3 ᠳ᠋ᠤᠭᠠᠷ ᠰᠠᠷ᠎ᠠ ᠶᠢᠨ 18 ᠤ ᠡᠳᠦᠷ᠂ ᠵᠠᠮ ᠲᠡᠭᠡᠭᠡᠪᠦᠷᠢ ᠶᠢᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ |
ᠰᠢᠶᠤᠤ ᠹᠦ᠋ ᠰᠢᠶᠣᠣ ᠠᠵᠢᠯ ᠤᠨ ᠲᠣᠭᠤᠷᠢᠭ ᠤᠨ ᠳᠡᠳ᠋ ᠱᠦᠵᠢ ᠴᠧᠨ ᠵᠢᠶᠦ᠋ᠨ ᠭᠦᠸᠧ ᠶᠢᠨ ᠪᠠᠷ᠎ᠠ |
ᠪᠤᠯᠤᠯᠭ᠎ᠠ ᠲᠠᠢ ᠪᠠᠷ ᠯᠦᠩ ᠴᠠᠩ ᠪᠠᠯᠭᠠᠰᠤᠨ ᠤ ᠪᠠ ᠳ᠋ᠤᠸᠠᠨ ᠲᠣᠰᠬᠤᠨ ᠳᠤ ᠬᠦᠷᠴᠦ ᠲᠣᠰᠬᠤᠨ ᠳᠤ ᠰᠠᠭᠤᠭ᠎ᠠ |
ᠠᠵᠢᠯᠯᠠᠬᠤ ᠠᠩᠭᠢ ᠶᠢᠨ ᠬᠢᠨ ᠢ ᠪᠣᠯᠭᠤᠭᠠᠨ ᠦᠵᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ |
ᠠᠵᠢᠯ ᠢ ᠵᠢᠭᠠᠨ ᠵᠢᠯᠤᠭᠤᠳᠤᠭᠰᠠᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠶᠢᠳᠠᠯ ᠢ |
ᠣᠶᠢᠯᠠᠭᠠᠵᠤ ᠵᠢᠭᠰᠠᠭᠠᠨ ᠪᠠᠶᠢᠴᠠᠭᠠᠬᠤ ᠪᠠ ᠳ᠋ᠠᠶᠢᠲ᠋ᠠ ᠶᠢ ᠪᠢᠴᠢᠵᠦ ᠣᠷᠣᠭᠤᠯᠬᠤ ᠠᠵᠢᠯ ᠳᠤ ᠨᠠᠷᠢᠨ |
ᠪᠠᠶᠢᠷᠢᠯᠠᠭᠤᠯᠤᠯᠲᠠ ᠬᠢᠪᠠ᠃ |
ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠴᠦᠰ ᠤᠨ ᠳᠠᠶᠢᠯᠠᠯᠳᠤᠭᠠᠨ ᠢ ᠤᠯᠠᠮ ᠨᠢᠭᠡ |
ᠠᠯᠬᠤᠮ ᠰᠠᠶᠢᠲᠤᠷ ᠬᠢᠵᠦ ᠢᠯᠠᠯᠲᠠ ᠶᠢ ᠤᠯᠬᠤ ᠶᠢᠨ ᠲᠦᠯᠦᠭᠡ᠂ ᠳᠡᠭᠡᠳᠦ ᠱᠠᠲᠤᠨ ᠤ ᠶᠠᠳᠠᠭᠤ ᠶᠢ ᠲᠡᠳᠬᠦᠬᠦ |
ᠠᠵᠢᠯ ᠤᠨ ᠵᠣᠷᠢᠭ ᠰᠠᠨᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠳᠡᠳ᠋ ᠲᠣᠪᠴᠢᠶᠠᠨ ᠳᠠᠷᠤᠭ᠎ᠠ ᠰᠢᠶᠤᠤ ᠹᠦ᠋ |
ᠰᠢᠶᠣᠣ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠳᠤ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠄ |
ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ |
᠂ ᠲᠤᠪᠤᠶᠢᠮ᠎ᠠ ᠠᠰᠠᠭᠤᠳᠠᠯ ᠪᠠ ᠠᠨᠠᠢ ᠭᠤᠭᠴᠤᠭ᠎ᠠ ᠳᠤ ᠴᠢᠭᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ |
ᠰᠢᠪᠲᠤᠯᠤᠯᠲᠠ ᠶᠢᠨ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠲᠦᠷᠦ |
ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠨᠠᠷᠢᠯᠢᠭ ᠨᠠᠶᠢᠳᠠᠪᠤᠷᠢᠵᠢᠭᠤᠯᠤᠯᠲᠠ᠂ ᠪᠣᠳᠠᠲᠠᠶᠢᠵᠢᠭᠤᠯᠤᠯᠲᠠ ᠶᠢ |
ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠲᠣᠰᠬᠤᠨ ᠳᠤ ᠰᠠᠭᠤᠭ᠎ᠠ ᠬᠥᠮᠦᠰ ᠲᠣᠰᠬᠤᠨ ᠤ ᠬᠤᠶᠠᠷ |
ᠵᠥᠪᠯᠡᠯ ᠤᠨ ᠭᠡᠰᠢᠭᠦᠳ ᠲᠠᠢ ᠪᠦᠯᠬᠦᠮᠳᠡᠨ ᠬᠠᠮᠲᠤᠷᠠᠯᠴᠠᠭᠰᠠᠨ ᠰᠠᠭᠤᠷᠢᠨ ᠳᠡᠭᠡᠷ᠎ᠡ᠂ ᠠᠵᠢᠯᠯᠠᠬᠤ ᠠᠷᠭ᠎ᠠ ᠪᠠᠨ ᠤᠯᠠᠮ |
ᠨᠢᠭᠡ ᠠᠯᠬᠤᠮ ᠰᠠᠶᠢᠵᠢᠷᠠᠭᠤᠯᠬᠤ ᠪᠠ ᠲᠡᠭᠦᠨ ᠳᠤ ᠰᠢᠨ᠎ᠡ ᠶᠢ ᠡᠭᠦᠳᠬᠦ ᠬᠡᠷᠡᠭᠲᠡᠢ᠃ ᠭᠤᠷᠪᠠ ᠳᠤ᠂ ᠬᠤᠰᠢᠭᠤᠨ ᠤ |
ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠢᠳᠡᠪᠬᠢᠲᠡᠢ |
ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠪᠦᠬᠦ ᠲᠠᠯ᠎ᠠ ᠪᠠᠷ ᠪᠠᠶᠢᠳᠠᠯ ᠢ ᠨᠢ |
ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠲᠦᠷᠪᠡ ᠳᠤ᠂ |
ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠪᠦᠬᠦ ᠲᠠᠯ᠎ᠠ ᠪᠠᠷ ᠪᠠᠶᠢᠳᠠᠯ ᠢ ᠨᠢ ᠣᠶᠢᠯᠠᠭᠠᠵᠤ ᠵᠢᠭᠰᠠᠭᠠᠨ |
ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠡᠷᠦᠬᠡ ᠳᠤ ᠬᠦᠷᠴᠦ ᠵᠢᠭᠰᠠᠭᠠᠨ ᠪᠠᠶᠢᠴᠠᠭᠠᠬᠤ ᠳᠤᠮᠳᠠ ᠭᠤᠣᠯᠳᠠᠯᠭ᠎ᠠ ᠪᠠᠨ |
ᠲᠤᠪᠤᠶᠢᠯᠭᠠᠵᠤ᠂ ᠣᠨᠴᠠᠭᠠᠢ ᠬᠥᠮᠦᠰ ᠤᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠵᠦ᠂ |
ᠮᠡᠳᠡᠭᠡ ᠵᠠᠩᠭᠢ ᠶᠢ ᠣᠨᠣᠪᠴᠢᠲᠠᠢ ᠬᠢᠨᠠᠨ ᠬᠠᠷᠭᠤᠭᠤᠯᠵᠤ᠂ ᠠᠰᠠᠭᠤᠳᠠᠯ ᠢ ᠲᠤᠶᠢᠯᠪᠤᠷᠢᠲᠠᠢ ᠢᠯᠡᠷᠡᠭᠦᠯᠵᠦ᠂ ᠡᠮᠵᠢᠭ |
ᠵᠦᠢᠯᠡᠰ ᠢ ᠥᠷᠬᠢᠭ᠌ᠳᠠᠭᠤᠯᠬᠤ ᠦᠭᠡᠢ᠂ ᠳᠠᠯᠳᠠ ᠭᠡᠮ ᠦᠯᠡᠳᠡᠭᠡᠬᠦ ᠦᠭᠡᠢ ᠪᠠᠶᠢᠬᠤ ᠪᠠᠷ ᠴᠢᠷᠮᠠᠶᠢᠨ᠂ ᠵᠢᠭᠰᠠᠭᠠᠵᠤ |
ᠪᠠᠶᠢᠴᠠᠭᠠᠭᠰᠠᠨ ᠦᠷ᠎ᠡ ᠳ᠋ᠦᠩ ᠤᠨ ᠦᠨᠡᠨ ᠪᠣᠳᠠᠲᠠᠢ ᠣᠨᠣᠪᠴᠢᠲᠠᠢ ᠪᠠᠶᠢᠬᠤ ᠶᠢ ᠪᠠᠲᠤᠯᠠᠵᠤ᠂ 2020 ᠣᠨ ᠤ |
ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ |
ᠪᠡᠶᠡᠯᠡᠭᠦᠯᠬᠦ ᠬᠡᠷᠡᠭᠲᠡᠢ᠃ |
ᠳᠠᠷᠠᠭ᠎ᠠ ᠪᠠᠷ ᠨᠢ ᠳᠡᠳ᠋ ᠲᠣᠪᠴᠢᠶᠠᠨ ᠳᠠᠷᠤᠭ᠎ᠠ ᠰᠢᠶᠤᠤ ᠹᠦ᠋ ᠰᠢᠶᠣᠣ ᠠᠵᠢᠯ ᠤᠨ ᠲᠣᠭᠤᠷᠢᠭ ᠶᠢᠨ ᠬᠢᠨ ᠳᠤ |
ᠲᠣᠰᠬᠤᠨ ᠳᠤ ᠰᠠᠭᠤᠭ᠎ᠠ ᠬᠥᠮᠦᠰ ᠤᠨ ᠠᠵᠢᠯ᠂ ᠠᠮᠢᠳᠤᠷᠠᠯ᠂ ᠠᠮᠤᠷ ᠲᠦᠪᠰᠢᠨ ᠵᠡᠷᠭᠡ ᠡᠯ᠎ᠡ ᠲᠠᠯ᠎ᠠ ᠪᠠᠷ ᠬᠢ |
ᠪᠠᠲᠤᠯᠠᠬᠤ ᠠᠵᠢᠯ ᠢ ᠰᠠᠶᠢᠳᠤᠷ ᠬᠢᠵᠦ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠥᠮᠦᠰ ᠢ ᠨᠢᠭᠡ |
ᠰᠡᠳᠬᠢᠯ ᠨᠢᠭᠡ ᠵᠣᠷᠢᠭ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠰᠢᠮᠳᠠᠭᠤᠯᠬᠤ |
ᠬᠡᠷᠡᠭᠲᠡᠶ ᠭᠡᠵᠦ ᠳᠤᠷᠠᠳᠪᠠ᠃ |
︵ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ |
ᠠᠵᠢᠯ ᠤᠨ ᠲᠣᠭᠤᠷᠢᠭ ᠮᠧᠩ ᠹᠠᠨ ᠵᠢᠶᠧ ᠬᠢᠨᠠᠨ ᠬᠠᠷᠭᠤᠭᠤᠯᠤᠭᠰᠠᠨ ᠴᠧᠨ ᠵᠢᠶᠦ᠋ᠨ ᠭᠦᠸᠧ︶ |
|