ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ |
ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︵ |
ᠲᠣᠪᠴᠢᠶ᠎ᠠ᠂ ᠬᠤᠷᠢᠶ᠎ᠠ︶ ᠳᠤ᠄ |
ᠰᠢᠨ᠎ᠡ ᠪᠠᠷ ᠨᠡᠶᠢᠲᠡᠯᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ |
ᠰᠢᠢᠳᠭᠡᠯ ᠲᠣᠷᠭᠠᠭᠤᠯᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠠᠮ |
ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠵᠠᠬ᠎ᠠ |
ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ |
ᠵᠠᠮ ᠵᠠᠰᠠᠮᠠᠯ ᠵᠠᠮ ᠲᠠᠷᠬᠠᠭᠠᠭᠰᠠᠨ ﹇2009﹈ 731 ᠳ᠋ᠦ᠋ᠭᠡᠷ ᠲᠣᠭᠠᠲᠤ︶ ᠳᠤ ᠳᠣᠣᠷᠠᠬᠢ ᠮᠡᠲᠦ ᠵᠠᠰᠠᠪᠤᠷᠢ |
ᠣᠷᠣᠭᠤᠯᠬᠤ ᠪᠠᠷ ᠲᠣᠭᠲᠠᠭᠠᠪᠠ᠄ |
ᠬᠤᠷᠢ ᠶᠢᠰᠦᠳᠦᠭᠡᠷ ᠵᠦᠢᠯ ᠢ ︽ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠳᠡᠯᠦᠩᠭᠦᠶ ᠬᠠᠮᠢᠶᠠᠷᠤᠯᠲᠠ ᠶᠢᠨ ᠳᠤᠮᠳᠠ᠂ |
ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ |
ᠪᠠᠶᠢᠴᠠᠭᠠᠨ ᠬᠡᠮᠵᠢᠬᠦ ᠵᠡᠷᠭᠡ ᠨᠢᠭᠡᠴᠢ ᠶᠢᠨ ᠠᠵᠢᠯᠳᠠᠨ᠂ ᠠᠵᠢᠯ ᠤᠨ ᠠᠮᠵᠢᠯᠲᠠ ᠵᠡᠷᠭᠡ ᠶᠢᠨ ᠭᠦᠢᠴᠡᠳᠬᠡᠬᠦ ᠲᠤᠭ᠎ᠠ ᠨᠢ |
ᠬᠤᠯᠪᠣᠭᠳᠠᠯ ᠪᠦᠬᠦᠢ ᠬᠢᠷᠢ ᠬᠡᠮ᠂ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠠᠴᠠ ᠳᠣᠣᠷ᠎ᠠ ᠪᠠᠶᠢᠬᠤ ᠶᠢ ᠣᠯᠵᠤ |
ᠮᠡᠳᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ |
ᠮᠥᠴᠢᠷ ᠤᠨ ᠲᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︾ ᠭᠡᠵᠦ ᠵᠠᠰᠠᠪᠠ᠃ |
ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |
︽ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ |
ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠲᠣᠰ ᠮᠡᠳᠡᠭᠳᠡᠯ ᠢ ᠦᠨᠳᠦᠰᠦᠯᠡᠨ |
ᠵᠣᠬᠢᠴᠠᠩᠭᠤᠶ ᠪᠠᠷ ᠵᠠᠰᠠᠵᠤ᠂ ᠳᠠᠭᠢᠵᠤ ᠨᠡᠶᠢᠲᠡᠯᠡᠨ᠎ᠡ᠃ |
|
ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ |
2021 ᠣᠨ ᠤ 7 ᠳ᠋ᠤᠭᠠᠷ ᠰᠠᠷ᠎ᠠ ᠶᠢᠨ 27 ᠤ ᠡᠳᠦᠷ |
ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ |
ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ |
|
ᠨᠢᠭᠡᠳᠦᠭᠡᠷ ᠪᠦᠯᠦᠭ ᠵᠡᠷᠦᠩᠬᠡᠶ ᠲᠦᠷᠢᠮ |
ᠨᠢᠭᠡᠳᠦᠭᠡᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ |
ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠨ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠠᠵᠢᠯ |
ᠡᠷᠬᠢᠯᠡᠵᠤ ᠪᠠᠶᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠵᠢᠷᠤᠮᠵᠢᠭᠤᠯᠤᠨ |
᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠦᠯᠦᠭᠡ᠂ ︽ |
ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ |
ᠲᠥᠷᠢᠮ︾᠂ ︽ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ |
︾᠂ ︽ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠵᠠᠰᠠᠮᠠᠯ |
ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠲᠤᠬᠠᠶ |
ᠵᠢᠯᠣᠭᠤᠳᠬᠤ ᠰᠠᠨᠠᠯ︾ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ |
ᠬᠤᠶᠠᠳᠤᠭᠠᠷ ᠵᠦᠢᠯ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠡᠷᠬᠢᠯᠡᠵᠤ ᠪᠠᠶᠢᠭ᠎ᠠ ᠨᠢᠭᠡᠴᠢ |
ᠵᠢᠴᠢ ᠠᠵᠢᠯ ᠡᠷᠭᠢᠯᠡᠭᠰᠡᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠰᠢᠨᠡᠳᠬᠡᠬᠦ᠂ ᠨᠡᠶᠢᠲᠡᠯᠡᠬᠦ᠂ |
ᠬᠠᠮᠢᠶᠠᠷᠬᠤ ᠵᠡᠷᠭᠡ ᠠᠵᠢᠯᠯᠠᠭ᠎ᠠ ᠨᠢ ᠲᠣᠰ ᠠᠷᠭ᠎ᠠ ᠳᠤ ᠲᠣᠬᠢᠷᠠᠨ᠎ᠠ᠃ |
ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ |
ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠪᠣᠯ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ |
ᠬᠤᠯᠪᠤᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ᠂ ᠵᠠᠰᠠᠮᠠᠯ ᠵᠠᠮ ᠤᠨ ᠠᠵᠢᠯ ᠲᠥᠷᠥᠯ ᠤᠨ ᠨᠡᠶᠢᠭᠡᠮ ᠤᠨ |
ᠪᠦᠯᠬᠦᠮ ᠤᠨ ᠵᠣᠬᠢᠶᠠᠨ ᠪᠠᠶᠢᠭᠤᠯᠤᠯᠲᠠ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ |
ᠭᠦᠢᠴᠡᠳᠬᠡᠬᠦ ᠶᠠᠪᠤᠴᠠ ᠳᠤ᠂ ᠵᠢᠴᠢ ᠠᠵᠢᠯ ᠡᠷᠬᠢᠯᠡᠵᠦ ᠪᠠᠶᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ ᠤᠨ |
ᠠᠵᠢᠯᠯᠠᠬᠤ ᠶᠠᠪᠤᠴᠠ ᠳᠤ ᠪᠤᠢ ᠪᠣᠯᠤᠭᠰᠠᠨ᠂ ᠲᠡᠮᠳᠡᠭᠯᠡᠭᠰᠡᠨ᠂ ᠴᠤᠭᠯᠠᠭᠤᠯᠤᠭᠰᠠᠨ ᠵᠠᠰᠠᠮᠠᠯ ᠵᠡᠮ ᠤᠨ ᠪᠦᠳᠦᠭᠡᠠ |
ᠪᠠᠶᠢᠭᠤᠯᠤᠯᠲᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠪᠣᠯᠤᠨ ᠠᠵᠢᠯ ᠡᠷᠬᠢᠯᠡᠭᠰᠡᠳ ᠤᠨ ᠦᠨᠳᠦᠰᠦᠨ ᠪᠠᠶᠢᠳᠠᠯ᠂ |
ᠵᠠᠬ᠎ᠠ ᠳᠡᠯᠭᠡᠭᠦᠷ ᠤᠨ ᠢᠯᠡᠷᠡᠯ ᠵᠡᠷᠭᠡ ᠢᠲᠡᠭᠡᠮᠵᠢ ᠶᠢᠨ ᠪᠠᠶᠢᠳᠠᠯ ᠢ ᠲᠤᠰᠬᠠᠵᠤ ᠴᠢᠳᠠᠬᠤ ᠡᠯ᠎ᠡ ᠲᠦᠷᠦᠯ ᠤᠨ ᠮᠡᠳᠡᠭᠡ |
ᠵᠠᠩᠭᠢ ᠵᠡᠷᠭᠡ ᠶᠢ ᠵᠢᠭᠠᠵᠤ ᠪᠠᠶᠢᠨ᠎ᠠ᠃ |
ᠳᠥᠷᠪᠡᠳᠦᠭᠡᠷ ᠵᠦᠢᠯ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠳᠤ ᠪᠤᠰᠤᠳᠴᠢ᠂ ᠲᠥᠪ |
ᠭᠤᠣᠯᠴᠢ ᠪᠠᠶᠢᠬᠤ ᠵᠠᠷᠴᠢᠮ ᠢ ᠵᠢᠷᠤᠮᠯᠠᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ |
ᠪᠦᠲᠦᠨ ᠴᠢᠨᠠᠷ᠂ ᠴᠠᠭ ᠲᠤᠬᠠᠢᠢᠴᠢ ᠴᠢᠨᠠᠷ ᠪᠣᠯᠤᠨ ᠣᠨᠣᠪᠴᠢᠲᠤ ᠴᠢᠨᠠᠷ ᠢ ᠦᠨᠡᠨ ᠬᠦ ᠪᠠᠲᠤᠯᠠᠨ᠎ᠠ᠃ |
ᠬᠤᠶᠠᠳᠤᠭᠠᠷ ᠪᠦᠯᠦᠭ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ |
ᠲᠠᠪᠤᠳᠤᠭᠠᠷ ᠵᠦᠢᠯ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ |
ᠮᠡᠳᠡᠭᠡ ᠵᠠᠩᠭᠢ ᠶᠢᠨ ᠬᠠᠮᠢᠶᠠᠷᠤᠯᠲᠠ ᠶᠢ ᠨᠢᠭᠡᠳᠦᠯᠲᠡᠶ ᠬᠠᠮᠢᠶᠠᠷᠴᠤ᠂ ᠱᠠᠳᠤ ᠬᠤᠪᠢᠶᠠᠨ ᠬᠠᠷᠢᠭᠤᠴᠠᠬᠤ ᠶᠢ |
ᠬᠡᠷᠡᠭᠵᠢᠭᠦᠯᠦᠨ᠎ᠡ᠃ |
ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ |
ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠤᠯᠤᠰ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ |
ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠭᠦᠨ ᠤ |
ᠭᠤᠣᠯ ᠡᠭᠦᠷᠭᠡ ᠬᠠᠷᠢᠭᠤᠴᠠᠯᠭ᠎ᠠ ᠪᠣᠯ᠄ |
︵ᠨᠢᠭᠡ︶ ᠪᠥᠬᠦ ᠤᠯᠤᠰ ᠤᠨ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ |
ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠷᠢᠮ ᠲᠣᠭᠲᠠᠭᠠᠯ ᠢ ᠵᠣᠬᠢᠶᠠᠨ ᠪᠠᠶᠢᠭᠤᠯᠤᠨ |
ᠲᠣᠭᠲᠠᠭᠠᠨ᠎ᠠ︔ |
︵ᠬᠤᠶᠠᠷ︶ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ |
ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ |
ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠵᠠᠰᠠᠮᠠᠯ |
ᠵᠠᠮ ᠤᠨ ᠪᠠᠷᠢᠯᠭ᠎ᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠪᠠᠶᠢᠳᠠᠯ᠂ ᠱᠠᠩᠨᠠᠵᠤ ᠲᠣᠷᠭᠠᠭᠰᠠᠨ |
ᠲᠡᠮᠳᠡᠭᠯᠡᠯ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠵᠢᠴᠢ ᠤᠯᠤᠰ ᠠᠴᠠ ᠬᠢᠨᠠᠨ ᠴᠤᠬᠤᠯᠠᠪᠤᠷᠢᠯᠠᠭᠰᠠᠨ |
ᠪᠤᠶᠤ ᠬᠢᠨᠠᠨ ᠵᠥᠪᠰᠢᠶᠡᠷᠡᠭᠰᠡᠨ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ |
ᠵᠦᠢᠯ ᠤᠨ ᠮᠡᠳᠡᠭᠡ ᠵᠠᠩᠭᠢ ᠵᠡᠷᠭᠡ ᠶᠢ ᠨᠡᠶᠢᠲᠡᠯᠡᠨ᠎ᠡ︔ |
︵ᠭᠤᠷᠪᠠ︶ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ |
ᠮᠥᠴᠢᠷ ᠤᠨ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ |
ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ |
ᠳᠣᠯᠣᠳᠤᠭᠠᠷ ᠵᠦᠢᠯ ᠮᠤᠵᠢ ᠶᠢᠨ ᠱᠠᠲᠤᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ |
ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠮᠠᠯ ᠵᠡᠮ ᠤᠨ ᠪᠦᠳᠦᠭᠡᠠ |
ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ |
ᠬᠠᠷᠢᠭᠤᠴᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ |
︵ᠨᠢᠭᠡ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠰᠠᠮᠠᠯ |
ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ |
ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠥᠷᠢᠮ ᠪᠣᠯᠤᠨ ᠬᠠᠮᠢᠶᠠᠷᠤᠯᠲᠠ ᠶᠢᠨ ᠲᠥᠷᠢᠮ ᠢ ᠲᠣᠭᠲᠠᠭᠠᠬᠤ ᠶᠢᠨ |
ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ |
︵ᠬᠤᠶᠠᠷ︶ ᠮᠤᠵᠢ ᠶᠢᠨ ᠱᠠᠲᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ |
ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ︔ |
︵ᠭᠤᠷᠪᠠ︶ ᠳᠣᠤᠷᠠᠬᠢ ᠮᠡᠲᠦ ᠮᠡᠳᠡᠭᠡ ᠵᠠᠩᠭᠢ ᠶᠢ ᠨᠡᠶᠢᠲᠡᠯᠡᠨ᠎ᠡ᠄ |
1. ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ |
ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠪᠠᠶᠢᠳᠠᠯ ︵ᠲᠦᠷᠦ ᠶᠢᠨ ᠶᠠᠪᠤᠳᠠᠯ ᠤᠨ ᠬᠤᠷᠢᠶᠠᠨ ᠤ ᠵᠡᠮ |
ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠨᠡᠶᠢᠲᠡᠯᠡᠬᠦ ᠨᠢ |
ᠡᠭᠦᠨ ᠳᠤ ᠪᠠᠭᠲᠠᠬᠤ ᠤᠢᠭᠡᠢ︶︔ |
2. ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠱᠠᠩᠨᠠᠵᠤ |
ᠲᠣᠷᠭᠠᠭᠰᠠᠨ ᠲᠡᠮᠳᠡᠭᠯᠡᠯ ᠪᠠ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ︔ |
3. ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ︔ |
4. ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠯᠤᠭ᠎ᠠ ᠬᠤᠯᠪᠣᠭᠳᠠᠬᠤ ᠪᠤᠰᠤᠳ ᠮᠡᠳᠡᠭᠡ |
ᠵᠠᠩᠭᠢ᠃ |
︵ᠳᠥᠷᠪᠡ︶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ |
ᠬᠠᠮᠢᠶᠠᠷᠬᠤ ᠰᠠᠯᠠᠭ᠎ᠠ ᠮᠥᠴᠢᠷ ᠲᠤ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠱᠠᠩᠨᠠᠵᠤ ᠲᠣᠷᠭᠠᠬᠤ ᠮᠡᠳᠡᠭᠡ ᠵᠠᠩᠭᠢ᠂ |
ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ᠂ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ |
ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ᠂ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ |
ᠳᠡᠯᠭᠡᠭᠦᠷ ᠯᠤᠭ᠎ᠠ ᠬᠤᠯᠪᠣᠭᠳᠠᠬᠤ ᠪᠤᠰᠤᠳ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠃ |
ᠭᠤᠷᠪᠠᠳᠤᠭᠠᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢᠨ ᠠᠭᠤᠯᠭ᠎ᠠ |
ᠨᠠᠢᠮᠠᠳᠤᠭᠠᠷ ᠵᠦᠢᠯ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ |
ᠮᠡᠳᠡᠭᠡ ᠵᠠᠩᠭᠢ ᠳᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ |
ᠦᠨᠳᠦᠰᠦᠨ ᠮᠡᠳᠡᠭᠡ ᠵᠠᠩᠭᠢ᠂ ᠬᠦᠬᠢᠭᠦᠯᠦᠨ ᠱᠠᠩᠨᠠᠬᠤ ᠲᠥᠷᠥᠯ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ |
ᠮᠡᠳᠡᠭᠡ ᠵᠠᠩᠭᠢ᠂ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠪᠠ ᠢᠲᠡᠭᠡᠮᠵᠢ ᠶᠢᠨ ᠦᠨᠡᠯᠡᠯᠲᠡ ᠶᠢᠨ ᠮᠡᠳᠡᠭᠡ |
ᠵᠠᠩᠭᠢ ᠪᠠᠭᠲᠠᠨ᠎ᠠ᠃ |
ᠶᠢᠰᠦᠳᠦᠭᠡᠷ ᠵᠦᠢᠯ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠪᠣᠯ ᠠᠵᠢᠯ |
ᠡᠷᠬᠢᠯᠡᠵᠦ ᠪᠠᠶᠢᠭ᠎ᠠ ᠨᠢᠭᠡᠴᠢ ᠶᠢᠨ ᠪᠡᠶ᠎ᠡ ᠬᠡᠮ ᠢ ᠢᠯᠭᠠᠬᠤ᠂ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠪᠠᠶᠢᠳᠠᠯ ᠢ |
ᠲᠤᠰᠬᠠᠬᠤ ᠮᠡᠳᠡᠭᠡ ᠵᠠᠩᠭᠢ ᠪᠣᠯᠤᠨ᠎ᠠ᠂ ᠡᠭᠦᠨ ᠳᠤ ᠭᠤᠤᠯᠳᠠᠭᠤ᠄ |
︵ᠨᠢᠭᠡ︶ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ |
ᠲᠥᠯᠥᠭᠡᠯᠡᠭᠴᠢ᠂ ᠳᠡᠩᠰᠡᠯᠡᠨ ᠲᠡᠮᠳᠡᠭᠯᠡᠭᠦᠯᠦᠭᠰᠡᠨ ᠦᠨᠳᠦᠰᠦᠨ ᠪᠠᠶᠢᠳᠠᠯ ᠵᠢᠴᠢ ᠨᠡᠶᠢᠭᠡᠮ ᠤᠨ ᠢᠲᠡᠭᠡᠮᠵᠢ ᠶᠢᠨ |
ᠣᠷᠣᠯᠠᠬᠤ ᠨᠣᠮᠧᠷ︔ |
︵ᠬᠤᠶᠠᠷ︶ ᠦᠨᠳᠦᠰᠦᠨ ᠡᠳ᠋ ᠤᠨ ᠶᠠᠪᠤᠳᠠᠯ ᠤᠨ ᠭᠦᠢᠴᠡᠳᠬᠡᠯ ᠲᠤᠭ᠎ᠠ᠂ ᠮᠥᠩᠭᠦᠨ ᠭᠦᠢᠯᠭᠡᠭᠡᠨ ᠤ |
ᠪᠠᠶᠢᠭᠤᠯᠤᠮᠵᠢ ᠳᠤ ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠶᠢᠳᠠᠯ︔ |
︵ᠭᠤᠷᠪᠠ︶ ᠬᠢᠷᠢ ᠬᠡᠮ᠂ ᠬᠢᠷᠢ ᠬᠡᠮ ᠤᠨ ᠪᠠᠶᠢᠳᠠᠯ︔ |
︵ᠲᠥᠷᠪᠡ︶ ᠭᠤᠣᠯ ᠪᠣᠯᠬᠤ ᠠᠵᠤ ᠠᠬᠤᠶ᠂ ᠬᠠᠮᠢᠶᠠᠷᠤᠯᠲᠠ ᠪᠣᠯᠤᠨ ᠪᠠᠷᠢᠯᠭ᠎ᠠ ᠶᠢᠨ ᠮᠡᠷᠭᠡᠵᠢᠯ ᠤᠨ ᠠᠵᠢᠯ |
ᠡᠷᠬᠢᠯᠡᠭᠰᠡᠳ ᠤᠨ ᠮᠡᠷᠭᠡᠵᠢᠯ ᠤᠨ ᠴᠣᠯᠠ ᠬᠢᠭᠡᠳ ᠠᠵᠢᠯ ᠡᠷᠬᠢᠯᠡᠬᠦ ᠬᠢᠷᠢ ᠬᠡᠮ ᠤᠨ ᠦᠨᠳᠦᠰᠦᠨ ᠪᠠᠶᠢᠳᠠᠯ︔ |
︵ᠲᠠᠪᠤ︶ ᠥᠪᠡᠷ ᠤᠨ ᠲᠥᠬᠦᠭᠡᠷᠦᠮᠵᠢ ᠶᠢᠨ ᠦᠨᠳᠦᠰᠦᠨ ᠪᠠᠶᠢᠳᠠᠯ︔ |
︵ᠵᠢᠷᠭᠤᠭ᠎ᠠ︶ ᠣᠶᠢᠷ᠎ᠠ ᠶᠢᠨ 5 ᠵᠢᠯ ᠤᠨ ᠭᠤᠤᠯ ᠠᠵᠢᠯ ᠤᠨ ᠠᠮᠵᠢᠯᠲᠠ ᠵᠢᠴᠢ ᠪᠠᠶᠢᠭᠤᠯᠵᠤ ᠪᠠᠶᠢᠭ᠎ᠠ ᠪᠥᠬᠦ |
ᠵᠠᠰᠠᠮᠠᠯ ᠵᠠᠮ ᠤᠨ ᠲᠥᠷᠥᠯ ᠵᠦᠢᠯ ᠤᠨ ᠪᠠᠶᠢᠳᠠᠯ ᠵᠡᠷᠭᠡ᠃ |
ᠠᠷᠪᠠᠳᠤᠭᠠᠷ ᠵᠦᠢᠯ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠬᠦᠬᠢᠭᠦᠯᠦᠨ ᠱᠠᠩᠨᠠᠬᠤ ᠲᠥᠷᠥᠯ ᠤᠨ ᠰᠠᠶᠢᠨ |
ᠰᠠᠶᠢᠬᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠳᠤ ᠭᠤᠤᠯᠳᠠᠭᠤ᠄ |
︵ᠨᠢᠭᠡ︶ ᠭᠡᠷ᠎ᠡ ᠶᠢ ᠵᠢᠱᠢᠶᠡᠴᠢ ᠪᠠᠷ ᠭᠦᠢᠴᠡᠳᠬᠡᠵᠦ᠂ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ |
ᠬᠤᠳᠠ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ |
ᠰᠠᠯᠠᠭ᠎ᠠ ᠮᠥᠴᠢᠷ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠵᠠᠰᠠᠭ ᠤᠨ ᠣᠷᠳᠣᠨ ᠤ |
ᠬᠢᠨᠠᠯᠲᠠ ᠲᠠᠯᠪᠢᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠬᠥᠬᠢᠭᠦᠯᠦᠯ ᠪᠠ ᠱᠠᠩᠨᠠᠯ ᠢ ᠬᠥᠷᠳᠡᠭᠰᠡᠨ ᠮᠡᠳᠡᠭᠡ |
ᠵᠠᠩᠭᠢ︔ |
︵ᠬᠤᠶᠠᠷ︶ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ |
ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠤᠭ ᠤᠨ ᠳᠡᠭᠡᠳᠦ ᠢᠲᠡᠭᠡᠮᠵᠢ ᠶᠢᠨ ᠳᠡᠰ ︵AA ᠳᠡᠰ︶ ᠢᠶᠠᠷ |
ᠦᠨᠡᠯᠡᠭᠳᠡᠭᠰᠡᠨ ᠲᠡᠮᠳᠡᠭᠯᠡᠯ᠃ |
ᠠᠷᠪᠠᠨ ᠨᠢᠭᠡᠳᠦᠭᠡᠷ ᠵᠦᠢᠯ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠮᠠᠭᠤ ᠥᠢᠯᠡ ᠠᠵᠢᠯᠯᠠᠭ᠎ᠠ ᠶᠢᠨ |
ᠮᠡᠳᠡᠭᠡ ᠵᠠᠩᠭᠢ ᠳᠤ ᠭᠤᠣᠯᠳᠠᠭᠤ᠄ |
︵ᠨᠢᠭᠡ︶ ᠠᠵᠢᠯ ᠡᠷᠬᠢᠯᠡᠵᠦ ᠪᠠᠶᠢᠭ᠎ᠠ ᠨᠢᠭᠡᠴᠢ ᠨᠢ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ |
ᠠᠵᠢᠯᠯᠠᠭ᠎ᠠ ᠬᠢᠬᠦ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠠᠪᠤᠴᠠ ᠳᠤ ᠬᠤᠯᠪᠣᠭᠳᠠᠯ ᠪᠥᠬᠦᠢ |
ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠵᠡᠷᠭᠡ ᠶᠢᠨ ᠱᠠᠭᠠᠷᠳᠠᠯᠭ᠎ᠠ ᠠᠴᠠ ᠵᠥᠷᠢᠴᠡᠵᠦ᠂ ᠬᠤᠳᠠ ᠶᠢᠨ |
ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ |
ᠮᠥᠴᠢᠷ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠵᠠᠰᠠᠭ ᠤᠨ ᠣᠷᠳᠣᠨ ᠤ ᠬᠢᠨᠠᠯᠲᠠ |
ᠲᠠᠯᠪᠢᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠵᠢᠴᠢ |
ᠨᠡᠪᠲᠡᠷᠡᠭᠦᠯᠦᠨ ᠰᠢᠭᠦᠮᠵᠢᠯᠡᠭᠰᠡᠨ ᠮᠡᠳᠡᠭᠡ ᠵᠠᠩᠭᠢ︔ |
︵ᠬᠤᠶᠠᠷ︶ ᠬᠠᠤᠯᠢ ᠴᠠᠭᠠᠵᠠ ᠶᠢᠨ ᠪᠠᠶᠢᠭᠤᠯᠭ᠎ᠠ᠂ ᠬᠢᠨᠠᠨ ᠪᠤᠳᠤᠬᠤ ᠰᠠᠯᠠᠭ᠎ᠠ ᠮᠥᠴᠢᠷ ᠤᠨ ᠮᠠᠭᠠᠳᠯᠠᠨ |
ᠲᠣᠭᠲᠠᠭᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ︔ |
︵ᠭᠤᠷᠪᠠ︶ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ |
ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠢᠲᠡᠭᠡᠮᠵᠢ ᠶᠢᠨ ᠬᠠᠮᠤᠭ ᠤᠨ ᠳᠣᠣᠷ᠎ᠠ ᠲᠡᠰ ︵D ᠲᠡᠰ︶ ᠢᠶᠠᠷ |
ᠦᠨᠡᠯᠡᠭᠳᠡᠭᠰᠡᠨ ᠲᠡᠮᠳᠡᠭᠯᠡᠯ᠃ |
ᠠᠷᠪᠠᠨ ᠬᠤᠶᠠᠳᠤᠭᠠᠷ ᠵᠦᠢᠯ ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠪᠣᠯ ᠮᠤᠵᠢ ᠶᠢᠨ ᠱᠠᠳᠤ |
ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ |
ᠲᠡᠭᠦᠨ ᠤ ᠨᠠᠶᠢᠳᠠᠭᠰᠠᠨ ᠪᠠᠶᠢᠭᠤᠯᠤᠮᠵᠢ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠵᠠᠰᠠᠮᠠᠯ ᠵᠠᠮ ᠢ ᠬᠠᠶᠢᠨ |
ᠪᠠᠶᠢᠴᠠᠭᠠᠵᠤ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶᠢᠴᠠᠭᠠᠨ |
ᠬᠡᠮᠵᠢᠬᠦ ᠵᠡᠷᠭᠡ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠳᠦᠷᠢᠮ ᠶᠣᠰᠣᠭᠠᠷ᠂ ᠵᠠᠰᠠᠮᠠᠯ ᠵᠠᠮ ᠤᠨ |
ᠪᠦᠳᠦᠭᠡᠨ ᠪᠠᠶᠢᠭᠤᠯᠤᠯᠲᠠ ᠶᠢᠨ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠠᠵᠢᠯ ᠡᠷᠬᠢᠯᠡᠬᠦ ᠦᠢᠯᠡ ᠠᠵᠢᠯᠯᠠᠭ᠎ᠠ ᠶᠢᠨ |
ᠪᠠᠶᠢᠳᠠᠯ ᠢ ᠦᠨᠡᠯᠡᠭᠰᠡᠨ ᠦᠷ᠎ᠡ ᠳ᠋ᠦᠩ ᠪᠣᠯᠤᠨ᠎ᠠ᠃ |
ᠳᠥᠷᠪᠡᠳᠦᠭᠡᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠰᠢᠨᠡᠳᠬᠡᠬᠦ |
ᠠᠷᠪᠠᠨ ᠭᠤᠷᠪᠠᠳᠤᠭᠠᠷ ᠵᠦᠢᠯ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ |
ᠢᠲᠡᠭᠡᠮᠵᠢ ᠶᠢᠨ ᠮᠡᠳᠡᠭᠡ ᠵᠠᠩᠭᠢ ᠶᠢ ᠳᠣᠤᠷᠠᠬᠢ ᠠᠷᠭ᠎ᠠ ᠮᠠᠶ᠋ᠢᠭ ᠢᠶᠠᠷ ᠴᠤᠭᠯᠠᠭᠤᠯᠵᠤ᠂ ᠮᠤᠵᠢ ᠶᠢᠨ ᠱᠠᠲᠤᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠨ ᠪᠢᠴᠢᠵᠦ |
ᠣᠷᠣᠭᠤᠯᠤᠨ᠎ᠠ᠄ |
︵ᠨᠢᠭᠡ︶ ᠦᠨᠳᠦᠰᠦᠨ ᠮᠡᠳᠡᠭᠡ ᠵᠠᠩᠭᠢ ᠶᠢ ᠠᠵᠢᠯ ᠡᠷᠬᠢᠯᠡᠵᠦ ᠪᠠᠶᠢᠭ᠎ᠠ ᠨᠢᠭᠡᠴᠢ ᠠᠴᠠ ᠲᠣᠭᠲᠠᠭᠠᠯ |
ᠶᠣᠰᠣᠭᠠᠷ ᠥᠪᠡᠷ ᠢᠶᠠᠨ ᠲᠡᠮᠳᠡᠭᠯᠡᠵᠦ ᠲᠠᠭᠯᠠᠨ ᠮᠡᠳᠡᠭᠦᠯᠵᠦ᠂ ᠦᠨᠡᠨ ᠪᠣᠳᠠᠲᠤ ᠴᠢᠨᠠᠷ ᠲᠤ ᠬᠠᠷᠢᠭᠤᠴᠠᠨ᠎ᠠ︔ |
︵ᠬᠤᠶᠠᠷ︶ ᠬᠦᠬᠢᠭᠦᠯᠦᠨ ᠱᠠᠩᠨᠠᠬᠤ ᠲᠥᠷᠥᠯ ᠤᠨ ᠰᠠᠶᠢᠨ ᠰᠠᠶᠢᠬᠠᠨ ᠥᠢᠯᠡ ᠠᠵᠢᠯᠯᠠᠭ᠎ᠠ ᠶᠢᠨ ᠮᠡᠳᠡᠭᠡ |
ᠵᠠᠩᠭᠢ ᠶᠢ ᠬᠤᠳᠠ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ |
ᠬᠠᠮᠢᠶᠠᠷᠬᠤ ᠰᠠᠯᠠᠭ᠎ᠠ ᠮᠥᠴᠢᠷ᠂ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠨᠢᠭᠡᠴᠢ ᠪᠤᠶᠤ |
ᠬᠤᠯᠪᠣᠭᠳᠠᠬᠤ ᠠᠵᠢᠯ ᠡᠷᠬᠢᠯᠡᠵᠦ ᠪᠠᠶᠢᠭ᠎ᠠ ᠨᠢᠭᠡᠴᠢ ᠠᠴᠠ ᠬᠠᠩᠭᠠᠨ᠎ᠠ᠃ ᠠᠵᠢᠯ ᠡᠷᠬᠢᠯᠡᠵᠦ ᠪᠠᠶᠢᠭ᠎ᠠ ᠨᠢᠭᠡᠴᠢ ᠡᠵᠡᠨ |
ᠮᠡᠳᠡᠵᠦ ᠬᠠᠩᠭᠠᠭᠰᠠᠨ ᠪᠠᠶᠢᠪᠠᠯ᠂ ᠬᠠᠮᠢᠶ᠎ᠠ ᠪᠥᠬᠦᠶ ᠬᠦᠬᠢᠭᠦᠯᠦᠨ ᠱᠠᠩᠨᠠᠬᠤ ᠶᠢ ᠨᠤᠲᠠᠯᠠᠭᠰᠠᠨ ᠪᠢᠴᠢᠭ ᠮᠠᠲ᠋ᠧᠷᠢᠶᠠᠯ ᠢ |
ᠳᠠᠭᠠᠯᠳᠤᠭᠤᠯᠬᠤ ᠬᠡᠷᠡᠭᠲᠡᠶ︔ |
︵ᠭᠤᠷᠪᠠ︶ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠬᠤᠳᠠ ᠶᠢᠨ ᠱᠠᠳᠤ ᠵᠢᠴᠢ ᠲᠡᠭᠦᠨ ᠠᠴᠠ |
ᠳᠡᠭᠡᠭᠰᠢᠬᠢ ᠣᠷᠣᠨ ᠨᠤᠲᠤᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ |
ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠯᠤᠭ᠎ᠠ ᠬᠤᠯᠪᠣᠭᠳᠠᠬᠤ ᠨᠢᠭᠡᠴᠢ ᠠᠴᠠ ᠬᠠᠩᠭᠠᠨ᠎ᠠ︔ |
︵ᠳᠥᠷᠪᠡ︶ ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠶᠢ ᠲᠥᠷᠥ ᠶᠢᠨ ᠶᠠᠪᠤᠳᠠᠯ ᠤᠨ ᠬᠤᠷᠢᠶ᠎ᠠ |
ᠪᠣᠯᠤᠨ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ |
ᠲᠣᠰ ᠲᠣᠰ ᠪᠢᠴᠢᠵᠦ ᠣᠷᠣᠭᠤᠯᠤᠨ᠎ᠠ᠃ |
ᠠᠷᠪᠠᠨ ᠳᠥᠷᠪᠡᠳᠦᠭᠡᠷ ᠵᠦᠢᠯ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ |
ᠬᠠᠤᠯᠢ ᠶᠢᠨ ᠡᠷᠬᠡᠲᠡᠨ ᠪᠤᠶᠤ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠢ ᠠᠴᠠ ᠪᠠᠶᠢᠭᠤᠯᠵᠤ |
ᠪᠠᠶᠢᠭ᠎ᠠ ᠲᠥᠷᠥᠯ ᠵᠦᠢᠯ ᠤᠨ ᠪᠠᠶᠢᠳᠠᠯ ᠬᠢᠭᠡᠳ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠡᠭᠦᠷᠭᠡᠯᠡᠬᠦ ᠲᠥᠷᠥᠯ |
ᠵᠦᠢᠯ ᠤᠨ ᠪᠠᠶᠢᠳᠠᠯ᠂ ᠭᠡᠷ᠎ᠡ ᠶᠢ ᠭᠦᠢᠴᠡᠳᠬᠡᠭᠰᠡᠨ ᠪᠠᠶᠢᠳᠠᠯ ᠢ ᠲᠥᠷᠥᠯ ᠵᠦᠢᠯ ᠤᠨ ᠬᠠᠮᠢᠶᠠᠷᠤᠯᠲᠠ ᠶᠢᠨ ᠡᠷᠬᠡ |
ᠮᠡᠳᠡᠯ ᠤᠨ ᠶᠣᠰᠣᠭᠠᠷ ᠬᠠᠮᠢᠶ᠎ᠠ ᠪᠥᠬᠦᠢ ᠣᠷᠣᠨ ᠨᠤᠲᠤᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ |
ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠵᠦ᠂ ᠮᠤᠵᠢ ᠶᠢᠨ ᠱᠠᠲᠤᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠬᠢᠨ ᠬᠢᠨᠠᠭᠰᠠᠨ ᠤ ᠲᠠᠷᠠᠭ᠎ᠠ ᠵᠠᠰᠠᠮᠠᠯ ᠵᠠᠮ ᠤᠨ |
ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ |
ᠰᠢᠰᠲ᠋ᠧᠮ ᠳᠤ ᠲᠡᠮᠳᠡᠭᠯᠡᠨ ᠣᠷᠣᠭᠤᠯᠬᠤ ᠬᠡᠷᠡᠭᠲᠡᠶ᠃ |
ᠠᠷᠪᠠᠨ ᠲᠠᠪᠤᠳᠤᠭᠠᠷ ᠵᠦᠢᠯ ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ |
ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠤᠰᠤᠳ ᠬᠢᠨᠠᠯᠲᠠ ᠲᠠᠯᠪᠢᠬᠤ ᠰᠠᠯᠠᠭ᠎ᠠ ᠮᠥᠴᠢᠷ᠂ |
ᠬᠠᠤᠯᠢ ᠴᠠᠭᠠᠵᠠ ᠶᠢᠨ ᠪᠠᠶᠢᠭᠤᠯᠭ᠎ᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠷᠢᠯᠴᠠᠭ᠎ᠠ ᠪᠠᠨ |
ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠤ ᠪᠠᠷ |
ᠡᠳ᠋ᠯᠡᠬᠦ ᠠᠷᠭ᠎ᠠ ᠵᠠᠮ ᠢ ᠠᠯᠬᠤᠮ ᠠᠯᠬᠤᠮ ᠢᠶᠠᠷ ᠪᠠᠶᠢᠭᠤᠯᠵᠤ᠂ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ |
ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ᠂ ᠪᠦᠷᠢᠨ ᠪᠦᠲᠦᠨ᠂ ᠣᠨᠣᠪᠴᠢᠲᠠᠶ ᠴᠤᠭᠯᠠᠭᠤᠯᠬᠤ ᠶᠢ |
ᠪᠠᠲᠤᠯᠠᠨ᠎ᠠ᠃ |
ᠠᠷᠪᠠᠨ ᠵᠢᠷᠭᠤᠳᠤᠭᠠᠷ ᠵᠦᠢᠯ ᠪᠠᠷᠢᠯᠭ᠎ᠠ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠭᠤᠣᠯ |
ᠠᠵᠢᠯ ᠤᠨ ᠠᠮᠵᠢᠯᠲᠠ ᠪᠠ ᠪᠠᠶᠢᠭᠤᠯᠵᠤ ᠪᠠᠶᠢᠭ᠎ᠠ ᠵᠦᠢᠯᠡᠰ ᠤᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠢ |
ᠬᠥᠳᠡᠯᠦᠩᠭᠦᠶ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ |
ᠰᠢᠢᠳᠪᠦᠷᠢᠯᠡᠬᠦ ᠶᠢ ᠬᠠᠷᠢᠭᠤᠴᠠᠨ᠎ᠠ᠃ ᠠᠵᠢᠯ ᠡᠷᠭᠢᠯᠡᠵᠦ ᠪᠠᠶᠢᠭ᠎ᠠ ᠨᠢᠭᠡᠴᠢ ᠶᠢᠨ ᠳᠠᠩᠰᠠᠯᠠᠭᠤᠯᠤᠭᠰᠠᠨ ᠭᠠᠵᠠᠷ ᠤᠨ |
ᠮᠤᠵᠢ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠤᠰᠤᠳ |
ᠦᠨᠳᠦᠰᠦᠨ ᠮᠡᠳᠡᠭᠡ ᠵᠠᠩᠭᠢ ᠶᠢ ᠬᠥᠳᠡᠯᠦᠩᠭᠦᠶ ᠪᠠᠷ ᠬᠢᠨᠠᠨ ᠬᠠᠷᠭᠤᠭᠤᠯᠬᠤ ᠶᠢᠨ ᠬᠠᠮᠲᠤ᠂ ᠢᠯᠡᠴᠢᠯᠡᠨ |
ᠮᠡᠳᠡᠭᠦᠯᠦᠭᠰᠡᠨ ᠢ ᠭᠥᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ᠃ |
ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠴᠥᠮ |
ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠶᠢ ᠲᠠᠬᠢᠨ ᠬᠢᠨᠠᠵᠤ᠂ ᠪᠠᠶᠢᠴᠠᠭᠠᠵᠤ ᠪᠣᠯᠤᠨ᠎ᠠ᠃ |
|
ᠠᠷᠪᠠᠨ ᠳᠣᠯᠣᠳᠤᠭᠠᠷ ᠵᠦᠢᠯ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠨᠢ |
ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ |
ᠬᠠᠮᠢᠶᠠᠷᠤᠯᠲᠠ ᠶᠢᠨ ᠰᠢᠰᠲ᠋ᠧᠮ ᠳᠤ ᠣᠨᠢᠰᠤᠯᠠᠭᠳᠠᠭᠰᠠᠨ ᠪᠠᠶᠢᠳᠠᠯ ᠳᠤ ᠪᠠᠶᠢᠵᠤ᠂ ᠬᠤᠪᠢᠷᠠᠯᠲᠠ ᠭᠠᠷᠤᠭᠰᠠᠨ ᠪᠠᠶᠢᠪᠠᠯ᠂ |
10 ᠠᠵᠢᠯᠯᠠᠬᠤ ᠡᠳᠦᠷ ᠤᠨ ᠳᠣᠲᠣᠷ᠎ᠠ ᠵᠣᠬᠢᠬᠤ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠵᠠᠮ |
ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠭᠰᠠᠨ ᠤ |
ᠳᠠᠷᠠᠭ᠎ᠠ ᠰᠢᠨᠡᠳᠭᠡᠵᠦ ᠦᠭᠭᠦᠨ᠎ᠡ᠃ |
ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠪᠤᠰᠤᠳ ᠢᠲᠡᠭᠡᠮᠵᠢ ᠶᠢᠨ ᠮᠡᠳᠡᠭᠡ |
ᠵᠠᠩᠭᠢ ᠶᠢ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ᠂ ᠴᠠᠭ ᠲᠤᠬᠠᠶ ᠳᠤ ᠨᠢ ᠳᠠᠬᠢᠨ ᠬᠢᠨᠠᠬᠤ᠂ ᠴᠠᠭ ᠲᠤᠬᠠᠶ ᠳᠤ |
ᠨᠢ ᠰᠢᠨᠡᠳᠬᠡᠬᠦ ᠵᠠᠷᠴᠢᠮ ᠶᠣᠰᠣᠭᠠᠷ᠂ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠦᠨ᠎ᠡ᠃ |
ᠠᠷᠪᠠᠨ ᠨᠠᠢᠮᠠᠳᠤᠭᠠᠷ ᠵᠦᠢᠯ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ |
ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠤᠨ ᠲᠦᠷᠢᠮ ᠢ ᠪᠠᠶᠢᠭᠤᠯᠤᠨ |
ᠲᠡᠭᠦᠯᠳᠡᠷᠵᠢᠭᠦᠯᠵᠦ᠂ ᠲᠤᠰᠬᠠᠶ ᠬᠥᠮᠦᠨ ᠵᠢᠭᠠᠨ ᠲᠣᠭᠲᠠᠭᠠᠬᠤ ᠪᠤᠶᠤ ᠲᠤᠰᠬᠠᠶ ᠪᠠᠶᠢᠭᠤᠯᠤᠮᠵᠢ ᠳᠤ ᠨᠠᠶᠢᠳᠠᠵᠤ |
ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠵᠤ᠂ ᠵᠠᠰᠠᠮᠠᠯ ᠵᠠᠮ ᠤᠨ |
ᠪᠦᠳᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ |
ᠰᠢᠨᠡᠳᠬᠡᠬᠦ ᠶᠢ ᠪᠠᠲᠤᠯᠠᠨ᠎ᠠ᠃ |
ᠲᠠᠪᠤᠳᠤᠭᠠᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠪᠠ ᠬᠠᠮᠢᠶᠠᠷᠬᠤ |
ᠠᠷᠪᠠ ᠶᠢᠰᠦᠳᠦᠭᠡᠷ ᠵᠦᠢᠯ ᠮᠤᠵᠢ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ |
ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ |
ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ |
ᠲᠣᠬᠠᠢ ᠳᠤ ᠨᠢ ᠨᠡᠶᠢᠲᠡᠯᠡᠨ᠎ᠡ᠃ |
ᠬᠤᠷᠢᠳᠤᠭᠠᠷ ᠵᠦᠢᠯ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ |
ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠶᠠᠮᠤᠨ᠂ ᠮᠤᠵᠢ ᠬᠤᠶᠠᠷ ᠱᠠᠳᠤ ᠪᠠᠷ |
ᠪᠠᠶᠢᠭᠤᠯᠤᠨ᠎ᠠ᠃ ᠮᠤᠵᠢ ᠶᠢᠨ ᠱᠠᠲᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ |
ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ |
ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ |
ᠵᠠᠯᠭᠠᠭᠠᠳᠠᠰᠤ ᠶᠢᠨ ᠪᠠᠷᠢᠮᠵᠢᠶ᠎ᠠ ᠪᠠᠷ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ |
ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠯᠦᠭᠡ ᠵᠣᠯᠭᠠᠭᠤᠯᠵᠤ᠂ |
ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ |
ᠬᠤᠷᠢᠨ ᠨᠢᠭᠡᠳᠦᠭᠡᠷ ᠵᠦᠢᠯ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠳᠤ ᠪᠠᠨ ᠠᠵᠢᠯ ᠡᠷᠬᠢᠯᠡᠵᠤ |
ᠪᠠᠶᠢᠭ᠎ᠠ ᠨᠢᠭᠡᠴᠢ ᠶᠢᠨ ᠬᠤᠳᠠᠯᠳᠤᠭᠠᠨ ᠤ ᠨᠢᠭᠤᠴᠠ ᠪᠣᠯᠤᠨ ᠠᠵᠢᠯ ᠡᠷᠬᠢᠯᠡᠭᠰᠡᠳ ᠤᠨ ᠬᠤᠪᠢ ᠬᠥᠮᠦᠨ ᠤ |
ᠨᠢᠭᠤᠴᠠ ᠶᠢ ᠬᠠᠮᠠᠭᠠᠯᠠᠬᠤ ᠬᠡᠷᠡᠭᠲᠡᠶ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠥᠭᠡᠢ᠃ ᠠᠵᠢᠯ |
ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠳᠠᠩᠰᠠᠨ ᠡᠷᠦᠬᠡ ᠵᠡᠷᠭᠡ ᠬᠤᠳᠠᠯᠳᠤᠭᠠᠨ ᠤ ᠮᠡᠳᠡᠭᠡ ᠵᠠᠩᠭᠢ ᠶᠢ |
ᠵᠥᠪᠬᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ |
ᠬᠠᠮᠢᠶᠠᠷᠤᠯᠲᠠ ᠳᠤ ᠬᠡᠷᠡᠭᠯᠡᠬᠦ ᠠᠴᠠ ᠪᠢᠰᠢ᠂ ᠭᠠᠳᠠᠭᠰᠢ ᠨᠡᠶᠢᠲᠡᠯᠡᠬᠦ ᠦᠭᠡᠢ᠃ |
ᠬᠤᠷᠢᠨ ᠬᠤᠶᠠᠳᠤᠭᠠᠷ ᠵᠦᠢᠯ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ ᠬᠢᠵᠠᠭᠠᠷ ᠶᠢ |
ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠲᠣᠭᠲᠠᠭᠠᠨ᠎ᠠ᠄ |
︵ᠨᠢᠭᠡ︶ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠶᠢ ᠨᠡᠶᠢᠲᠡᠯᠡᠬᠦ |
ᠬᠤᠭᠤᠴᠠᠭ᠎ᠠ ᠬᠢᠵᠠᠭᠠᠷ ᠨᠢ ᠤᠷᠳᠤ ᠬᠤᠭᠤᠴᠠᠭ᠎ᠠ︔ |
︵ᠬᠤᠶᠠᠷ︶ ᠬᠦᠬᠢᠭᠦᠯᠦᠨ ᠱᠠᠩᠨᠠᠬᠤ ᠲᠥᠷᠥᠯ ᠤᠨ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠮᠡᠳᠡᠭᠡ |
ᠵᠠᠩᠭᠢ᠂ ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ ᠬᠢᠵᠠᠭᠠᠷ ᠨᠢ 2 ᠵᠢᠯ᠂ |
ᠢᠲᠡᠭᠡᠮᠵᠢ ᠶᠢᠨ ᠦᠨᠡᠯᠡᠯᠲᠡ ᠶᠢᠨ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭ᠎ᠠ ᠬᠢᠵᠠᠭᠠᠷ ᠨᠢ 1 ᠵᠢᠯ᠂ ᠬᠤᠭᠤᠴᠠᠭ᠎ᠠ |
ᠳᠦᠭᠦᠷᠦᠭᠰᠡᠨ ᠤ ᠳᠠᠷᠠᠭ᠎ᠠ ᠰᠢᠰᠲ᠋ᠧᠮ ᠨᠢ ᠠᠶᠠᠨᠳᠠᠭᠠᠨ ᠨᠡᠶᠢᠲᠡᠯᠡᠬᠦ ᠪᠠᠨ ᠪᠤᠯᠢᠵᠤ᠂ ᠰᠢᠰᠲ᠋ᠧᠮ ᠤᠨ ᠲᠠᠩᠰᠠ |
ᠡᠪᠬᠡᠮᠡᠯ ᠤᠨ ᠮᠡᠳᠡᠭᠡ ᠵᠠᠩᠭᠢ ᠪᠣᠯᠭᠠᠨ ᠬᠤᠪᠢᠷᠠᠭᠤᠯᠤᠨ᠎ᠠ᠃ |
ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠤᠭᠤᠴᠠᠭ᠎ᠠ ᠳᠦᠭᠦᠷᠦᠭᠡᠳᠦᠶ ᠮᠠᠭᠤ ᠦᠢᠯᠡ |
ᠠᠵᠢᠯᠯᠠᠭ᠎ᠠ ᠶᠢᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠤᠭᠤᠴᠠᠭ᠎ᠠ ᠳᠦᠭᠦᠷᠲᠡᠯ᠎ᠡ |
ᠤᠷᠲᠤᠳᠬᠠᠨ᠎ᠠ᠃ |
ᠳᠡᠭᠡᠷ᠎ᠡ ᠳᠤᠷᠠᠳᠤᠭᠰᠠᠨ ᠬᠤᠭᠤᠴᠠᠭ᠎ᠠ ᠬᠢᠵᠠᠭᠠᠷ ᠶᠢ ᠴᠥᠮ ᠵᠣᠬᠢᠴᠠᠩᠭᠤᠶ ᠦᠢᠯᠡ ᠠᠵᠢᠯᠯᠠᠭ᠎ᠠ ᠶᠢ ᠮᠠᠭᠠᠳᠯᠠᠨ |
ᠲᠣᠭᠲᠠᠭᠠᠭᠰᠠᠨ ᠪᠤᠶᠤ ᠵᠣᠬᠢᠬᠤ ᠲᠣᠭᠲᠠᠭᠠᠯ ᠭᠠᠷᠭᠠᠭᠰᠠᠨ ᠡᠳᠦᠷ ᠠᠴᠠ ᠡᠬᠢᠯᠡᠵᠦ ᠪᠤᠳᠤᠨ᠎ᠠ᠃ |
ᠬᠤᠷᠢᠨ ᠭᠤᠷᠪᠠᠳᠤᠭᠠᠷ ᠵᠦᠢᠯ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ |
ᠢᠲᠡᠭᠡᠮᠵᠢ ᠶᠢᠨ ᠮᠡᠳᠡᠭᠡ ᠵᠠᠩᠭᠢ ᠨᠢ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠶᠠᠮᠠᠷᠪᠠ ᠨᠢᠭᠡᠴᠢ ᠪᠣᠯᠤᠨ ᠬᠤᠪᠢ |
ᠬᠥᠮᠦᠨ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠨᠢ ᠬᠤᠳᠠᠯ ᠬᠠᠭᠤᠷᠮᠠᠭ ᠪᠠᠶᠢᠬᠤ ᠶᠢ |
ᠣᠯᠵᠤ ᠮᠡᠳᠡᠪᠡᠯ᠂ ᠴᠥᠮ ᠠᠵᠢᠯ ᠡᠷᠬᠢᠯᠡᠵᠤ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠶᠢ ᠨᠡᠶᠢᠲᠡᠯᠡᠬᠦ ᠶᠢ |
ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ |
ᠢᠯᠡᠴᠢᠯᠡᠨ ᠮᠡᠳᠡᠭᠦᠯᠵᠦ ᠪᠣᠯᠤᠨ᠎ᠠ᠃ |
ᠬᠤᠷᠢᠨ ᠳᠥᠷᠪᠡᠳᠦᠭᠡᠷ ᠵᠦᠢᠯ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠡᠷᠬᠢᠯᠡᠵᠦ ᠪᠠᠶᠢᠭ᠎ᠠ ᠨᠢᠭᠡᠴᠢ ᠶᠢᠨ ᠲᠠᠭᠯᠠᠨ |
ᠮᠡᠳᠡᠭᠦᠯᠦᠭᠰᠡᠨ ᠮᠡᠳᠡᠭᠡ ᠵᠠᠩᠭᠢ ᠨᠢ ᠬᠤᠳᠠᠯ ᠬᠠᠭᠤᠷᠮᠠᠭ ᠪᠠᠶᠢᠬᠤ ᠶᠢ ᠪᠠᠶᠢᠴᠠᠭᠠᠨ ᠲᠤᠳᠤᠯᠠᠭᠰᠠᠨ ᠪᠠᠶᠢᠪᠠᠯ᠂ ᠳᠠᠷᠤᠶ |
ᠮᠠᠭᠤ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠳᠤ ᠵᠢᠭᠰᠠᠭᠠᠨ ᠣᠷᠣᠭᠤᠯᠬᠤ ᠶᠢᠨ ᠬᠠᠮᠲᠤ᠂ ᠬᠠᠮᠢᠶ᠎ᠠ ᠪᠦᠬᠦᠢ |
ᠦᠨᠡᠯᠡᠬᠦ ᠲᠦᠷᠢᠮ ᠤᠨ ᠶᠣᠰᠣᠭᠠᠷ ᠲᠡᠭᠦᠨ ᠤ ᠢᠲᠡᠭᠡᠮᠵᠢ ᠶᠢᠨ ᠦᠨᠡᠯᠡᠯᠲᠡ ᠶᠢᠨ ᠣᠯᠤᠭᠰᠠᠨ ᠬᠤᠪᠢ ᠶᠢ ᠬᠠᠰᠤᠨ᠎ᠠ᠃ |
|
ᠬᠤᠷᠢᠨ ᠲᠠᠪᠤᠳᠤᠭᠠᠷ ᠵᠦᠢᠯ ᠠᠵᠢᠯ ᠡᠷᠬᠢᠯᠡᠵᠤ ᠪᠠᠶᠢᠭ᠎ᠠ ᠨᠢᠭᠡᠴᠢ ᠠᠴᠠ ᠨᠡᠶᠢᠲᠡᠯᠡᠭᠰᠡᠨ ᠢᠲᠡᠭᠡᠮᠵᠢ ᠶᠢᠨ |
ᠮᠡᠳᠡᠭᠡ ᠵᠠᠩᠭᠢ ᠶᠢ ᠪᠣᠳᠠᠲᠤ ᠪᠠᠶᠢᠳᠠᠯ ᠲᠠᠢ ᠨᠡᠶᠢᠴᠡᠬᠦ ᠥᠭᠡᠢ ᠭᠡᠵᠦ ᠦᠵᠡᠪᠡᠯ᠂ ᠵᠣᠬᠢᠬᠤ ᠮᠡᠳᠡᠭᠡ ᠵᠠᠩᠭᠢ ᠶᠢ |
ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ |
ᠮᠥᠴᠢᠷ ᠲᠤ ᠬᠤᠪᠢᠷᠠᠭᠤᠯᠬᠤ ᠭᠤᠶᠤᠴᠢᠯᠠᠯ ᠢᠶᠠᠨ ᠴᠠᠭ ᠲᠤᠬᠠᠶ ᠳᠤ ᠨᠢ ᠳᠤᠷᠠᠳᠴᠤ᠂ ᠢᠲᠡᠭᠡᠮᠵᠢ ᠶᠢᠨ ᠮᠡᠳᠡᠭᠡ |
ᠵᠠᠩᠭᠢ ᠶᠢ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ |
ᠰᠠᠯᠠᠭ᠎ᠠ ᠮᠥᠴᠢᠷ ᠨᠢ 10 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠬᠦ ᠶᠢᠨ ᠬᠠᠮᠲᠤ᠂ ᠭᠤᠶᠤᠴᠢᠯᠠᠭᠴᠢ ᠳᠤ |
ᠮᠡᠳᠡᠭᠳᠡᠬᠦ ᠬᠡᠷᠡᠭᠲᠡᠶ᠃ |
ᠬᠤᠷᠢᠨ ᠵᠢᠷᠭᠤᠳᠤᠭᠠᠷ ᠵᠦᠢᠯ ᠪᠦᠬᠦ ᠤᠯᠤᠰ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠵᠠᠬ᠎ᠠ |
ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠨᠡᠶᠢᠲᠡᠯᠡᠭᠰᠡᠨ ᠠᠵᠢᠯ |
ᠡᠷᠬᠢᠯᠡᠵᠦ ᠪᠠᠶᠢᠭ᠎ᠠ ᠨᠢᠭᠡᠴᠢ ᠶᠢᠨ ᠦᠨᠳᠦᠰᠦᠨ ᠮᠡᠳᠡᠭᠡ ᠵᠠᠩᠭᠢ ᠪᠣᠯ ᠲᠦᠷᠦ ᠶᠢᠨ ᠶᠠᠪᠤᠳᠠᠯ ᠤᠨ ᠬᠤᠷᠢᠶᠠᠨ ᠤ ᠵᠡᠮ |
ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠷᠢ ᠭᠡᠮ ᠲᠠᠢ ᠠᠵᠤ |
ᠠᠬᠤᠶᠢᠯᠠᠯ ᠤᠨ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠬᠢᠨᠠᠨ |
ᠪᠠᠶᠢᠴᠠᠭᠠᠵᠤ ᠬᠢᠨᠠᠨ ᠵᠥᠪᠰᠢᠶᠡᠷᠡᠬᠦ ᠰᠠᠭᠤᠷᠢ ᠮᠠᠲ᠋ᠧᠷᠢᠶᠠᠯ ᠪᠣᠯᠤᠨ᠎ᠠ᠃ ᠠᠵᠤ ᠠᠬᠤᠶᠢᠯᠠᠯ ᠤᠳ ᠵᠠᠰᠠᠮᠠᠯ ᠵᠠᠮ ᠤᠨ |
ᠪᠠᠷᠢᠯᠭ᠎ᠠ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠳᠤ ᠪᠠᠨ᠂ |
ᠬᠤᠯᠪᠣᠭᠳᠠᠯ ᠪᠥᠬᠦᠶ ᠠᠵᠢᠯ ᠤᠨ ᠠᠮᠵᠢᠯᠲᠠ᠂ ᠭᠤᠤᠯ ᠪᠣᠯᠬᠤ ᠠᠵᠢᠯᠳᠠᠨ ᠤ ᠬᠢᠷᠢ ᠬᠡᠮ ᠢ ᠭᠡᠷᠡᠴᠢᠯᠡᠬᠦ |
ᠮᠠᠲ᠋ᠧᠷᠢᠶᠠᠯ ᠤᠨ ᠪᠠᠭᠤᠯᠭᠠᠪᠤᠷᠢ ᠶᠢ ᠳᠠᠭᠢᠵᠤ ᠲᠤᠰᠢᠶᠠᠬᠤ ᠥᠬᠡᠶ ᠪᠠᠶᠢᠵᠤ ᠪᠣᠯᠤᠨ᠎ᠠ᠂ ᠪᠥᠬᠦ ᠤᠯᠤᠰ ᠤᠨ ᠵᠠᠰᠠᠮᠠᠯ |
ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ |
ᠬᠠᠮᠢᠶᠠᠷᠤᠯᠲᠠ ᠶᠢᠨ ᠰᠢᠰᠲ᠋ᠧᠮ ᠳᠠᠬᠢ ᠬᠠᠮᠢᠶ᠎ᠠ ᠪᠥᠬᠦᠶ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠣᠯᠤᠨ᠎ᠠ᠃ |
ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ |
ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠲᠡᠮᠳᠡᠭᠯᠡᠭᠰᠡᠨ ᠥᠬᠡᠶ ᠠᠵᠢᠯ ᠡᠷᠬᠢᠯᠡᠵᠦ ᠪᠠᠶᠢᠭ᠎ᠠ ᠨᠢᠭᠡᠴᠢ᠂ |
ᠠᠵᠢᠯ ᠤᠨ ᠠᠮᠵᠢᠯᠲᠠ ᠪᠠ ᠭᠤᠤᠯ ᠪᠣᠯᠬᠤ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠢ ᠵᠠᠰᠠᠮᠠᠯ ᠵᠠᠮ ᠤᠨ |
ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠬᠤ ᠳᠤ ᠮᠠᠭᠠᠳᠯᠠᠨ |
ᠲᠣᠭᠲᠠᠭᠠᠬᠤ ᠥᠬᠡᠶ ᠪᠠᠶᠢᠵᠤ ᠪᠣᠯᠤᠨ᠎ᠠ᠃ |
ᠳᠡᠭᠡᠷ᠎ᠡ ᠳᠤᠷᠠᠳᠤᠭᠰᠠᠨ ᠪᠣᠳᠠᠲᠠᠶ ᠱᠠᠭᠠᠷᠳᠠᠯᠭ᠎ᠠ ᠶᠢ ᠳᠠᠭᠠᠭᠠᠴᠢᠯᠠᠯᠲᠠ ᠵᠠᠷᠯᠠᠭᠴᠢ ᠠᠴᠠ ᠳᠠᠭᠠᠭᠠᠴᠢᠯᠠᠯᠲᠠ |
ᠵᠠᠷᠯᠠᠬᠤ ᠪᠢᠴᠢᠭ ᠮᠠᠲ᠋ᠧᠷᠢᠶᠠᠯ ᠳᠤ ᠪᠠᠨ ᠲᠣᠭᠲᠠᠭᠠᠨ᠎ᠠ᠃ |
ᠬᠤᠷᠢᠨ ᠳᠣᠯᠣᠳᠤᠭᠠᠷ ᠵᠦᠢᠯ ᠮᠤᠵᠢ ᠶᠢᠨ ᠱᠠᠲᠤᠨ ᠤ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ |
ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢᠨ |
ᠲᠤᠬᠠᠶ ᠲᠣᠭᠲᠠᠭᠠᠯ ᠢ ᠮᠤᠵᠢ ᠶᠢᠨ ᠱᠠᠲᠤᠨ ᠤ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ |
ᠮᠦᠴᠢᠷ ᠲᠣᠭᠲᠠᠭᠠᠨ᠎ᠠ᠃ |
ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ |
ᠰᠠᠯᠠᠭ᠎ᠠ ᠮᠥᠴᠢᠷ ᠤᠳ ᠵᠠᠰᠠᠮᠠᠯ ᠵᠠᠮ ᠤᠨ ᠪᠥᠳᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ |
ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠭᠦᠢᠴᠡᠳ ᠠᠰᠢᠭᠯᠠᠨ᠂ ᠤᠷᠮᠠᠰᠢᠭᠤᠯᠬᠤ ᠲᠣᠭᠲᠠᠴᠠ ᠶᠢ |
ᠪᠠᠶᠢᠭᠤᠯᠬᠤ ᠬᠡᠷᠡᠭᠲᠡᠶ᠃ ᠢᠲᠡᠭᠡᠮᠵᠢ ᠰᠠᠶᠢᠲᠠᠶ ᠠᠵᠢᠯ ᠡᠷᠬᠢᠯᠡᠵᠦ ᠪᠠᠶᠢᠭ᠎ᠠ ᠨᠢᠭᠡᠴᠢ ᠳᠤ ᠳᠠᠭᠠᠭᠠᠴᠢᠯᠠᠯᠲᠠ ᠬᠦᠯᠢᠶᠡᠬᠦ |
ᠲᠤᠭ᠎ᠠ ᠬᠡᠮᠵᠢᠶ᠎ᠡ᠂ ᠬᠢᠷᠢ ᠬᠡᠮ ᠤᠨ ᠬᠢᠨᠠᠨ ᠪᠠᠶᠢᠴᠠᠭᠠᠯᠲᠠ᠂ ᠭᠡᠷ᠎ᠡ ᠭᠦᠢᠴᠡᠳᠭᠡᠬᠦ ᠳᠠᠭᠠᠭᠠᠯᠲᠠ ᠶᠢᠨ ᠵᠣᠭᠤᠰ ᠤᠨ |
ᠲᠤᠭ᠎ᠠ᠂ ᠶᠠᠰᠤ ᠴᠢᠨᠠᠷ ᠤᠨ ᠪᠠᠲᠤᠯᠠᠭ᠎ᠠ ᠶᠢᠨ ᠵᠣᠭᠤᠰ ᠤᠨ ᠲᠤᠭ᠎ᠠ ᠵᠡᠷᠭᠡ ᠲᠠᠯ᠎ᠠ ᠪᠠᠷ ᠬᠠᠷᠠᠭᠠᠯᠵᠠᠯ ᠪᠠ ᠱᠠᠩᠨᠠᠯ |
ᠣᠯᠭᠤᠵᠤ᠂ ᠢᠲᠡᠭᠡᠮᠵᠢ ᠶᠢᠨ ᠵᠡᠷᠭᠡ ᠳᠡᠰ ᠢᠶᠠᠷ ᠳᠣᠤᠷ᠎ᠠ ᠪᠠ ᠮᠠᠭᠤ ᠦᠢᠯᠡ ᠠᠵᠢᠯᠯᠠᠭ᠎ᠠ ᠪᠠᠷ ᠨᠡᠯᠢᠶᠡᠳ ᠣᠯᠠᠨ |
ᠠᠵᠢᠯ ᠡᠷᠬᠢᠯᠡᠵᠦ ᠪᠠᠶᠢᠭ᠎ᠠ ᠨᠢᠭᠡᠴᠢ ᠶᠢ ᠭᠤᠤᠯᠳᠠᠯᠭ᠎ᠠ ᠲᠠᠢ ᠬᠢᠨᠠᠨ ᠬᠠᠮᠢᠶᠠᠷᠴᠤ᠂ ᠠᠳᠠᠯᠢ ᠪᠤᠰᠤ ᠦᠢᠯᠡ ᠪᠠᠶᠢᠳᠠᠯ ᠢ |
ᠦᠨᠳᠦᠰᠦᠯᠡᠨ ᠬᠢᠵᠠᠭᠠᠷᠯᠠᠬᠤ ᠨᠥᠬᠦᠴᠡᠯ ᠳᠤᠷᠠᠳᠤᠨ᠎ᠠ᠃ |
ᠬᠤᠷᠢ ᠶᠢᠰᠦᠳᠦᠭᠡᠷ ᠵᠦᠢᠯ ᠮᠤᠵᠢ ᠶᠢᠨ ᠱᠠᠳᠤ ᠵᠢᠴᠢ ᠲᠡᠭᠦᠨ ᠠᠴᠠ ᠳᠡᠭᠡᠭᠰᠢᠬᠢ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠳᠡᠯᠦᠩᠭᠦᠶ ᠬᠠᠮᠢᠶᠠᠷᠤᠯᠲᠠ ᠶᠢᠨ ᠳᠤᠮᠳᠠ᠂ |
ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ |
ᠪᠠᠶᠢᠴᠠᠭᠠᠨ ᠬᠡᠮᠵᠢᠬᠦ ᠵᠡᠷᠭᠡ ᠨᠢᠭᠡᠴᠢ ᠶᠢᠨ ᠠᠵᠢᠯᠳᠠᠨ ᠤ ᠠᠵᠢᠯ ᠤᠨ ᠠᠮᠵᠢᠯᠲᠠ ᠵᠡᠷᠭᠡ ᠶᠢᠨ ᠭᠦᠢᠴᠡᠳᠬᠡᠬᠦ ᠲᠤᠭ᠎ᠠ ᠨᠢ |
ᠬᠠᠮᠢᠶ᠎ᠠ ᠪᠦᠬᠦᠢ ᠬᠢᠷᠢ ᠬᠡᠮ᠂ ᠬᠢᠷᠢ ᠬᠡᠮ ᠤᠨ ᠪᠠᠷᠢᠮᠵᠢᠶ᠎ᠠ ᠶᠢᠨ ᠱᠠᠭᠠᠷᠳᠠᠯᠭ᠎ᠠ ᠠᠴᠠ ᠳᠣᠣᠷ᠎ᠠ ᠪᠠᠶᠢᠬᠤ ᠶᠢ ᠣᠯᠵᠤ |
ᠮᠡᠳᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠰᠠᠯᠠᠭ᠎ᠠ |
ᠮᠥᠴᠢᠷ ᠤᠨ ᠲᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ |
ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ |
ᠭᠤᠴᠢᠳᠤᠭᠠᠷ ᠵᠦᠢᠯ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠠᠵᠢᠯ |
ᠡᠷᠭᠢᠯᠡᠬᠦ ᠬᠢᠷᠢ ᠬᠡᠮ ᠤᠨ ᠲᠦᠷᠢᠮ ᠢ ᠬᠡᠷᠡᠭᠵᠢᠭᠦᠯᠵᠦ ᠪᠠᠶᠢᠭ᠎ᠠ ᠡᠯ᠎ᠡ ᠲᠥᠷᠥᠯ ᠤᠨ ᠠᠵᠢᠯ ᠡᠷᠭᠢᠯᠡᠭᠰᠡᠳ ᠤᠨ |
ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ |
ᠪᠣᠯᠤᠨ᠎ᠠ᠃ |
ᠭᠤᠴᠢᠨ ᠨᠢᠭᠡᠳᠦᠭᠡᠷ ᠵᠦᠢᠯ ᠲᠤᠰ ᠠᠷᠭ᠎ᠠ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ |
ᠬᠠᠷᠢᠭᠤᠴᠠᠨ ᠲᠠᠶᠢᠯᠪᠤᠷᠢᠯᠠᠨ᠎ᠠ᠃ |
ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |
|
|
|
ᠰᠢᠯᠵᠢᠭᠦᠯᠦᠨ ᠨᠡᠶᠢᠲᠡᠯᠡᠬᠦ ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ |
ᠰᠦᠯᠵᠢᠶ᠎ᠡ |
|
ᠪᠢᠴᠢᠭ ᠮᠠᠲ᠋ᠧᠷᠢᠶᠠᠯ ᠪᠠᠭᠤᠯᠭᠠᠬᠤ᠄ ︽ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ |
ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠳᠤ |
ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ |
ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ︽︿ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ |
ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠳᠤ |
ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ᠤᠨ ᠲᠠᠶᠢᠯᠤᠮᠵᠢ |