ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ |
ᠰᠢᠪᠲᠤᠯᠤᠯᠲᠠ ᠶᠢᠨ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ |
ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠠᠪᠴᠢᠶᠠᠨ ᠤ |
ᠳᠡᠳ᠋ ᠲᠣᠪᠴᠢᠶᠠᠨ ᠳᠠᠷᠤᠭ᠎ᠠ ᠰᠢ ᠶᠣᠤ ᠲᠢᠩ ᠬᠠᠮᠢᠶ᠎ᠠ ᠪᠥᠬᠦᠶ ᠠᠵᠢᠯᠲᠠᠨ ᠢᠶᠠᠨ ᠳᠠᠭᠠᠭᠤᠯᠤᠨ ᠯᠦᠩ ᠴᠠᠩ |
ᠪᠠᠯᠭᠠᠰᠤ ᠶᠢᠨ ᠪᠠ ᠳᠤᠸᠠᠨ ᠲᠣᠰᠬᠤᠨ᠂ ᠹᠦ᠋ ᠱᠠᠨ ᠲᠣᠰᠬᠤᠨ᠂ ᠨᠠᠨ ᠸᠠᠨ ᠽᠢ ᠲᠣᠰᠬᠤᠨ ᠳᠤ ᠬᠦᠷᠴᠦ ᠶᠠᠳᠠᠭᠤ |
ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠪᠠ᠃ |
ᠳᠡᠳ᠋ ᠲᠣᠪᠴᠢᠶᠠᠨ ᠳᠠᠷᠤᠭ᠎ᠠ ᠰᠢᠶᠣᠣ ᠹᠦ᠋ ᠰᠢᠶᠣᠣ ᠶᠢᠨ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ |
ᠵᠢᠭᠰᠠᠭᠠᠨ ᠪᠠᠶᠢᠴᠠᠭᠠᠬᠤ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠢᠭᠡ ᠵᠦᠢᠯ ᠤᠨ |
ᠭᠤᠤᠯᠳᠠᠯᠭ᠎ᠠ ᠲᠠᠢ ᠰᠠᠭᠤᠷᠢ ᠴᠢᠨᠠᠷᠲᠠᠶ ᠠᠵᠢᠯ ᠮᠥᠨ᠂ ᠤᠯᠤᠰ ᠲᠥᠷᠥ ᠶᠢ ᠡᠷᠬᠢᠮᠯᠡᠬᠦ ᠥᠨᠳᠦᠷᠴᠡ ᠠᠴᠠ ᠲᠣᠰ |
ᠤᠳᠠᠭᠠᠨ ᠤ ᠪᠥᠬᠦ ᠲᠠᠯ᠎ᠠ ᠪᠠᠷ ᠣᠶᠢᠯᠭᠠᠨ ᠵᠢᠭᠰᠠᠭᠠᠨ ᠪᠠᠶᠢᠴᠠᠭᠠᠬᠤ ᠠᠵᠢᠯ ᠤᠨ ᠲᠦᠢᠯ ᠤᠨ ᠴᠢᠬᠤᠯᠠ ᠴᠢᠨᠠᠷ ᠢ |
ᠭᠦᠢᠴᠡᠳ ᠲᠠᠨᠢᠵᠤ᠂ ᠣᠶᠤᠨ ᠴᠢᠳᠠᠯ ᠢᠶᠠᠨ ᠲᠥᠪᠯᠡᠷᠡᠭᠦᠯᠦᠨ᠂ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ |
ᠶᠢ ᠰᠠᠶᠢᠲᠤᠷ ᠠᠳᠬᠤᠵᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠦᠨᠡᠨ ᠬᠦ ᠨᠠᠷᠢᠯᠢᠭ |
ᠪᠣᠳᠠᠲᠠᠶ ᠬᠢᠬᠦ ᠬᠡᠷᠡᠭᠲᠡᠶ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠠᠵᠢᠯ ᠤᠨ ᠳᠤᠮᠳᠠ ᠪᠠᠨ |
ᠡᠷᠬᠡᠪᠰᠢ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠱᠠᠲᠤ ᠱᠠᠲᠤ ᠪᠠᠷ ᠬᠢᠨᠠᠨ ᠬᠠᠷᠭᠤᠭᠤᠯᠬᠤ ᠪᠠᠷ |
ᠳᠠᠮᠵᠢᠭᠤᠯᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠰᠠᠭᠠᠨ ᠪᠠᠶᠢᠴᠠᠭᠠᠭᠰᠠᠨ ᠦᠷ᠎ᠡ ᠳ᠋ᠦᠩ |
ᠨᠢ ᠦᠨᠡᠨ ᠪᠣᠳᠠᠲᠠᠶ ᠪᠠᠶᠢᠳᠠᠯ ᠢ ᠦᠨᠡᠨᠬᠦ ᠲᠤᠰᠬᠠᠭᠰᠠᠨ ᠪᠠᠶᠢᠬᠤ ᠶᠢ ᠪᠠᠲᠤᠯᠠᠵᠤ᠂ ᠡᠷᠦᠬᠡ ᠨᠢᠭᠡᠪᠦᠷᠢ᠂ ᠲᠤᠭ᠎ᠠ |
ᠨᠢᠭᠡᠪᠦᠷᠢ ᠳᠤ ᠬᠠᠷᠢᠭᠤᠴᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠡᠭᠡᠷᠯᠡᠬᠦ ᠬᠡᠷᠡᠭᠲᠡᠶ᠃ |
ᠪᠠᠶᠢᠴᠠᠭᠠᠨ ᠵᠢᠭᠰᠠᠭᠠᠵᠤ ᠳᠠᠭᠤᠰᠤᠭᠰᠠᠨ ᠤ ᠳᠠᠷᠠᠭ᠎ᠠ ᠲᠤᠭ᠎ᠠ ᠪᠠᠷᠢᠮᠲᠠ ᠶᠢᠨ ᠵᠠᠳᠠᠯᠤᠯᠲᠠ ᠶᠢ ᠥᠷᠨᠢᠭᠦᠯᠵᠦ᠂ ᠵᠢᠮ᠎ᠡ |
ᠶᠣᠰᠣ ᠶᠢ ᠳ᠋ᠦᠩᠨᠡᠨ᠂ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠬᠤ |
ᠬᠡᠷᠡᠭᠲᠡᠶ᠃ |
ᠲᠣᠰ ᠤᠳᠠᠭᠠᠨ ᠤ ᠪᠠᠶᠢᠴᠠᠭᠠᠨ ᠵᠢᠭᠰᠠᠭᠠᠬᠤ ᠠᠵᠢᠯ ᠤᠨ ᠴᠠᠭ ᠪᠠᠴᠢᠮ ᠡᠭᠦᠷᠭᠡ ᠬᠦᠨᠳᠦ ᠪᠣᠯᠬᠤᠷ ᠠᠵᠢᠯ |
ᠢᠶᠠᠨ ᠵᠣᠬᠢᠰᠲᠠᠢ ᠬᠤᠪᠢᠶᠠᠷᠢᠯᠠᠬᠤ ᠶᠢ ᠴᠢᠬᠤᠯᠠᠴᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠶ᠃ ᠪᠦᠬᠦ |
ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠡᠭᠦᠰ ᠠᠮᠵᠢᠯᠲᠠ ᠲᠠᠢ |
ᠳᠠᠭᠤᠰᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ |
|