᠬᠡᠴᠦᠷᠡᠭᠰᠡᠨ ᠪᠠ ᠡᠪᠡᠳᠴᠢᠨ ᠬᠤᠷᠤᠬᠠᠢ ᠵᠢᠨ ᠬᠦᠨᠦᠭᠡᠯ᠎ᠨᠢ ᠤᠯᠤᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠠᠮᠤ ᠪᠤᠳᠠᠭ᠎ᠠ ᠵᠢ ᠠᠰᠲᠤᠨᠢ ᠬᠠᠳᠠᠭ᠋ᠠᠯᠠᠭᠰᠠᠨ ᠦᠭᠡᠢ᠃
(ᠳᠥᠷᠪᠡ) ᠤᠯᠤᠰ᠎ᠤᠨ ᠲᠣᠭᠲᠠᠭ᠋ᠠᠭᠰᠠᠨ ᠲᠦᠷᠦᠯ ᠵᠦᠢ᠍ᠯ᠎ᠠᠴᠠ ᠪᠤᠰᠤᠳ ᠬᠢᠮᠢ ᠵᠢᠨ ᠡᠮ ᠨᠠᠶ᠋ᠢᠷᠠᠯᠭ᠎ᠠ ᠵᠢ ᠬᠡᠷᠡᠭᠯᠡᠭᠰᠡᠨ ᠪᠤᠶᠤ ᠬᠢᠮᠢ ᠵᠢᠨ ᠡᠮ ᠨᠠᠶ᠋ᠢᠷᠠᠯᠭ᠎ᠠ ᠵᠢ ᠬᠡᠮᠵᠢᠶ᠎ᠡ᠎ᠠᠴᠠ᠎ᠨᠢ ᠬᠡᠲᠦᠷᠡᠭᠦᠯᠦᠨ ᠬᠡᠷᠡᠭᠯᠡᠵᠦ ᠰᠠᠩ ᠬᠦᠮᠦᠷᠭᠡ ᠵᠢᠨ ᠪᠡᠯᠡᠳᠭᠡᠮᠵᠢ ᠵᠢ ᠠᠷᠢᠭᠤᠳᠬᠠᠬᠤ᠂ ᠠᠮᠤ ᠪᠤᠳᠠᠭ᠎ᠠ ᠵᠢᠨ ᠬᠤᠷᠤᠬᠠᠢ ᠵᠢᠨ ᠬᠦᠨᠦᠭᠡᠯ ᠪᠠ ᠬᠦᠬᠡᠴᠦ ᠵᠢ ᠰᠡᠷᠭᠡᠶ᠋ᠢᠯᠡᠬᠦ᠂ ᠬᠤᠯᠤᠭ᠋ᠠᠨ᠎ᠠ ᠵᠢ ᠤᠰᠠᠳᠬᠠᠭᠰᠠᠨ ᠪᠤᠶᠤ ᠡᠮ ᠨᠠᠶ᠋ᠢᠷᠠᠯᠭ᠎ᠠ ᠵᠢᠨ ᠦᠯᠡᠳᠡᠴᠡ᠎ᠨᠢ ᠤᠯᠤᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠠᠮᠤ ᠪᠤᠳᠠᠭ᠎ᠠ ᠵᠢ ᠠᠰᠲᠤᠨᠢ ᠪᠢᠲᠡᠭᠦᠮᠵᠢᠯᠡᠵᠦ ᠬᠠᠳᠠᠭ᠋ᠠᠯᠠᠭᠰᠠᠨ ᠦᠭᠡᠢ᠃
ᠭᠤᠴᠢᠨ ᠲᠠᠪᠤᠳᠤᠭ᠋ᠠᠷ ᠵᠦᠢ᠍ᠯ ᠲᠤᠰ ᠠᠷᠭ᠎ᠠ ᠵᠢᠨ ᠠᠷᠪᠠᠨ ᠬᠤᠶᠠᠳᠤᠭ᠋ᠠᠷ ᠵᠦᠢ᠍ᠯ᠎ᠤᠨ ᠨᠢᠭᠡᠳᠦᠭᠡᠷ ᠵᠣᠷᠪᠤᠰ᠎ᠤᠨ ᠨᠢᠭᠡᠳᠦᠭᠡᠷ ᠲᠦᠷᠦᠯ᠎ᠤᠨ ᠲᠣᠭᠲᠠᠭ᠋ᠠᠯ᠎ᠠᠴᠠ ᠵᠦᠷᠢᠴᠡᠵᠦ᠂ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ᠎ᠲᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ ᠪᠠ ᠡᠵᠡᠩᠨᠡᠯᠲᠡ ᠵᠢᠨ ᠦᠨᠡᠮᠯᠡᠯ ᠵᠶ᠋ᠠᠨ ᠢᠯᠡ ᠦᠵᠡᠭᠦᠯᠦᠭᠰᠡᠨ ᠦᠭᠡᠢ ᠪᠠᠶ᠋ᠢᠪᠠᠯ᠂ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠢ᠃
ᠭᠤᠴᠢᠨ ᠵᠢᠷᠭᠤᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠭᠰᠡᠨ᠂ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠠᠮᠤ ᠪᠤᠳᠠᠭ᠎ᠠ ᠵᠢᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠬᠡᠷᠡᠭᠲᠡᠢ᠂ ᠬᠤᠭᠤᠴᠠᠭ᠎ᠠ᠎ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ᠂ ᠲᠠᠪᠤᠨ ᠵᠠᠭᠤᠨ ᠲᠦᠭᠦᠷᠢᠭ᠎ᠠᠴᠠ ᠳᠡᠭᠡᠭᠰᠢ ᠨᠢᠭᠡ ᠮᠢᠩᠭ᠋ᠠᠨ ᠲᠦᠭᠦᠷᠢᠭ᠎ᠠᠴᠠ ᠳᠣᠷᠤᠭᠰᠢᠬᠢ ᠵᠤᠭᠤᠰ ᠵᠶ᠋ᠠᠷ ᠲᠣᠷᠭ᠋ᠠᠬᠤ ᠬᠡᠷᠡᠭᠲᠡᠢ᠄
(ᠨᠢᠭᠡ) ᠠᠮᠤ ᠪᠤᠳᠠᠭ᠎ᠠ ᠬᠤᠳᠠᠯᠳᠤᠭᠴᠢ᠎ᠳᠤ ᠠᠮᠤ ᠪᠤᠳᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ᠎ᠪᠠᠨ ᠭᠠᠷᠭ᠋ᠠᠨ ᠦᠵᠡᠭᠦᠯᠦᠭᠰᠡᠨ ᠦᠭᠡᠢ᠃
(ᠬᠤᠶᠠᠷ) ᠬᠡᠪ᠎ᠤᠨ ᠬᠠᠳᠠᠭ᠋ᠠᠯᠠᠬᠤ ᠵᠢᠯ ᠬᠤᠭᠤᠴᠠᠭ᠋ᠠᠨ ᠳᠤᠲᠤᠷ᠎ᠠ ᠬᠦᠮᠦᠷᠭᠡ᠎ᠠᠴᠠ ᠭᠠᠷᠭ᠋ᠠᠬᠤ ᠠᠮᠤ ᠪᠤᠳᠠᠭ᠎ᠠ ᠵᠢ ᠡᠵᠡᠩᠨᠡᠭᠴᠢ᠎ᠠᠴᠠ ᠶᠠᠰᠤ ᠴᠢᠨᠠᠷ᠎ᠢ᠎ᠨᠢ ᠪᠠᠶ᠋ᠢᠴᠠᠭ᠋ᠠᠨ ᠰᠢᠯᠭ᠋ᠠᠭᠰᠠᠨ ᠦᠭᠡᠢ ᠪᠤᠶᠤ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠭᠠᠷᠭ᠋ᠠᠵᠤ ᠥᠭᠭᠦᠭᠰᠡᠨ ᠦᠭᠡᠢ᠃
(ᠭᠤᠷᠪᠠ) ᠠᠮᠤ ᠪᠤᠳᠠᠭ᠎ᠠ ᠪᠤᠷᠤᠯᠠᠭᠤᠯᠬᠤ᠂ ᠪᠣᠯᠪᠠᠰᠤᠷᠠᠭᠤᠯᠬᠤ ᠪᠠ ᠤᠯᠠᠷᠢᠭᠤᠯᠬᠤ ᠠᠵᠢᠯ᠎ᠢ ᠡᠷᠬᠢᠯᠡᠵᠦ ᠪᠠᠶ᠋ᠢᠭ᠎ᠠ ᠡᠵᠡᠩᠨᠡᠭᠴᠢ᠎ᠨᠢ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭ᠋ᠠᠯᠠᠬᠤ ᠠᠵᠢᠯ᠎ᠢ ᠡᠷᠬᠢᠯᠡᠵᠦ ᠪᠠᠶ᠋ᠢᠭ᠎ᠠ ᠡᠵᠡᠩᠨᠡᠭᠴᠢ᠎ᠠᠴᠠ ᠠᠮᠤ ᠪᠤᠳᠠᠭ᠎ᠠ ᠬᠤᠳᠠᠯᠳᠤᠨ ᠠᠪᠬᠤ᠎ᠳᠠᠭᠠᠨ᠂ ᠠᠮᠤ ᠪᠤᠳᠠᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ ᠵᠢ ᠠᠪᠤᠭᠰᠠᠨ ᠦᠭᠡᠢ᠃
ᠭᠤᠴᠢᠨ ᠳᠤᠯᠤᠳᠤᠭ᠋ᠠᠷ ᠵᠦᠢ᠍ᠯ ᠠᠮᠤ ᠪᠤᠳᠠᠭ᠎ᠠ᠂ ᠠᠵᠤ ᠦᠢ᠍ᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠪᠠ ᠡᠷᠡᠭᠦᠯ ᠬᠠᠮᠠᠭ᠋ᠠᠯᠠᠯ ᠵᠡᠷᠭᠡ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠦᠴᠢᠷ ᠵᠢᠴᠢ ᠲᠡᠭᠦᠨ᠎ᠤ ᠠᠵᠢᠯᠲᠠᠳ᠎ᠨᠢ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠭᠤᠳ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ ᠪᠤᠶᠤ ᠰᠢᠭᠤᠳ ᠬᠠᠷᠢᠭᠤᠴᠠᠯᠭ᠋ᠠᠲᠠᠨ᠎ᠳᠤ ᠬᠠᠤᠯᠢ ᠶᠣᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠥᠭᠭᠦᠨ᠎ᠡ; ᠶᠠᠯᠠᠳᠤ ᠬᠦᠷᠦᠭᠰᠡᠨ ᠪᠠᠶ᠋ᠢᠪᠠᠯ᠂ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠄
(ᠨᠢᠭᠡ) ᠠᠮᠤ ᠪᠤᠳᠠᠭ᠎ᠠ ᠡᠵᠡᠩᠨᠡᠭᠴᠢ ᠵᠢᠨ ᠬᠡᠪ᠎ᠤᠨ ᠡᠵᠡᠩᠨᠡᠯᠲᠡ ᠵᠢᠨ ᠠᠵᠢᠯᠯᠠᠭ᠎ᠠ᠎ᠳᠤ ᠬᠠᠤᠯᠢ ᠪᠤᠰᠤ᠎ᠪᠠᠷ ᠭᠠᠷ ᠲᠦᠷᠦᠭᠰᠡᠨ᠃
(ᠬᠤᠶᠠᠷ) ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ᠎ᠪᠠᠷ ᠲᠣᠭᠲᠠᠭ᠋ᠠᠭᠰᠠᠨ ᠨᠦᠬᠦᠴᠡᠯ ᠪᠠ ᠳᠡᠰ ᠳᠠᠷᠠᠭ᠋ᠠᠯᠠᠯ ᠵᠶ᠋ᠠᠷ ᠣᠯᠭᠤᠭᠰᠠᠨ ᠦᠭᠡᠢ᠃
(ᠭᠤᠷᠪᠠ) ᠠᠮᠤ ᠪᠤᠳᠠᠭ᠎ᠠ ᠵᠢᠨ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ᠎ᠳᠤ ᠬᠤᠳᠠᠯ ᠬᠠᠭᠤᠷᠮᠠᠭ ᠭᠡᠷᠡᠴᠢ ᠬᠠᠩᠭ᠋ᠠᠭᠰᠠᠨ᠃
(ᠳᠥᠷᠪᠡ) ᠬᠢᠨᠠᠨ ᠬᠠᠮᠢᠶᠠᠷᠬᠤ ᠠᠵᠢᠯ᠎ᠤᠨ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠠᠯᠪᠠᠨ ᠲᠤᠰᠢᠶᠠᠯ᠎ᠳᠤ ᠠᠯᠮᠠᠶ᠋ᠢᠷᠠᠨ ᠣᠰᠤᠯᠳᠠᠭᠰᠠᠨ᠂ ᠭᠤᠶᠠᠴᠢᠯᠠᠨ ᠬᠠᠤᠯᠢ ᠶᠤᠰᠣ ᠵᠢ ᠵᠦᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠭᠤᠴᠢᠨ ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠠᠵᠢᠯ᠎ᠤᠨ ᠰᠠᠯᠠᠭ᠎ᠠ ᠮᠦᠴᠢᠷ᠎ᠤᠨ ᠬᠠᠷᠢᠭᠤᠴᠠᠯᠭ᠋ᠠᠲᠠᠨ ᠪᠤᠶᠤ ᠰᠢᠭᠤᠳ ᠬᠠᠷᠢᠭᠤᠴᠠᠯᠭ᠋ᠠᠲᠠᠨ᠎ᠨᠢ ᠲᠤᠰ ᠠᠷᠭ᠎ᠠ ᠵᠢᠨ ᠲᠣᠭᠲᠠᠭ᠋ᠠᠯ᠎ᠠᠴᠠ ᠵᠦᠷᠢᠴᠡᠭᠰᠡᠨ᠂ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠬᠠᠤᠯᠢ ᠶᠤᠰᠤᠭ᠋ᠠᠷ ᠵᠠᠰᠠᠭ ᠵᠠᠬᠢᠷᠭ᠋ᠠᠨ᠎ᠤ ᠰᠢᠳᠭᠡᠯ ᠥᠭᠭᠦᠨ᠎ᠡ; ᠶᠠᠯᠠᠳᠤ ᠬᠦᠷᠦᠭᠰᠡᠨ ᠪᠠᠶ᠋ᠢᠪᠠᠯ᠂ ᠬᠠᠤᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄
(ᠨᠢᠭᠡ) ᠠᠮᠤ ᠪᠤᠳᠠᠭ᠎ᠠ ᠬᠤᠳᠠᠯᠳᠤᠨ ᠠᠪᠤᠭᠴᠢ ᠵᠢ ᠭᠠᠶ᠋ᠢᠯᠢ᠂ ᠵᠠᠷᠤᠳᠠᠯ ᠪᠤᠶᠤ ᠪᠤᠰᠤᠳ ᠵᠤᠭᠤᠰᠤᠨ᠎ᠤ ᠵᠦᠢ᠍ᠯ᠎ᠢ ᠣᠷᠤᠯᠠᠨ ᠰᠠᠭᠤᠳᠬᠠᠬᠤ᠂ ᠣᠷᠤᠯᠠᠨ ᠲᠤᠰᠢᠶᠠᠯᠭ᠋ᠠᠬᠤ᠎ᠪᠠᠷ ᠠᠯᠪᠠᠳᠠᠭᠰᠠᠨ᠃
(ᠬᠤᠶᠠᠷ) ᠵᠥᠪᠰᠢᠶᠡᠷᠡᠯ ᠦᠭᠡᠢ᠎ᠪᠠᠷ ᠤᠯᠤᠰ᠎ᠤᠨ ᠠᠮᠤ ᠪᠤᠳᠠᠭ᠎ᠠ ᠵᠢᠨ ᠠᠵᠤ ᠠᠬᠤᠶ᠋ᠢᠯᠠᠯ᠎ᠤᠨ ᠰᠠᠩ ᠬᠦᠮᠦᠷᠭᠡ ᠵᠢᠨ ᠪᠡᠯᠡᠳᠭᠡᠮᠵᠢ ᠵᠢ ᠳᠤᠷ᠎ᠠ᠎ᠪᠠᠷ ᠵᠶ᠋ᠠᠨ ᠰᠢᠢ᠍ᠳᠪᠦᠷᠢᠯᠡᠭᠰᠡᠨ᠃
(ᠭᠤᠷᠪᠠ) ᠠᠮᠤ ᠪᠤᠳᠠᠭ᠎ᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠣᠭᠲᠠᠭ᠋ᠠᠯ᠎ᠠᠴᠠ ᠵᠦᠷᠢᠴᠡᠵᠦ ᠡᠭᠦᠷᠭᠡ ᠬᠠᠷᠢᠭᠤᠴᠠᠯᠭ᠎ᠠ᠎ᠪᠠᠨ ᠦᠯᠦ ᠭᠦᠢ᠍ᠴᠡᠳᠭᠡᠭᠰᠡᠨ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠭᠤᠴᠢ ᠶᠢᠰᠦᠳᠦᠭᠡᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠠᠮᠤ ᠪᠤᠳᠠᠭ᠎ᠠ ᠵᠢ ᠤᠯᠠᠷᠢᠭᠤᠯᠬᠤ ᠭᠡᠳᠡᠭ᠎ᠨᠢ ᠠᠮᠤ ᠪᠤᠳᠠᠭ᠎ᠠ᠎ᠪᠠᠷ ᠲᠥᠭᠦᠬᠡᠢ ᠡᠳ᠋ ᠪᠣᠯᠭ᠋ᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠬᠦ ᠵᠢᠴᠢ ᠨᠡᠷᠡᠬᠦ᠂ ᠲᠡᠵᠢᠭᠡᠯ ᠪᠣᠷᠳᠤᠭ᠎ᠠ᠂ ᠲᠡᠵᠢᠭᠡᠨ ᠦᠷᠡᠵᠢᠭᠦᠯᠬᠦ ᠵᠡᠷᠭᠡ᠎ᠳᠤ ᠬᠡᠷᠡᠭᠯᠡᠬᠦ ᠡᠵᠡᠩᠨᠡᠯᠲᠡ ᠵᠢᠨ ᠠᠵᠢᠯᠯᠠᠭ᠎ᠠ ᠵᠢ ᠵᠢᠭ᠋ᠠᠵᠤ ᠪᠣᠢ᠃
ᠳᠦᠴᠢᠳᠦᠭᠡᠷ ᠵᠦᠢ᠍ᠯ ᠰᠢᠷ᠎ᠠ ᠪᠣᠷᠴᠠᠭ᠂ ᠲᠤᠰᠤᠯᠢᠭ ᠡᠳ᠋᠂ ᠢᠳᠡᠭᠡᠨ᠎ᠤ ᠤᠷᠭᠤᠮᠠᠯ᠎ᠤᠨ ᠲᠣᠰᠣ ᠵᠢ ᠡᠳ᠋ᠰᠢᠭᠦᠯᠬᠦ᠂ ᠤᠯᠠᠷᠢᠭᠤᠯᠬᠤ᠂ ᠪᠣᠷᠤᠯᠠᠭᠤᠯᠬᠤ᠂ ᠬᠠᠳᠠᠭ᠋ᠠᠯᠠᠬᠤ᠂ ᠲᠡᠭᠡᠭᠡᠪᠦᠷᠢᠯᠡᠬᠦ᠂ ᠭᠠᠳᠠᠭ᠋ᠠᠲᠤ᠎ᠳᠤ ᠭᠠᠷᠭ᠋ᠠᠵᠤ ᠭᠠᠳᠠᠭ᠋ᠠᠲᠤ᠎ᠠᠴᠠ ᠣᠷᠤᠭᠤᠯᠬᠤ ᠵᠡᠷᠭᠡ ᠡᠵᠡᠩᠨᠡᠯᠲᠡ ᠵᠢᠨ ᠠᠵᠢᠯᠯᠠᠭ᠎ᠠ᠎ᠳᠤ ᠲᠤᠰ ᠠᠷᠭ᠎ᠠ ᠵᠢᠨ ᠵᠢᠷᠭᠤᠳᠤᠭ᠋ᠠᠷ ᠵᠦᠢ᠍ᠯ᠎ᠠᠴᠠ ᠠᠷᠪᠠᠨ ᠨᠢᠭᠡᠳᠦᠭᠡᠷ ᠵᠦᠢ᠍ᠯ ᠬᠦᠷᠲᠡᠯᠡᠬᠢ ᠲᠣᠭᠲᠠᠭ᠋ᠠᠯ᠎ᠠᠴᠠ ᠪᠤᠰᠤᠳ᠎ᠨᠢ ᠪᠦᠷ ᠬᠡᠷᠡᠭᠯᠡᠭᠳᠡᠨ᠎ᠡ᠃
ᠳᠦᠴᠢᠨ ᠨᠢᠭᠡᠳᠦᠭᠡᠷ ᠵᠦᠢ᠍ᠯ ᠲᠤᠰ ᠠᠷᠭ᠎ᠠ ᠵᠢ 2009 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃