4 ᠳ᠋ᠦ᠋ᠭᠡᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠬᠥᠬᠡᠬᠤᠲᠠ ᠶᠢᠨ ᠣᠯᠠᠨ |
ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ ᠶᠢᠨ 36 ᠳ᠋ᠤᠭᠠᠷ ᠵᠠᠮ ᠤᠨ ᠵᠢᠯᠣᠭᠤᠴᠢ ᠹᠠᠨ ᠴᠢᠩ |
ᠡᠵᠡᠩᠨᠡᠯᠲᠡ ᠶᠢᠨ ᠡᠭᠦᠷᠭᠡ ᠪᠠᠨ ᠭᠦᠢᠴᠡᠳᠬᠡᠬᠦ ᠦᠶ᠎ᠡ ᠳᠤ᠂ 5303 ᠳ᠋ᠤᠭᠠᠷ ᠦᠢᠯᠡᠳᠪᠦᠷᠢ ᠶᠢᠨ ᠨᠡᠶᠢᠲᠡ ᠶᠢᠨ |
ᠮᠠᠰᠢᠨ ᠲᠡᠷᠭᠡᠨ ᠤ ᠥᠷᠲᠡᠭᠡ ᠬᠦᠷᠬᠦ ᠦᠶ᠎ᠡ ᠳᠤ᠂ ᠵᠠᠮ ᠤᠨ ᠬᠠᠵᠠᠭᠤ ᠳᠠᠬᠢ ᠨᠢᠭᠡᠨ ᠬᠠᠶᠠᠭᠳᠠᠮᠠᠯ ᠪᠣᠳᠠᠰ ᠬᠤᠷᠢᠶᠠᠵᠤ |
ᠠᠪᠤᠭᠰᠠᠨ ᠭᠤᠷᠪᠠᠨ ᠬᠦᠷᠳᠦᠲᠦ ᠲᠡᠷᠭᠡ ᠭᠡᠨᠡᠳᠲᠡ ᠭᠠᠯ ᠭᠠᠷᠴᠤ᠂ ᠭᠤᠷᠪᠠᠨ ᠬᠦᠷᠳᠦᠲᠦ ᠲᠡᠷᠭᠡ ᠤᠨᠤᠵᠤ ᠪᠠᠶᠢᠭ᠎ᠠ |
ᠡᠪᠦᠭᠡᠨ ᠠᠪᠠᠭ᠎ᠠ ᠶᠢᠨ ᠠᠷᠤ ᠳᠠᠬᠢ ᠬᠤᠪᠴᠠᠰᠤ ᠶᠢ ᠴᠤ ᠨᠣᠴᠤᠭᠠᠪᠠ᠃ ᠹᠠᠨ ᠴᠢᠩ ᠰᠡᠩᠳᠡ ᠮᠡᠩᠳᠡ ᠲᠡᠷᠭᠡ ᠪᠠᠨ |
ᠠᠮᠤᠷ ᠲᠦᠪᠰᠢᠨ ᠭᠠᠵᠠᠷ ᠲᠤ ᠵᠣᠭᠰᠣᠭᠠᠵᠤ᠂ ᠥᠴᠦᠬᠡᠨ ᠴᠦ ᠲᠠᠲᠠᠭᠠᠯᠵᠠᠯ ᠦᠭᠡᠢ ᠪᠠᠷ ᠲᠡᠷᠭᠡᠨ ᠳᠣᠲᠣᠷ᠎ᠠ |
ᠲᠣᠬᠢᠷᠠᠭᠤᠯᠤᠭᠰᠠᠨ ᠭᠠᠯ ᠤᠨᠲᠠᠷᠠᠭᠠᠭᠤᠷ ᠢ ᠳᠡᠭᠦᠵᠢᠯᠡᠵᠦ᠂ ᠭᠠᠯ ᠤᠨᠲᠠᠷᠠᠭᠠᠬᠤ ᠪᠣᠯᠪᠠᠰᠤᠷᠠᠭᠤᠯᠤᠯ ᠤᠨ ᠳᠤᠮᠳᠠ |
ᠰᠤᠷᠤᠯᠴᠠᠭᠰᠠᠨ ᠭᠠᠯ ᠤᠨᠲᠠᠷᠠᠭᠠᠬᠤ ᠮᠡᠳᠡᠯᠭᠡ ᠶᠣᠰᠣᠭᠠᠷ ᠭᠠᠯ ᠢ ᠤᠨᠲᠠᠷᠠᠭᠠᠪᠠ᠃ ᠹᠠᠨ ᠴᠢᠩ ᠤᠨ ᠴᠠᠭ ᠲᠤᠬᠠᠢ ᠳᠤ |
ᠨᠢ ᠠᠪᠤᠷᠬᠠᠰᠠᠨ ᠠᠴᠠ ᠨᠠᠰᠤᠲᠠᠨ ᠰᠢᠲᠠᠭᠳᠠᠨ ᠰᠢᠷᠬᠠᠲᠤᠬᠤ ᠠᠴᠠ ᠵᠠᠶᠢᠯᠠᠰᠬᠢᠪᠠ᠃ |
ᠹᠠᠨ ᠴᠢᠩ ᠤᠨ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠦᠢᠯᠡ ᠠᠵᠢᠯᠯᠠᠭ᠎ᠠ ᠨᠢ ᠵᠠᠮ ᠤᠨ |
ᠬᠥᠮᠦᠰ ᠤᠨ ᠨᠡᠶᠢᠳᠡᠮ ᠰᠠᠶᠢᠨ ᠦᠨᠡᠯᠡᠯᠲᠡ ᠶᠢ ᠣᠯᠵᠤ᠂ ᠣᠯᠠᠨ ᠢᠶᠠᠷ ᠢᠶᠠᠨ ᠪᠦᠷ ᠲᠡᠭᠦᠨ ᠳᠤ ᠡᠷᠡᠬᠡᠶ ᠬᠤᠷᠤᠭᠤ |
ᠭᠠᠷᠭᠠᠵᠤ᠂ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠰᠢᠯᠢᠳᠡᠭ ᠵᠢᠯᠣᠭᠤᠴᠢ ᠶᠢ ᠬᠥᠮᠦᠵᠢᠭᠦᠯᠦᠭᠰᠡᠨ ᠳᠤ |
ᠰᠠᠶᠢᠰᠢᠶᠠᠯ ᠳᠡᠪᠰᠢᠭᠦᠯᠪᠡ᠃ ᠨᠡᠶᠢᠲᠡ ᠶᠢᠨ ᠮᠠᠰᠢᠨ ᠲᠡᠷᠭᠡᠨ ᠳᠡᠭᠡᠨ ᠪᠤᠴᠠᠵᠤ ᠢᠷᠡᠬᠦ ᠳᠤ ᠪᠠᠨ ᠹᠠᠨ ᠴᠢᠩ ᠲᠡᠷᠡ |
ᠳᠠᠷᠤᠢ ᠳᠤᠨᠢ ᠲᠡᠷᠭᠡᠨ ᠳᠣᠲᠤᠷᠠᠬᠢ ᠠᠶᠠᠨᠴᠢᠳ ᠲᠤ᠄ ︽ᠡᠪ ᠦᠭᠡᠢ ᠪᠣᠯᠤᠯ᠎ᠠ᠂ ᠤᠯᠠᠨ ᠤ ᠴᠠᠭ ᠢ ᠰᠠᠭᠠᠲᠠᠭᠠᠪᠠ︾ |
ᠭᠡᠵᠦ ᠪᠤᠷᠤᠭᠤ ᠬᠦᠯᠢᠶᠡᠪᠡ᠃ ᠲᠡᠷᠭᠡᠨ ᠳᠣᠲᠣᠷᠠᠬᠢ ᠠᠶᠠᠨᠴᠢᠳ ᠠᠭᠤᠷᠯᠠᠭᠰᠠᠨ ᠦᠭᠡᠢ ᠮᠥᠷᠲᠡᠭᠡᠨ ᠹᠠᠨ ᠴᠢᠩ ᠢ |
ᠮᠠᠭᠲᠠᠨ ᠰᠠᠶᠢᠰᠢᠶᠠᠵᠤ᠂ ᠲᠡᠭᠦᠨ ᠢ ᠡᠷᠡᠯᠬᠡᠭ ᠪᠠᠭᠠᠲᠤᠷᠯᠢᠭ ᠭᠠᠯ ᠤᠨᠲᠠᠷᠠᠭᠠᠬᠤ ᠪᠠᠭᠠᠲᠤᠷ ᠭᠡᠵᠦ ᠮᠠᠭᠲᠠᠨ᠂ |
ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠠᠶ᠃ |