ᠠᠢ ᠯᠢ ᠬᠤᠸᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/14
5 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠠᠶ ᠯᠢ ᠬᠤᠸᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠠ᠃ ᠠᠶ ᠯᠢ ᠬᠤᠸᠠ ᠨᠠᠷ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠮᠵᠢᠭᠤᠯᠭ᠎ᠠ ᠰᠠᠴᠣᠷᠠᠭᠤᠯᠭ᠎ᠠ ᠶᠢᠨ ᠲᠥᠪ ᠤᠨ 501 ᠲᠠᠪᠴᠠᠩ ᠂ ᠬᠢᠨᠠᠨ ᠬᠡᠮᠵᠢᠬᠦ ᠪᠠ ᠬᠥᠭᠵᠢᠭᠦᠯᠬᠦ ᠲᠥᠪ ᠲᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠮᠠᠨᠵᠤᠤᠷ ᠤᠨ 717 ᠲᠠᠪᠴᠠᠩ ᠂ ᠡᠵᠢᠨ᠎ᠡ ᠶᠢᠨ 788 ᠲᠠᠪᠴᠠᠩ ᠵᠡᠷᠭᠡ ᠦᠨᠳᠦᠰᠦᠨ ᠱᠠᠲᠤᠨ ᠤ ᠷᠠᠳᠢᠣ᠋ ᠲᠧᠯᠸᠢᠰ ᠤᠨ ᠰᠠᠴᠤᠷᠠᠭᠤᠯᠬᠤ ᠥᠷᠲᠡᠭᠡ ᠲᠠᠢ ᠸᠢᠳᠢᠤ᠋ ᠪᠠᠷ ᠶᠠᠷᠢᠯᠴᠠᠪᠠ᠃ ᠳᠠᠷᠠᠭ᠎ᠠ ᠳᠤ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠠᠢ ᠯᠢ ᠬᠤᠸᠠ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠨᠡᠮᠡᠷᠢᠯᠡᠬᠦ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠣᠶᠤᠨᠴᠢ ᠷᠠᠳᠢᠣ᠋ ᠲᠧᠯᠸᠢᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠶ ᠯᠢ ᠬᠤᠸᠠ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠳᠠᠮᠵᠢᠭᠤᠯᠭ᠎ᠠ ᠰᠤᠳᠤᠯᠭᠠᠨ ᠤ ᠠᠵᠢᠯ ᠤᠨ ᠳᠡᠭᠡᠷ᠎ᠡ ᠰᠡᠳᠬᠢᠯ ᠲᠠᠯᠪᠢᠨ ᠬᠦᠴᠦ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ  ᠲᠠᠢ ᠨᠢᠭᠲᠠ ᠣᠶᠠᠯᠳᠣᠭᠤᠯᠵᠦ ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢᠭᠰᠡᠨ ᠠᠵᠢᠯ ᠤᠨ ᠬᠢᠯᠠᠰ ᠴᠡᠭ ᠣᠯᠠᠨ᠂ ᠴᠢᠭᠯᠡᠯ ᠣᠨᠣᠪᠴᠢᠲᠠᠶ ᠪᠠᠶᠢᠨ᠎ᠠ ᠭᠡᠵᠦ ᠬᠡᠯᠡᠪᠡ ᠃ ᠲᠡᠷᠡ᠂ ᠷᠠᠳᠢᠣ᠋ ᠲᠧᠯᠸᠢᠰ ᠤᠨ ᠰᠢᠰᠲ᠋ᠧᠮ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠢᠮ︾ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠤᠨᠤᠯ ᠤᠨ ᠳᠠᠮᠵᠢᠭᠤᠯᠭ᠎ᠠ ᠪᠠ ᠭᠤᠤᠯ ᠰᠡᠳᠦᠪᠲᠦ ᠤᠬᠠᠭᠤᠯᠭ᠎ᠠ ᠶᠢᠨ ᠰᠢᠨ᠎ᠡ ᠶᠢ ᠡᠭᠦᠳᠴᠦ᠂ ᠭᠤᠤᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠤᠨᠴᠢ ᠷᠠᠳᠢᠣ᠋ ᠲᠧᠯᠸᠢᠰ ᠤᠨ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠷᠠᠳᠢᠣ᠋ ᠲᠧᠯᠸᠢᠰ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠩᠭᠠᠳᠬᠠᠪᠠ᠃ ︵ᠠᠯᠪᠠᠨ ᠭᠡᠷ︶
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠲᠤᠪᠴᠢᠶ᠎ᠠ
Baidu
map