|
ᠴᠠᠭᠠᠨ ᠰᠠᠷ᠎ᠠ ᠶᠢᠨ ᠬᠤᠭᠤᠴᠠᠭᠠᠨ ᠳᠤ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠣᠯᠪᠠ |
|
|
ᠨᠡᠶᠢᠲᠡᠯᠡᠭᠰᠡᠨ ᠴᠠᠭ᠄
2025/2/6
|
|
ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠣᠷᠣᠨ ︽ᠪᠠᠶᠠᠷ ᠬᠥᠷ ᠲᠠᠢ ᠰᠢᠨᠡᠯᠡᠬᠦ︾ ᠪᠠᠷ ᠭᠤᠤᠯ ᠰᠡᠳᠦᠪ ᠢᠶᠠᠨ ᠪᠣᠯᠭᠠᠵᠤ᠂ 417 ᠲᠥᠷᠥᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ︔ ᠪᠥᠬᠦ ᠣᠷᠣᠨ ᠤ ᠬᠡᠪᠴᠢᠶᠡᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 3058 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠨᠡᠶᠢᠲᠡ 217 ᠳ᠋ᠦᠩᠰᠢᠭᠤᠷ ᠲᠥᠭᠦᠷᠢᠭ ᠵᠠᠷᠤᠴᠠᠭᠤᠯᠪᠠ᠂ ᠡᠭᠦᠨ ᠳᠤ ᠭᠠᠭᠴᠠ ᠡᠳᠦᠷ ᠤᠨ ᠵᠢᠭᠤᠯᠴᠢᠯᠠᠭᠴᠢᠳ ᠢ 1868 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠬᠤᠨᠤᠭ ᠤᠨ ᠵᠢᠭᠤᠯᠴᠢᠯᠠᠭᠴᠢᠳ ᠢ 1190 ᠲᠦᠮᠡᠨ ᠬᠥᠮᠦᠨ ᠤᠳᠠᠭ᠎ᠠ ᠬᠦᠯᠢᠶᠡᠨ ᠠᠪᠤᠪᠠ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠨᠤᠭᠤᠳ ᠢ ᠴᠢᠩᠭ᠎ᠠ ᠪᠠᠶᠢᠴᠠᠭᠠᠨ᠂ ᠪᠥᠬᠦ ᠣᠷᠣᠨ ᠳᠠᠬᠢ ᠡᠵᠡᠩᠨᠡᠯᠲᠡ ᠶᠢᠨ ᠨᠢᠭᠡᠴᠢ ᠶᠢ 4334 ᠡᠷᠦᠬᠡ ᠤᠳᠠᠭ᠎ᠠ ᠪᠠᠶᠢᠴᠠᠭᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠯᠭᠠᠪᠠ᠃ ︵ᠰᠣᠶᠣᠯ ᠵᠢᠭᠤᠯᠴᠢᠯᠠᠯ ᠤᠨ ᠲᠢᠩᠬᠢᠮ︶ |
|
ᠢᠷᠡᠯᠲᠡ᠄
︽ᠡᠳᠦᠷ ᠪᠦᠷᠢ ᠶᠢᠨ ᠴᠢᠬᠤᠯᠠ ᠮᠡᠳᠡᠭᠡ︾ ᠰᠡᠳᠬᠦᠯ
|