1571   -   ᠳᠣᠯᠣᠭᠠᠨ ᠵᠦᠢᠯ᠎ᠦᠨ ᠭᠣᠣᠯᠳᠠᠯᠭ᠎ᠠ ᠪᠣᠯᠬᠤ ᠠᠵᠢᠯ
ᠮᠠᠨ᠎ᠤ ᠣᠷᠣᠨ ᠡᠨᠡ ᠵᠢᠯ ᠬᠥᠳᠡᠭᠡ ᠲᠣᠰᠬᠣᠨ᠎ᠤ ᠵᠠᠰᠠᠮᠠᠯ ᠵᠠᠮ᠎ᠢ 5000 ᠺᠢᠯᠣᠮᠧᠲᠷ ᠡᠬᠢᠯᠡᠵᠦ ᠵᠠᠰᠠᠬᠤ᠎ᠪᠠᠷ ᠲᠥᠯᠥᠪᠯᠡᠵᠦ ᠪᠣᠶ  ᠲᠦᠷᠦᠭᠦᠸ᠋ 4 ᠰᠠᠷ᠎ᠠ᠎ᠳᠤ 4.81 ᠳ᠋ᠦᠩᠰᠢᠭᠤᠷ ᠲᠥᠭᠥᠷᠢᠭ᠎ᠤᠨ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠵᠤ᠂ ᠠᠳᠠᠯᠢ ᠬᠤᠭᠤᠴᠠᠭᠠᠨ᠎ᠤ ᠬᠢ᠎ᠡᠴᠡ 67.01% ᠪᠡᠷ ᠨᠡᠮᠡᠭᠳᠡᠪᠡ
ᠨᠡᠶ᠋ᠢᠲᠡᠯᠡᠭᠰᠡᠨ ᠴᠠᠭ᠄ 2026-05-14

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠣᠳᠣᠬᠠᠨ᠎ᠳᠤ ᠪᠥᠬᠥ ᠣᠷᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ ᠶᠡᠷᠦᠩᠬᠡᠢ᠎ᠳᠤ᠎ᠪᠠᠨ ᠬᠤᠷᠳᠤᠴᠠ ᠨᠡᠮᠡᠭᠳᠡᠬᠦ ᠬᠠᠨᠳᠤᠰᠢ ᠢᠯᠡᠷᠡᠵᠦ᠂ 2026 ᠣᠨ᠎ᠳᠤ ᠮᠠᠨ᠎ᠤ ᠣᠷᠣᠨ ᠬᠥᠳᠡᠭᠡ ᠲᠣᠰᠬᠣᠨ᠎ᠤ ᠵᠠᠰᠠᠮᠠᠯ ᠵᠠᠮ᠎ᠢ 5000 ᠺᠢᠯᠣᠮᠧᠲᠷ ᠡᠬᠢᠯᠡᠵᠦ ᠵᠠᠰᠠᠬᠤ᠎ᠪᠠᠷ ᠲᠥᠯᠥᠪᠯᠡᠵᠦ ᠪᠠᠢᠨ᠎ᠠ᠂ 4 ᠳ᠋ᠦ᠍ᠭᠡᠷ ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠳᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠲᠥᠷᠥᠯ ᠵᠦᠢᠯ᠎ᠢ ᠨᠡᠶ᠋ᠢᠲᠡ 103 ᠡᠬᠢᠯᠡᠵᠦ ᠪᠦᠲᠦᠭᠡᠨ ᠪᠠᠢᠭᠤᠯᠤᠭᠠᠳ᠂ 1390 ᠺᠢᠯᠣᠮᠧᠲᠷ ᠡᠬᠢᠯᠡᠨ ᠵᠠᠰᠠᠵᠤ᠂ ᠣᠨ᠎ᠤ ᠡᠭᠦᠷᠭᠡ᠎ᠪᠡᠨ 27.8% ᠪᠡᠷ ᠪᠡᠶᠡᠯᠡᠭᠦᠯᠵᠡᠢ᠃ 4.81 ᠳ᠋ᠦᠩᠰᠢᠭᠤᠷ ᠲᠥᠭᠥᠷᠢᠭ᠎ᠦᠨ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠭᠰᠠᠨ ᠪᠥᠭᠡᠳ ᠠᠳᠠᠯᠢ ᠬᠤᠭᠤᠴᠠᠭᠠᠨ᠎ᠤ ᠬᠢ᠎ᠡᠴᠡ 67.01%᠎ᠪᠠᠷ ᠨᠡᠮᠡᠭᠳᠡᠨ᠂ ᠣᠨ᠎ᠤ ᠪᠡᠯᠡ ᠣᠷᠣᠭᠤᠯᠬᠤ ᠬᠠᠷᠠᠯᠲᠠ᠎ᠪᠠᠨ 6.9%᠎ᠪᠠᠷ ᠪᠡᠶᠡᠯᠡᠭᠦᠯᠪᠡ ᠃ 

《ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠲᠥᠷᠥᠯ ᠵᠦᠢᠯ᠎ᠢ ᠡᠷᠲᠡ ᠡᠬᠢᠯᠡᠭᠦᠯᠵᠦ᠂ ᠲᠦᠷᠭᠡᠨ ᠪᠦᠲᠦᠭᠡᠨ ᠪᠠᠶ᠋ᠢᠭᠤᠯᠬᠤ᠎ᠶᠢ ᠠᠬᠢᠭᠤᠯᠬᠤ᠎ᠶᠢᠨ ᠲᠥᠯᠥᠭᠡ᠂ ᠪᠢᠳᠡ ᠵᠢᠯ᠎ᠦᠨ ᠡᠬᠢᠨ᠎ᠳᠦ ᠪᠥᠬᠥ ᠣᠷᠣᠨ᠎ᠤ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠬᠠᠮᠢᠶ᠎ᠠ ᠪᠦᠬᠦᠢ ᠠᠵᠢᠯ᠎ᠢ ᠭᠠᠷᠳᠠᠨ ᠠᠬᠢᠭᠤᠯᠵᠤ᠂ 12 ᠠᠢᠮᠠᠭ ᠬᠣᠲᠠ ᠯᠤᠭ᠎ᠠ ᠨᠢᠭᠡᠳ ᠨᠢᠭᠡ᠎ᠪᠡᠷ ᠠᠵᠢᠯ ᠵᠣᠯᠭᠠᠭᠤᠯᠤᠨ᠂ ᠲᠥᠷᠥᠯ ᠵᠦᠢᠯ᠎ᠢ ᠡᠷᠲᠡᠬᠡᠨ ᠨᠠᠢᠳᠠᠪᠤᠷᠢᠵᠢᠭᠤᠯᠬᠤ᠎ᠶᠢ ᠠᠬᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠳ᠎ᠤᠨ ᠭᠠᠳᠠᠭ᠍ᠰᠢ ᠭᠠᠷᠬᠤ᠎ᠳᠤ ᠠᠮᠤᠷ ᠲᠦᠪᠰᠢᠨ ᠪᠠ ᠳᠥᠭᠥᠮ ᠳᠥᠲᠡ ᠪᠠᠢᠬᠤ᠎ᠶᠢ ᠨᠢ ᠪᠠᠲᠤᠯᠠᠪᠠ》 ᠬᠡᠮᠡᠨ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠦᠨ ᠬᠥᠭᠵᠢᠯᠲᠡ᠎ᠶᠢᠨ ᠲᠥᠪ᠎ᠦᠨ ᠬᠥᠳᠡᠭᠡ ᠲᠣᠰᠬᠣᠨ ᠪᠠ ᠬᠢᠯᠢ᠎ᠶᠢᠨ ᠬᠠᠮᠠᠭᠠᠯᠠᠯᠲᠠ᠎ᠶᠢᠨ ᠵᠠᠰᠠᠮᠠᠯ ᠵᠠᠮ᠎ᠤᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ
Baidu
map