ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠤᠨ ᠭᠤᠤᠯ ᠱᠤᠭᠤᠮ ᠤᠨ ᠪᠠᠶᠢᠳᠠᠯ ᠤᠨ ᠲᠣᠭᠲᠠᠭᠤᠨ ᠪᠠ ᠠᠮᠤᠷ |
ᠲᠦᠪᠰᠢᠨ ᠢᠶᠠᠷ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 9 ᠤ ᠡᠳᠦᠷ᠂ |
ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ ᠴᠠᠩ ᠰᠢᠶᠤᠤ ᠹᠧᠩ |
ᠨᠠᠷ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶᠠᠨ ᠤ ᠱᠦᠵᠢ ᠴᠧᠨ ᠱᠣᠣ ᠳ᠋ᠦᠩ ᠪᠠᠷ᠎ᠠ ᠪᠣᠯᠤᠯᠭ᠎ᠠ ᠪᠠᠷ᠂ |
ᠲᠣᠪᠴᠢᠶᠠᠨ ᠤ ᠶᠡᠷᠦᠩᠬᠡᠶ ᠢᠨᠵᠧᠨᠧᠷ ᠭᠦᠸᠧ ᠴᠢᠤᠸᠠᠨ ᠪᠢᠨ᠂ ᠠᠶᠤᠯ ᠦᠭᠡᠢ ᠶᠢᠨ ᠬᠢᠨᠠᠨ ᠬᠠᠮᠢᠶᠠᠷᠤᠯᠲᠠ ᠶᠢᠨ |
ᠰᠠᠯᠠᠭᠠᠨ ᠳᠠᠷᠤᠭ᠎ᠠ ᠰᠢᠤᠸᠠᠢ ᠵᠧᠩ ᠴᠢ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠰᠠᠯᠠᠭᠠᠨ ᠳᠠᠷᠤᠭ᠎ᠠ |
ᠬᠤᠤ ᠵᠢᠶᠦ᠋ᠨ ᠵᠢᠶᠧ᠂ ᠰᠢᠮᠳᠠᠭᠤᠯᠤᠨ ᠪᠠᠶᠢᠴᠠᠭᠠᠬᠤ ᠲᠥᠪ ᠤᠨ ᠡᠷᠬᠢᠯᠡᠭᠴᠢ ᠶᠠᠩ ᠬᠤᠤ ᠢᠦᠶ ᠵᠢᠴᠢ ᠬᠠᠮᠢᠶ᠎ᠠ |
ᠪᠦᠬᠦᠢ ᠬᠥᠮᠦᠰ ᠲᠠᠢ ᠬᠠᠮᠲᠤ᠂ ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠤᠨ ᠭᠤᠤᠯ ᠱᠤᠭᠤᠮ ᠤᠨ ᠬᠠᠮᠢᠶᠠᠷᠤᠯᠲᠠ |
ᠠᠷᠠᠴᠢᠯᠠᠯᠲᠠ ᠶᠢᠨ ᠠᠵᠢᠯ᠂ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠨ ᠵᠠᠰᠠᠬᠤ᠂ ᠵᠠᠮ ᠤᠨ ᠣᠷᠴᠢᠨ |
ᠲᠣᠭᠤᠷᠢᠨ ᠢ ᠴᠡᠭᠴᠡᠯᠡᠨ ᠵᠠᠰᠠᠬᠤ᠂ ᠵᠠᠮ ᠳᠡᠭᠡᠷᠡᠬᠢ ᠬᠤᠣᠷ ᠬᠥᠨᠥᠭᠡᠯ ᠢ ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ |
᠂ ᠬᠤᠲᠠ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶᠠᠨ ᠤ ᠬᠠᠪᠤᠷ ᠤᠨ ᠤᠯᠠᠷᠢᠯ ᠳᠠᠬᠢ ᠠᠷᠠᠴᠢᠯᠠᠨ |
ᠬᠠᠮᠠᠭᠠᠯᠠᠵᠤ ᠬᠠᠮᠢᠶᠠᠷᠬᠤ ᠶᠢᠨ ᠠᠵᠢᠯ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃ |
ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠪᠴᠢᠶᠠᠨ ᠤ |
ᠱᠦᠵᠢ ᠴᠧᠨ ᠱᠣᠤ ᠳ᠋ᠦᠩ ᠠᠴᠠ ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠭᠰᠠᠨ |
ᠠᠵᠢᠯ ᠤᠨ ᠪᠠᠶᠢᠳᠠᠯ ᠤᠨ ᠲᠤᠬᠠᠶ ᠬᠢᠭᠰᠡᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠮᠠᠯ ᠵᠠᠮ ᠤᠨ |
ᠬᠠᠮᠢᠶᠠᠷᠤᠯᠲᠠ ᠶᠢᠨ ᠲᠣᠪᠴᠢᠶ᠎ᠠ ᠨᠢ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠠᠵᠢᠯ ᠲᠠᠢ ᠪᠠᠨ ᠤᠶᠠᠯᠳᠤᠭᠤᠯᠤᠨ᠂ |
ᠨᠠᠷᠢᠨ ᠲᠣᠳᠤᠷᠬᠠᠢ ᠣᠨ ᠤ ᠲᠥᠯᠥᠪᠯᠡᠭᠡ ᠪᠠ ᠱᠠᠲᠤ ᠦᠶ᠎ᠡ ᠶᠢᠨ ᠴᠢᠨᠠᠷᠲᠠᠶ ᠠᠵᠢᠯ ᠤᠨ ᠲᠥᠯᠥᠪᠯᠡᠭᠡ ᠶᠢ |
ᠵᠢᠭᠰᠠᠭᠠᠬᠤ ᠶᠢᠨ ᠬᠠᠮᠲᠤ ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠪᠡ᠃ ᠠᠷᠠᠴᠢᠯᠠᠨ ᠬᠠᠮᠠᠭᠠᠯᠠᠬᠤ ᠡᠭᠦᠷᠭᠡ ᠳᠤ |
ᠨᠠᠷᠢᠨ ᠪᠠᠶᠢᠷᠢᠯᠠᠭᠤᠯᠤᠯᠲᠠ ᠬᠢᠵᠦ᠂ ᠣᠳᠣᠬᠠᠨ ᠤ ᠠᠵᠢᠯ ᠤᠨ ᠭᠤᠤᠯᠳᠠᠯᠭ᠎ᠠ ᠪᠣᠯ ᠵᠠᠮ ᠤᠨ ᠬᠤᠣᠷ ᠬᠥᠨᠥᠭᠡᠯ ᠢ ᠨᠢ |
ᠰᠢᠢᠳᠪᠦᠷᠢᠯᠡᠬᠦ ᠠᠵᠢᠯ ᠢ ᠥᠷᠨᠢᠭᠦᠯᠬᠦ ᠶᠠᠪᠤᠳᠠᠯ ᠪᠣᠯᠤᠨ᠎ᠠ᠃ ᠬᠠᠪᠤᠷ ᠤᠨ ᠬᠠᠶᠢᠯᠤᠯᠲᠠ ᠶᠢᠨ ᠬᠤᠭᠤᠴᠠᠭᠠᠨ ᠤ |
ᠠᠷᠠᠴᠢᠯᠠᠨ ᠬᠠᠮᠠᠭᠠᠯᠠᠬᠤ ᠠᠵᠢᠯ ᠢ 3 ᠳ᠋ᠤᠭᠠᠷ ᠰᠠᠷ᠎ᠠ ᠠᠴᠠ ᠡᠬᠢᠯᠡᠭᠦᠯᠵᠦ᠂ ᠲᠣᠭᠤᠷᠢᠨ ᠪᠠᠶᠢᠴᠠᠭᠠᠬᠤ ᠲᠦᠷᠢᠮ ᠤᠨ |
ᠶᠣᠰᠣᠭᠠᠷ ᠬᠥᠮᠦᠨ ᠤ ᠬᠦᠴᠦ ᠪᠠᠷ ᠳᠡᠰ ᠳᠠᠷᠠᠭᠠᠯᠠᠨ ᠶᠠᠪᠤᠵᠤ ᠵᠢᠭᠰᠠᠭᠠᠨ ᠪᠠᠶᠢᠴᠠᠭᠠᠵᠤ᠂ ᠵᠠᠮ ᠳᠡᠭᠡᠷᠡᠬᠢ ᠬᠡᠮ |
ᠰᠣᠭᠤᠭ ᠢ ᠣᠯᠵᠤ ᠮᠡᠳᠡᠪᠡᠯ ᠡᠯ᠎ᠡ ᠠᠵᠢᠯ ᠤᠨ ᠲᠣᠭᠤᠷᠢᠭ ᠨᠢ ᠴᠠᠭ ᠳᠠᠷᠤᠶᠢᠬᠠᠨ ᠠᠷᠭ᠎ᠠ ᠬᠡᠮᠵᠢᠶ᠎ᠡ ᠠᠪᠴᠤ᠂ |
ᠨᠦᠬᠦᠵᠦ ᠴᠢᠳᠬᠤᠬᠤ ᠪᠠ ᠬᠤᠩᠬᠤᠷ ᠬᠤᠲᠤᠭᠤᠷ ᠢ ᠨᠢ ᠵᠠᠰᠠᠵᠤ ᠠᠮᠤᠷ ᠲᠦᠪᠰᠢᠨ ᠤ ᠬᠡᠮ ᠰᠣᠭᠤᠭ ᠢ ᠠᠷᠢᠯᠭᠠᠪᠠ᠃ |
|
ᠪᠠᠶᠢᠴᠠᠭᠠᠬᠤ ᠳᠤᠭᠤᠶᠢᠯᠠᠩ ᠤᠨ ᠬᠢᠨ G209᠂ S104᠂ S105 ᠨᠣᠮᠧᠷ ᠤᠨ ᠵᠠᠮ ᠪᠠ ᠨᠢᠰᠬᠡᠯ ᠤᠨ |
ᠪᠠᠭᠤᠳᠠᠯ ᠳᠤ ᠣᠴᠢᠬᠤ ᠵᠠᠮ ᠤᠨ ᠬᠠᠪᠤᠷ ᠤᠨ ᠤᠯᠠᠷᠢᠯ ᠳᠠᠬᠢ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ |
ᠬᠠᠮᠢᠶᠠᠷᠤᠯᠲᠠ ᠶᠢᠨ ᠠᠵᠢᠯ ᠢ ᠪᠠᠶᠢᠴᠠᠭᠠᠪᠠ᠃ ᠪᠠᠶᠢᠴᠠᠭᠠᠯᠲᠠ ᠪᠠᠷ ᠳᠠᠮᠵᠢᠭᠠᠳ ᠳᠣᠣᠷᠠᠬᠢ ᠪᠠᠶᠢᠳᠠᠯ ᠢ ᠣᠯᠵᠤ |
ᠮᠡᠳᠡᠪᠡ᠄ ① ᠵᠠᠰᠠᠮᠠᠯ ᠵᠠᠮ ᠳᠠᠭᠠᠤ ᠶᠢᠨ ᠲᠡᠮᠳᠡᠭ ᠱᠤᠭᠤᠮ ᠨᠢ ᠳᠤᠲᠠᠭᠳᠠᠭᠰᠠᠨ᠂ ᠲᠣᠳᠣᠷᠬᠠᠶ ᠪᠤᠰᠤ ᠪᠠᠶᠢᠳᠠᠯ ᠲᠠᠢ |
ᠪᠠᠶᠢᠬᠤ᠃ ② ᠵᠠᠮ ᠤᠨ ᠬᠤᠩᠬᠤᠷ ᠬᠤᠲᠤᠭᠤᠷ ᠪᠠ ᠠᠩ ᠴᠠᠪᠠ ᠭᠠᠷᠤᠭᠰᠠᠨ ᠪᠠᠶᠢᠳᠠᠯ ᠲᠠᠢ ᠪᠠᠶᠢᠬᠤ᠃ |
③ᠨᠣᠭᠤᠭᠠᠷᠠᠭᠤᠯᠤᠯᠲᠠ ᠶᠢᠨ ᠪᠦᠰᠡ ᠳᠤ ᠬᠤᠪᠠᠭ᠋ᠠᠶᠢᠷᠠᠭᠰᠠᠨ ᠰᠠᠯᠠᠭ᠎ᠠ ᠨᠠᠮᠠᠭ᠎ᠠ᠂ ᠬᠤᠭ ᠨᠣᠪᠰᠢ ᠲᠠᠢ ᠪᠠᠶᠢᠬᠤ᠃ |
ᠪᠠᠶᠢᠴᠠᠭᠠᠬᠤ ᠳᠤᠭᠤᠶᠢᠯᠠᠩ ᠤᠨ ᠲᠤᠬᠠᠶ ᠶᠢᠨ ᠲᠠᠯᠠᠪᠠᠶ ᠳᠤ ᠳᠡᠭᠡᠷ᠎ᠡ ᠳᠤᠷᠠᠳᠤᠭᠰᠠᠨ ᠣᠷᠣᠰᠢᠵᠤ ᠪᠠᠶᠢᠭ᠎ᠠ |
ᠠᠰᠠᠭᠤᠳᠠᠯ ᠢ ᠵᠢᠭᠠᠵᠤ ᠭᠠᠷᠭᠠᠭᠰᠠᠨ ᠤ ᠳᠠᠭᠠᠤ᠂ ᠬᠠᠮᠢᠶᠠᠷᠴᠤ ᠠᠷᠠᠴᠢᠯᠠᠬᠤ ᠨᠢᠭᠡᠴᠢ ᠶᠢ ᠠᠰᠠᠭᠤᠳᠠᠯ ᠤᠨ ᠳᠠᠯᠳᠠ |
ᠬᠡᠮ ᠳᠤ ᠴᠥᠷᠬᠡᠯᠡᠨ ᠬᠠᠮᠢᠶᠠᠷᠬᠤ ᠶᠢ ᠬᠡᠷᠡᠭᠵᠢᠭᠦᠯᠵᠦ᠂ ᠠᠷᠠᠴᠢᠯᠠᠨ ᠬᠠᠮᠠᠭᠠᠯᠠᠬᠤ ᠠᠵᠢᠯ ᠢᠶᠠᠨ ᠤᠯᠠᠮ ᠨᠢᠭᠡ ᠠᠯᠬᠤᠮ |
ᠵᠢᠷᠤᠮᠵᠢᠭᠤᠯᠤᠨ᠂ ᠠᠬᠢᠴᠠ ᠶᠢ ᠲᠦᠷᠭᠡᠳᠬᠡᠨ ᠪᠠᠷᠢᠮᠵᠢᠶ᠎ᠠ ᠶᠣᠰᠣᠭᠠᠷ ᠲᠡᠭᠦᠯᠳᠡᠷᠵᠢᠭᠦᠯᠦᠨ ᠪᠣᠳᠠᠲᠠᠶᠢᠵᠢᠭᠤᠯᠵᠤ᠂ |
ᠠᠷᠠᠴᠢᠯᠠᠨ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠬᠦ ᠬᠡᠷᠡᠭᠲᠡᠶ ᠭᠡᠵᠦ ᠱᠠᠭᠠᠡᠳᠠᠪᠠ᠃ |
ᠳᠡᠳ᠋ ᠲᠣᠪᠴᠢᠶᠠᠨ ᠳᠠᠷᠤᠭ᠎ᠠ ᠴᠠᠩ ᠰᠢᠶᠤᠤ ᠹᠧᠩ ᠴᠢᠬᠤᠯᠠᠴᠢᠯᠠᠬᠤ ᠳᠤ ᠪᠠᠨ᠄ ᠬᠤᠲᠠ ᠶᠢᠨ ᠵᠠᠰᠠᠮᠠᠯ |
ᠵᠠᠮ ᠤᠨ ᠬᠠᠮᠢᠶᠠᠷᠤᠯᠲᠠ ᠶᠢᠨ ᠲᠣᠪᠴᠢᠶ᠎ᠠ ᠨᠢ ᠤᠷᠢᠳᠴᠢᠯᠠᠨ ᠲᠥᠯᠥᠪᠯᠡᠵᠦ ᠤᠬᠠᠭᠠᠯᠠᠨ᠂ ᠬᠠᠪᠤᠷ ᠤᠨ ᠤᠯᠠᠷᠢᠯ ᠳᠠᠬᠢ |
ᠵᠠᠮ ᠤᠨ ᠬᠤᠣᠷ ᠬᠥᠨᠥᠭᠡᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠠᠷᠢᠯᠭᠠᠵ᠊ ᠤ᠂ ᠤᠯᠤᠰ ᠮᠤᠵᠢ ᠶᠢᠨ ᠭᠤᠤᠯ |
ᠱᠤᠭᠤᠮ ᠪᠣᠯᠬᠤ ᠵᠠᠮ ᠤᠨ ᠪᠠᠶᠢᠳᠠᠯ ᠤᠨ ᠬᠢᠷᠢ ᠲᠦᠪᠰᠢᠨ ᠪᠠ ᠶᠠᠪᠤᠵᠤ ᠠᠶᠠᠯᠠᠬᠤ ᠣᠷᠴᠢᠨ ᠲᠣᠭᠤᠷᠢᠨ ᠢ |
ᠳᠡᠭᠡᠭᠰᠢᠯᠡᠭᠦᠯᠦᠨ᠂ ᠪᠥᠬᠦ ᠬᠤᠲᠠ ᠶᠢᠨ ᠠᠵᠢᠯ ᠲᠥᠷᠥᠯ ᠤᠨ ᠬᠢᠨ ᠤ ᠠᠵᠢᠯ ᠪᠠ ᠦᠢᠯᠡᠳᠪᠦᠷᠢᠯᠡᠯ ᠢᠶᠠᠨ ᠰᠡᠷᠭᠦᠭᠡᠬᠦ᠂ |
ᠵᠠᠮ ᠬᠠᠷᠢᠯᠴᠠᠭ᠎ᠠ ᠲᠡᠭᠡᠭᠡᠪᠦᠷᠢ ᠳᠤ ᠵᠠᠮ ᠨᠡᠪᠲᠡᠷᠡᠯᠭᠡ ᠶᠢᠨ ᠰᠠᠶᠢᠨ ᠰᠠᠶᠢᠬᠠᠨ ᠨᠥᠬᠦᠴᠡᠯ ᠬᠠᠩᠭᠠᠵᠤ ᠥᠭᠬᠦ ᠬᠡᠷᠡᠭᠲᠡᠶ |
ᠭᠡᠵᠦ ᠱᠠᠭᠠᠷᠳᠠᠪᠠ᠃ |