|
ᠴᠠᠭᠠᠨ ᠰᠠᠷ᠎ᠠ ᠶᠢᠨ ᠬᠤᠭᠤᠴᠠᠭᠠᠨ ᠳᠤ ᠪᠦᠬᠦ ᠣᠷᠣᠨ ᠤ ᠨᠡᠶᠢᠭᠡᠮ ᠤᠨ ᠶᠡᠭᠡ ᠪᠠᠶᠢᠳᠠᠯ ᠲᠣᠭᠲᠠᠭᠤᠨ ᠠᠮᠤᠷ ᠢ ᠬᠠᠮᠠᠭᠠᠯᠠᠬᠤ ᠡᠮᠬᠢ ᠳᠢᠭᠯᠢᠮ ᠰᠠᠶᠢᠨ ᠪᠠᠶᠢᠨ᠎ᠠ |
|
|
ᠨᠡᠶᠢᠲᠡᠯᠡᠭᠰᠡᠨ ᠴᠠᠭ᠄
2025/2/6
|
|
ᠴᠠᠭᠠᠨ ᠰᠠᠷ᠎ᠠ ᠶᠢᠨ ᠬᠤᠭᠤᠴᠠᠭᠠᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠴᠠᠭᠠᠨ ᠰᠠᠷ᠎ᠠ ᠶᠢᠨ ᠵᠥᠭᠡᠭᠡᠪᠦᠷᠢ ᠶᠢᠨ ᠵᠠᠮ ᠬᠠᠷᠢᠯᠴᠠᠭᠠᠨ ᠤ ᠪᠠᠲᠤᠯᠠᠭ᠎ᠠ᠂ ᠨᠡᠶᠢᠭᠡᠮ ᠤᠨ ᠵᠥᠷᠢᠴᠡᠯ ᠢ ᠨᠠᠮᠳᠠᠭᠤᠯᠤᠨ ᠠᠷᠢᠯᠭᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠣᠯᠠᠨ ᠲᠦᠮᠡᠨ ᠳᠤ ᠠᠮᠤᠷ ᠲᠠᠶᠢᠪᠣᠩ ᠡᠶ᠎ᠡ ᠨᠠᠶᠢᠷᠠᠮᠳᠠᠭᠤ ᠨᠡᠶᠢᠭᠡᠮ ᠤᠨ ᠠᠮᠤᠷ ᠲᠦᠪᠰᠢᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ ᠥᠭᠪᠡ᠃ 1 ᠳ᠋ᠦ᠋ᠭᠡᠷ ᠰᠠᠷ᠎ᠠ ᠶᠢᠨ 28 ᠤ ᠡᠳᠦᠷ ᠠᠴᠠ 2 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ ᠪᠥᠬᠦ ᠣᠷᠣᠨ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠴᠠᠭᠳᠠᠭᠠᠨ ᠤ ᠬᠦᠴᠦᠨ ᠢ ᠨᠡᠶᠢᠲᠡ 53620 ᠬᠥᠮᠦᠨ ᠤᠳᠠᠭ᠎ᠠ᠂ ᠴᠠᠭᠳᠠᠭᠠᠨ ᠤ ᠲᠡᠷᠭᠡ ᠶᠢ 9956 ᠲᠡᠷᠭᠡ ᠤᠳᠠᠭ᠎ᠠ ᠬᠥᠳᠡᠯᠭᠡᠵᠦ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠦᠯᠲᠡ ᠶᠢᠨ 98 ᠪᠠᠶᠢᠴᠠᠭᠠᠯᠲᠠ ᠶᠢᠨ ᠥᠷᠲᠡᠭᠡ ᠶᠢ ᠠᠵᠢᠯᠯᠠᠭᠤᠯᠵᠤ᠂ ᠲᠦᠷ ᠴᠠᠭ ᠤᠨ ᠵᠢᠵᠢᠭᠦᠷᠯᠡᠬᠦ 334 ᠴᠡᠭ ᠢ ᠲᠣᠬᠢᠷᠠᠭᠤᠯᠪᠠ᠃ ︵ᠳᠣᠲᠣᠭᠠᠳᠤ ᠶᠢ ᠬᠠᠮᠠᠭᠠᠯᠠᠬᠤ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|