ᠰᠤᠷᠪᠤᠯᠵᠢᠯᠠᠭ᠎ᠠ ᠬᠦᠯᠢᠶᠡᠭᠴᠢ᠄ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ |
ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ |
ᠰᠤᠷᠪᠤᠯᠵᠢᠯᠠᠭᠰᠠᠨ ᠴᠠᠭ᠄2020-11-11 |
ᠭᠤᠤᠯ ᠠᠭᠤᠯᠭ᠎ᠠ ᠨᠢ᠄ |
ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠺᠠᠷᠲ ᠢᠶᠠᠷ ᠭᠠᠵᠠᠷ ᠣᠷᠣᠨ ᠠᠯᠤᠰᠯᠠᠬᠤ᠂ ᠵᠠᠮ |
ᠬᠠᠷᠢᠯᠴᠠᠭ᠎ᠠ ᠠᠯᠤᠰᠯᠠᠬᠤ ᠠᠷᠭ᠎ᠠ ᠬᠡᠯᠪᠡᠷᠢ ᠶᠢ ᠬᠡᠷᠡᠭᠯᠡᠬᠦ ᠶᠢ ᠪᠡᠶᠡᠯᠡᠭᠦᠯᠵᠦ ᠪᠣᠯᠤᠨ᠎ᠠ᠂ ᠲᠡᠭᠡᠭᠡᠪᠦᠷᠢ ᠶᠢᠨ ᠪᠠᠭᠠᠵᠢ ᠳᠤ |
ᠰᠠᠭᠤᠬᠤ ᠳᠤ ᠪᠠᠨ ᠪᠢᠯᠧᠲ ᠬᠤᠳᠠᠯᠳᠤᠨ ᠠᠪᠬᠤ᠂ ᠪᠢᠯᠧᠲ ᠰᠢᠯᠭᠠᠬᠤ ᠪᠠ ᠰᠦᠢᠳᠭᠡᠯ ᠲᠤᠰᠢᠶᠠᠬᠤ ᠴᠠᠭ ᠢ |
ᠠᠷᠪᠢᠯᠠᠬᠤ ᠪᠠᠷ ᠪᠠᠷᠠᠬᠤ ᠥᠬᠡᠶ᠂ ᠪᠠᠰᠠ ᠪᠡᠯᠡᠨ ᠵᠣᠭᠤᠰ ᠠᠪᠴᠤ ᠶᠠᠪᠤᠬᠤ ᠶᠢ ᠪᠠᠭᠠᠰᠬᠠᠨ᠎ᠠ … |
ᠦᠰᠦᠭ ᠪᠢᠴᠢᠭ ᠤᠨ ᠪᠣᠳᠠᠲᠤ ᠲᠡᠮᠳᠡᠭᠯᠡᠯ |
ᠬᠥᠲᠥᠯᠥᠭᠴᠢ᠄ |
ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠲᠣᠰ ᠬᠤᠭᠤᠴᠠᠭᠠᠨ ᠤ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ |
ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ |
ᠵᠠᠪᠰᠢᠶᠠᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠢ ᠤᠷᠢᠵᠤ᠂ ︽ᠵᠠᠮ ᠬᠠᠷᠢᠯᠴᠠᠭᠠᠨ ᠤ ᠪᠦᠷᠢᠨ ᠴᠢᠳᠠᠮᠵᠢᠲᠦ |
ᠺᠠᠷᠲ ᠤᠨ ᠬᠤᠯᠪᠣᠯᠳᠤᠨ ᠨᠡᠪᠲᠡᠷᠡᠯᠴᠡᠬᠦ︾ ᠭᠤᠤᠯ ᠰᠡᠳᠦᠪ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠬᠤ |
ᠪᠣᠯᠤᠨ᠎ᠠ᠃ ᠶᠦᠨ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ ﹇2020-11-11 |
09᠄ 15᠄ 48﹈ |
ᠬᠦᠯᠢᠶᠡᠭᠴᠢ᠄ ᠶᠦᠨ ᠸᠧᠨ ᠵᠢᠩ |
ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠪᠡᠷᠲᠡᠭᠡᠨ ᠵᠠᠰᠠᠬᠤ |
ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠢᠷᠡᠭᠰᠡᠨ ᠳᠤ ᠪᠠᠨ ᠮᠠᠰᠢ ᠪᠠᠶᠠᠷᠲᠠᠶ ᠪᠠᠶᠢᠨ᠎ᠠ᠃ |
ᠳᠣᠤᠷ᠎ᠠ᠂ ᠪᠢ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ |
ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠤᠨ ᠲᠠᠯ᠎ᠠ ᠪᠠᠷ ᠬᠥᠲᠥᠯᠥᠭᠴᠢ |
ᠵᠢᠴᠢ ᠰᠦᠯᠵᠢᠶᠡᠨ ᠠᠨᠳᠠ ᠨᠠᠷ ᠤᠨ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠤᠶ᠎ᠠ᠃ ﹇2020-11-11 |
09᠄ 17᠄ 12﹈ |
ᠬᠥᠲᠥᠯᠥᠭᠴᠢ᠄ |
ᠶᠦᠨ ᠲᠢᠩᠬᠢᠮ ᠤᠨ ᠳᠠᠷᠤᠭ᠎ᠠ ᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠣᠯ ᠨᠡᠶᠢᠭᠡᠮ |
ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠮᠥᠨ᠂ ᠲᠠ ᠤᠷᠢᠳ ᠢᠶᠠᠷ ᠥᠷᠭᠡᠨ ᠣᠯᠠᠨ |
ᠰᠦᠯᠵᠢᠶᠡᠨ ᠤ ᠠᠨᠳᠠ ᠨᠠᠷ ᠲᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ |
ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠶ ᠪᠠᠶᠢᠳᠠᠯ ᠵᠢᠴᠢ ᠬᠤᠯᠪᠣᠯᠳᠤᠨ ᠨᠡᠪᠲᠡᠷᠡᠯᠴᠡᠬᠦ ᠶᠡᠷᠦᠩᠬᠡᠶ |
ᠠᠬᠢᠴᠠ ᠶᠢᠨ ᠪᠠᠶᠢᠳᠠᠯ ᠢ ᠲᠠᠨᠢᠯᠴᠠᠭᠤᠯᠤᠭᠠᠳ ᠦᠭᠭᠦᠭᠡᠷᠡᠢ᠃ ﹇2020-11-11 09᠄ 18᠄ 49﹈ |
ᠬᠦᠯᠢᠶᠡᠭᠴᠢ᠄ ᠶᠦᠨ ᠸᠧᠨ ᠵᠢᠩ |
ᠵᠠ᠃ 2012 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠬᠤᠲᠠ ᠶᠢᠨ ᠨᠡᠶᠢᠲᠡ ᠶᠢᠨ ᠵᠠᠮ |
ᠬᠠᠷᠢᠯᠴᠠᠭ᠎ᠠ ᠶᠢ ᠡᠩ ᠲᠡᠷᠢᠭᠦᠨ ᠳᠤ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ |
ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠰᠢᠯᠵᠢᠮᠡᠯ ᠲᠣᠭᠠᠴᠠᠭ᠎ᠠ |
ᠬᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠶᠢᠨ |
ᠨᠡᠶᠢᠲᠡ ᠶᠢᠨ ᠵᠠᠮ ᠬᠠᠷᠢᠯᠴᠠᠭᠠᠨ ᠤ ︽ᠪᠦᠷᠢᠨ ᠴᠢᠳᠠᠮᠵᠢᠲᠦ ᠺᠠᠷᠲ︾ ᠢ ᠪᠥᠬᠦ ᠲᠠᠯ᠎ᠠ ᠪᠠᠷ ᠳᠡᠯᠭᠡᠷᠡᠭᠦᠯᠦᠨ |
ᠲᠦᠭᠡᠮᠡᠯᠵᠢᠭᠦᠯᠵᠦ᠂ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠤᠲᠠ ᠶᠢᠨ ᠴᠠᠷᠠᠭ᠎ᠠ |
ᠠᠯᠤᠰᠯᠠᠭᠰᠠᠨ ᠨᠡᠶᠢᠲᠡ ᠶᠢᠨ ᠵᠠᠮ ᠬᠠᠷᠢᠯᠴᠠᠭᠠᠨ ᠤ ︽ᠪᠦᠷᠢᠨ ᠴᠢᠳᠠᠮᠵᠢᠲᠦ ᠺᠠᠷᠲ︾ ᠤᠨ ᠬᠤᠯᠪᠣᠯᠳᠤᠨ |
ᠨᠡᠪᠲᠡᠷᠡᠯᠴᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃ ᠲᠥᠷᠥ ᠶᠢᠨ ᠶᠠᠪᠤᠳᠠᠯ ᠤᠨ |
ᠬᠤᠷᠢᠶᠠᠨ ᠤ ᠵᠢᠯᠣᠭᠤᠳᠬᠤ ᠰᠠᠨᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠨᠢ ᠪᠥᠬᠦ ᠤᠯᠤᠰ ᠤᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ |
ᠬᠤᠯᠪᠣᠯᠳᠤᠨ ᠨᠡᠪᠲᠡᠷᠡᠯᠴᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠣᠲᠣ ᠪᠣᠯᠲᠠᠯ᠎ᠠ᠂ ᠪᠥᠬᠦ ᠤᠯᠤᠰ ᠲᠤ |
ᠨᠢᠭᠡᠨᠲᠡ 280 ᠭᠠᠷᠤᠶ ᠲᠤᠰᠬᠠᠶ ᠣᠷᠣᠨ ᠤ ᠲᠠᠰ ᠠᠴᠠ ᠳᠡᠭᠡᠭᠰᠢᠬᠢ ᠬᠤᠲᠠ ᠶᠢᠨ ᠵᠠᠮ ᠬᠠᠷᠢᠯᠴᠠᠭᠠᠨ ᠤ ᠪᠦᠷᠢᠨ |
ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠪᠡᠭᠡᠵᠢᠩ ᠲᠢᠶᠠᠨᠵᠢᠨ ᠾᠧᠪᠧᠢ᠂ |
ᠬᠥᠬᠡᠮᠥ᠋ᠷᠡᠨ ᠤ ᠭᠤᠷᠪᠠᠯᠵᠢᠨ᠂ ᠵᠦᠵᠢᠶᠠᠩ ᠮᠥᠷᠡᠨ ᠤ ᠭᠤᠷᠪᠠᠯᠵᠢᠨ᠂ ᠬᠥᠬᠡᠮᠥ᠋ᠷᠡᠨ ᠤ ᠳᠤᠮᠳᠠᠳᠤ ᠤᠷᠤᠰᠬᠠᠯ ᠤᠨ |
ᠬᠤᠲᠠ ᠶᠢᠨ ᠪᠥᠭᠡᠮᠨᠡᠷᠡᠯ ᠵᠡᠷᠭᠡ ᠣᠯᠠᠨ ᠭᠤᠤᠯᠳᠠᠯᠭ᠎ᠠ ᠲᠠᠢ ᠣᠷᠣᠨ ᠪᠦᠰᠡ ᠶᠢ ᠬᠠᠮᠤᠷᠤᠭᠰᠠᠨ ᠪᠠᠶᠢᠨ᠎ᠠ᠃ |
ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ᠂ |
ᠲᠦᠷᠢᠶᠡᠰᠦᠨ ᠮᠠᠰᠢᠨ ᠲᠡᠷᠭᠡ᠂ ᠣᠯᠠᠨ ᠨᠡᠶᠢᠲᠡ ᠶᠢᠨ ᠳᠤᠭᠤᠶ ᠲᠡᠷᠭᠡ᠂ ᠣᠩᠭᠤᠴᠠ ᠭᠠᠲᠤᠯᠬᠤ᠂ ᠬᠤᠲᠠ |
ᠬᠥᠳᠡᠭᠡ ᠶᠢᠨ ᠠᠶᠠᠨᠴᠢᠳ ᠤᠨ ᠲᠡᠭᠡᠭᠡᠪᠦᠷᠢ᠂ ᠬᠤᠲᠠ ᠶᠢᠨ ᠲᠡᠭᠦᠷᠭᠡ ᠶᠢᠨ ᠲᠡᠮᠦᠷ ᠵᠠᠮ ᠵᠡᠷᠭᠡ ᠣᠯᠠᠨ ᠵᠦᠢᠯ ᠤᠨ |
ᠵᠠᠮ ᠬᠠᠷᠢᠯᠴᠠᠭᠠᠨ ᠤ ᠠᠷᠭ᠎ᠠ ᠬᠡᠯᠪᠡᠷᠢ ᠪᠠᠷ ᠬᠤᠪᠢᠷᠠᠭᠤᠯᠵᠤ᠂ ᠲᠣᠭᠠᠴᠠᠭ᠎ᠠ ᠬᠢᠬᠦ ᠠᠷᠭ᠎ᠠ ᠬᠡᠯᠪᠡᠷᠢ ᠢ ᠪᠣᠳᠠᠲᠤ |
ᠺᠠᠷᠲ ᠤᠨ ᠰᠦᠯᠵᠢᠶᠡᠨ ᠭᠠᠳᠠᠨᠠᠬᠢ ᠲᠣᠭᠠᠴᠠᠭ᠎ᠠ ᠬᠢᠵᠦ ᠪᠠᠶᠢᠭᠰᠠᠨ ᠠᠴᠠ ᠰᠢᠯᠵᠢᠮᠡᠯ ᠰᠦᠯᠵᠢᠶᠡᠨ ᠲᠡᠭᠡᠷ᠎ᠡ |
ᠲᠣᠭᠠᠴᠠᠭ᠎ᠠ ᠬᠢᠬᠦ ᠳᠠᠰᠢ ᠬᠤᠪᠢᠷᠠᠭᠤᠯᠵᠤ᠂ ᠠᠷᠠᠳ ᠣᠯᠠᠨ ᠤ ᠳᠥᠭᠦᠮ ᠳᠥᠲᠡ ᠶᠠᠪᠤᠵᠤ ᠰᠠᠭᠤᠬᠤ ᠶᠢ ᠬᠠᠩᠭᠠᠨ᠎ᠠ᠃ |
﹇2020-11-11 09᠄ 19᠄ 14﹈ |
ᠬᠥᠲᠥᠯᠥᠭᠴᠢ᠄ |
ᠲᠡᠭᠡᠪᠡᠯ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠶᠠᠮᠠᠷ ᠦᠢᠯᠡᠳᠦᠯ ᠲᠠᠢ ᠪᠤᠢ︖ ﹇ |
2020-11- 11 09᠄ 22᠄ 36﹈ |
ᠬᠦᠯᠢᠶᠡᠭᠴᠢ᠄ ᠶᠦᠨ ᠸᠧᠨ ᠵᠢᠩ |
ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠣᠯᠠᠨ ᠨᠡᠶᠢᠲᠡ ᠶᠢᠨ ᠶᠠᠪᠤᠵᠤ ᠰᠠᠭᠤᠬᠤ ᠶᠢᠨ |
ᠴᠢᠬᠤᠯᠠ ᠲᠣᠭᠠᠴᠠᠭ᠎ᠠ ᠬᠢᠬᠦ ᠠᠷᠭ᠎ᠠ ᠪᠠᠷᠢᠯ ᠪᠣᠯᠤᠭᠰᠠᠨ ᠤ ᠬᠤᠪᠢ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ |
ᠦᠢᠯᠡᠴᠢᠯᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠲᠡᠭᠦᠨ ᠤ ᠭᠤᠤᠯ ᠦᠢᠯᠡᠳᠦᠯ ᠨᠢ ᠴᠠᠭᠠᠰᠤᠨ ᠪᠢᠯᠧᠲ |
ᠺᠠᠷᠲ ᠢ ᠣᠷᠣᠯᠠᠵᠤ ᠨᠡᠶᠢᠲᠡ ᠶᠢᠨ ᠵᠠᠮ ᠬᠠᠷᠢᠯᠴᠠᠭᠠᠨ ᠤ ᠠᠷᠭ᠎ᠠ ᠬᠡᠯᠪᠡᠷᠢ ᠪᠠᠷ ᠲᠦᠷᠭᠡᠨ ᠲᠣᠭᠠᠴᠠᠭ᠎ᠠ ᠬᠢᠵᠦ᠂ |
ᠲᠡᠷᠭᠡᠨ ᠳᠤ ᠰᠠᠭᠤᠵᠤ ᠰᠤᠯᠠ ᠵᠣᠭᠤᠰ ᠡᠷᠢᠬᠦ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ |
ᠵᠦᠪᠬᠡᠨ ᠭᠠᠷ ᠲᠤ ᠪᠠᠨ ᠨᠢᠭᠡ ᠺᠠᠷᠲ ᠪᠠᠷᠢᠪᠠᠯ ᠳᠠᠷᠤᠶ ᠨᠢᠭᠡᠨᠲᠡ ᠨᠡᠪᠲᠡᠷᠡᠯᠴᠡᠭᠰᠡᠨ ᠭᠠᠵᠠᠷ ᠣᠷᠣᠨ ᠳᠤ ᠺᠠᠷᠲ |
ᠵᠢᠷᠤᠵᠤ ᠲᠡᠷᠭᠡᠨ ᠳᠤ ᠰᠠᠭᠤᠵᠤ ᠪᠣᠯᠤᠨ᠎ᠠ᠂ ᠢᠩᠭᠢᠪᠡᠯ ᠺᠠᠷᠲ ᠪᠠᠷᠢᠭᠴᠢ ᠳᠤ ᠨᠠᠩ ᠳᠥᠭᠦᠮ ᠳᠥᠲᠡ᠂ ᠥᠨᠳᠥᠷ |
ᠪᠦᠲᠦᠮᠵᠢᠲᠡᠶ ᠵᠠᠮ ᠬᠠᠷᠢᠯᠴᠠᠭᠠᠨ ᠤ ᠲᠣᠭᠠᠴᠠᠭ᠎ᠠ ᠬᠢᠬᠦ ᠦᠢᠯᠡᠴᠢᠯᠡᠭᠡ ᠬᠠᠩᠭᠠᠵᠤ᠂ ᠣᠯᠠᠨ ᠨᠡᠶᠢᠲᠡ ᠶᠢᠨ ᠶᠠᠪᠤᠵᠤ |
ᠰᠠᠭᠤᠬᠤ ᠦᠢᠯᠡᠴᠢᠯᠡᠭᠡᠨ ᠤ ᠠᠵᠢᠯᠯᠠᠭᠠᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ﹇ |
2020-11-11 09᠄ 23᠄ 00﹈ |
ᠬᠥᠲᠥᠯᠥᠭᠴᠢ᠄ |
ᠶᠦᠨ ᠲᠢᠩᠬᠢᠮ ᠤᠨ ᠳᠠᠷᠤᠭ᠎ᠠ ᠡ᠂ ᠲᠠ ᠮᠠᠨ ᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ |
ᠺᠠᠷᠲ ᠤᠨ ᠬᠤᠯᠪᠣᠯᠳᠤᠨ ᠨᠡᠪᠲᠡᠷᠡᠯᠴᠡᠬᠦ ᠶᠡᠷᠦᠩᠬᠡᠶ ᠪᠠᠶᠢᠳᠠᠯ ᠢ ᠳᠠᠬᠢᠨᠲᠠ ᠲᠠᠨᠢᠯᠴᠠᠭᠤᠯᠤᠭᠠᠳ ᠦᠭᠭᠦᠭᠡᠷᠡᠢ᠃ ﹇ |
2020-11-11 09᠄ 25᠄ 43﹈ |
ᠬᠦᠯᠢᠶᠡᠭᠴᠢ᠄ ᠶᠦᠨ ᠸᠧᠨ ᠵᠢᠩ |
ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠪᠣᠯ ᠨᠢᠭᠡ |
ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠮᠠᠨ ᠤ ᠣᠷᠣᠨ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠤ ︽ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠲᠤᠨ ᠨᠡᠪᠲᠡᠷᠡᠯᠴᠡᠬᠦ︾ |
ᠶᠢ ᠬᠡᠷᠡᠭᠵᠢᠭᠦᠯᠬᠦ ᠭᠤᠣᠯᠳᠠᠯᠭ᠎ᠠ ᠲᠠᠢ ᠮᠤᠵᠢ ᠪᠣᠯᠤᠭᠰᠠᠨ ᠤ ᠬᠤᠪᠢ ᠳᠤ᠂ 2015 ᠣᠨ ᠠᠴᠠ ᠡᠬᠢᠯᠡᠨ |
ᠬᠤᠯᠪᠣᠯᠳᠤᠨ ᠨᠡᠪᠲᠡᠷᠡᠯᠴᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠶᠠᠮᠤᠨ ᠤ ᠨᠢᠭᠡᠳᠦᠯᠲᠡᠶ ᠲᠣᠬᠢᠷᠠᠭᠤᠯᠤᠯᠲᠠ ᠪᠠᠷ᠂ |
ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠪᠦᠬᠦ ᠣᠷᠣᠨ ᠤ ᠵᠠᠮ ᠬᠠᠷᠢᠯᠴᠠᠭᠠᠨ ᠤ ᠪᠦᠷᠢᠨ |
ᠴᠢᠳᠠᠮᠵᠢᠲᠤ ᠺᠠᠷᠲ ᠤᠨ ᠬᠤᠯᠪᠣᠯᠲᠤᠨ ᠨᠡᠪᠲᠡᠷᠡᠯᠴᠡᠬᠦ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠬᠤ ᠶᠢᠨ |
ᠬᠠᠮᠲᠤ᠂ ᠬᠡᠷᠡᠭᠵᠢᠭᠦᠯᠬᠦ ᠶᠢ ᠶᠡᠭᠡ ᠪᠠᠷ ᠳᠥᠯᠭᠢᠨ ᠠᠬᠢᠭᠤᠯᠪᠠ᠂ ᠭᠤᠤᠯ ᠠᠵᠢᠯ ᠳᠤ ᠪᠠᠭᠲᠠᠬᠤ ᠨᠢ᠄ ᠵᠠᠮ |
ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ IC ᠺᠠᠷᠲ ᠤᠨ |
ᠮᠡᠷᠭᠡᠵᠢᠯ ᠤᠨ ᠵᠢᠷᠤᠮᠵᠢᠯ︾ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠮ ᠬᠠᠷᠢᠯᠴᠠᠭᠠᠨ ᠤ |
ᠪᠦᠷᠢᠨ ᠴᠢᠳᠠᠮᠵᠢᠲᠤ ᠺᠠᠷᠲ ᠢ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠢ ᠪᠠᠶᠢᠭᠤᠯᠵᠤ᠂ |
ᠶᠠᠮᠤᠨ ᠤ ᠱᠠᠲᠤᠨ ᠤ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠯᠤᠭ᠎ᠠ ᠵᠣᠯᠭᠠᠭᠤᠯᠬᠤ᠂ |
ᠬᠤᠯᠪᠣᠯᠳᠤᠨ ᠨᠡᠪᠲᠡᠷᠡᠯᠴᠡᠬᠦ ᠨᠢᠭᠤᠴᠠ ᠲᠦᠯᠬᠢᠭᠦᠷ ᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ᠂ ᠣᠷᠤᠭᠤᠯᠵᠤ |
ᠤᠭᠰᠠᠷᠠᠬᠤ ᠵᠡᠷᠭᠡ ᠠᠵᠢᠯ ᠢ ᠪᠡᠶᠡᠯᠡᠭᠦᠯᠵᠦ᠂ ᠡᠯ᠎ᠡ ᠠᠶᠢᠮᠠᠭ ᠬᠤᠲᠠ ᠶᠢᠨ ᠪᠦᠷᠢᠨ ᠴᠢᠳᠠᠮᠵᠢᠲᠤ ᠺᠠᠷᠲ ᠤᠨ |
ᠰᠢᠰᠲ᠋ᠧᠮ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠥᠷᠨᠢᠭᠦᠯᠦᠨ᠎ᠡ᠃ ᠳᠡᠭᠡᠷᠡᠬᠢ ᠪᠥᠲᠥᠭᠡᠨ |
ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠨᠡᠶᠢᠲᠡ ᠶᠢᠨ ᠵᠠᠮ |
ᠬᠠᠷᠢᠯᠴᠠᠭᠠᠨ ᠤ ᠬᠤᠶᠠᠳᠤᠭᠠᠷ ᠳᠡᠰ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢ ᠴᠠᠭ |
ᠲᠤᠬᠠᠶ ᠳᠤ ᠨᠢ ᠳᠡᠭᠡᠭᠰᠢ ᠬᠦᠷᠭᠡᠬᠦ᠂ ᠭᠥᠯᠢᠶᠡᠨ ᠠᠪᠬᠤ᠂ ᠳᠣᠷᠣᠭᠰᠢ ᠲᠠᠷᠬᠠᠭᠠᠬᠤ ᠵᠢᠴᠢ ᠬᠠᠮᠢᠶ᠎ᠠ ᠪᠥᠬᠦᠶ |
ᠬᠠᠮᠢᠶᠠᠷᠤᠯᠲᠠ ᠶᠢᠨ ᠠᠵᠢᠯ ᠢ ᠪᠡᠶᠡᠯᠡᠭᠦᠯᠪᠠ᠃ ᠡᠯ᠎ᠡ ᠠᠶᠢᠮᠠᠭ ᠬᠤᠲᠠ ᠶᠢᠨ ᠮᠠᠰᠢᠨ ᠪᠠᠭᠠᠵᠢ ᠶᠢ ᠥᠭᠡᠷᠡᠴᠢᠯᠡᠨ ᠲᠠᠰ |
ᠳᠡᠪᠰᠢᠭᠦᠯᠬᠦ᠂ ᠠᠵᠢᠯᠯᠠᠭᠠᠨ ᠢ ᠬᠠᠮᠠᠭᠠᠯᠠᠬᠤ᠂ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠤᠨ |
ᠠᠵᠢᠯᠯᠠᠭᠤᠯᠵᠤ ᠬᠠᠮᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠢ ᠥᠷᠨᠢᠭᠦᠯᠵᠦ᠂ ᠪᠥᠬᠦ ᠣᠷᠣᠨ ᠤ ᠵᠠᠮ ᠬᠠᠷᠢᠯᠴᠠᠭᠠᠨ ᠤ |
ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠶᠢ ᠪᠥᠬᠦ ᠬᠦᠴᠦᠨ ᠢᠶᠠᠷ ᠠᠬᠢᠭᠤᠯᠪᠠ᠃ ᠣᠳᠣᠬᠠᠨ |
ᠪᠣᠯᠲᠠᠯ᠎ᠠ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠦᠬᠠᠢ ᠬᠤᠳᠠ᠂ ᠰᠢᠯᠢ ᠶᠢᠨ ᠭᠤᠣᠯ ᠠᠶᠢᠮᠠᠭ᠂ |
ᠡᠷᠢᠶᠡᠨ ᠬᠤᠳᠠ ᠶᠢᠨ ᠬᠤᠳᠠ ᠶᠢᠨ ᠲᠣᠭᠤᠷᠢᠭ ᠲᠤ ᠨᠡᠶᠢᠲᠡ ᠶᠢᠨ ᠵᠠᠮ ᠬᠠᠷᠢᠯᠴᠠᠭᠠᠨ ᠤ ᠪᠦᠬᠦ ᠱᠤᠭᠤᠮ ᠤᠨ |
ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠡᠢ︔ ᠲᠦᠩᠯᠢᠶᠣᠤ ᠬᠤᠲᠠ ᠶᠢᠨ ᠬᠡᠰᠡᠭ ᠬᠤᠰᠢᠭᠤ ᠰᠢᠶᠠᠨ᠂ ᠬᠢᠩᠭᠠᠨ |
ᠠᠶᠢᠮᠠᠭ ᠤᠨ ᠬᠡᠰᠡᠭ ᠬᠤᠰᠢᠭᠤ ᠰᠢᠶᠠᠨ ᠤ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠬᠤᠯᠪᠣᠯᠳᠤᠨ |
ᠨᠡᠪᠲᠡᠷᠡᠯᠴᠡᠬᠦ ᠶᠢ ᠪᠡᠶᠡᠯᠡᠭᠦᠯᠵᠦ᠂ ᠨᠡᠶᠢᠲᠡ 5461 ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠷᠢᠮᠵᠢᠶ᠎ᠠ ᠳᠤ |
ᠨᠡᠶᠢᠴᠡᠭᠰᠡᠨ ᠮᠠᠰᠢᠨ ᠪᠠᠭᠠᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ ᠺᠠᠷᠲ ᠢ |
ᠨᠡᠶᠢᠲᠡ 50 ᠭᠠᠷᠤᠶ ᠲᠦᠮᠡ ︵ᠬᠤᠶᠠᠷ ᠬᠡᠮᠵᠢᠯᠳᠦ ᠲᠡᠮᠳᠡᠭ ᠤᠨ ᠲᠠᠩᠰᠠᠨ ᠡᠷᠦᠬᠡ ᠪᠠᠭᠲᠠᠨ᠎ᠠ︶ ᠲᠠᠷᠬᠠᠭᠠᠪᠠ᠃ |
ᠡᠨᠡ ᠵᠢᠯ ᠤᠨ ᠡᠴᠦᠰ ᠲᠤ᠂ ᠮᠠᠨ ᠤ ᠣᠷᠣᠨ ᠨᠢ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠡᠳᠦᠶ ᠠᠶᠢᠮᠠᠭ |
ᠬᠤᠲᠠ ᠶᠢ ᠪᠥᠬᠦ ᠤᠯᠤᠰ ᠤᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ |
ᠬᠡᠪᠴᠢᠶᠡᠨ ᠳᠤ ᠣᠷᠣᠭᠤᠯᠵᠤ᠂ ᠠᠷᠠᠳ ᠣᠯᠠᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠣᠨᠳᠣᠤ |
ᠭᠠᠵᠠᠷ ᠲᠤ ᠣᠯᠠᠨ ᠨᠡᠶᠢᠲᠡ ᠶᠢᠨ ᠶᠠᠪᠤᠵᠤ ᠰᠠᠭᠤᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ﹇ |
2020-11-11 09᠄ 26᠄ 27﹈ |
ᠬᠥᠲᠥᠯᠥᠭᠴᠢ᠄ |
ᠲᠡᠭᠡᠪᠡᠯ ᠲᠠ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ |
ᠪᠠᠷᠢᠯᠭ᠎ᠠ ᠶᠢ ᠬᠡᠷᠡᠭᠵᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠵᠢᠴᠢ ᠠᠷᠠᠳ ᠢᠷᠭᠡᠳ ᠲᠤ ᠶᠠᠮᠠᠷ ᠠᠴᠢ |
ᠬᠤᠯᠪᠣᠭᠳᠠᠯ ᠲᠠᠢ ᠪᠣᠯᠬᠤ ᠶᠢ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖ ﹇2020-11-11 09᠄ |
30᠄ 13﹈ |
ᠬᠦᠯᠢᠶᠡᠭᠴᠢ᠄ ᠶᠦᠨ ᠸᠧᠨ ᠵᠢᠩ |
ᠵᠠ᠃ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠢ ᠠᠬᠢᠭᠤᠯᠬᠤ ᠨᠢ ᠴᠢᠬᠤᠯᠠ |
ᠨᠡᠶᠢᠭᠡᠮ ᠤᠨ ᠦᠷ᠎ᠡ ᠠᠰᠢᠭ ᠲᠠᠢ ᠪᠠᠶᠢᠵᠤ᠂ ᠨᠡᠶᠢᠭᠡᠮ ᠤᠨ ᠤᠯᠠᠨ ᠨᠡᠶᠢᠲᠡ ᠶᠢᠨ ᠬᠦᠷᠳᠡᠭᠡᠮᠵᠢᠲᠦ ᠶᠢᠨ ᠲᠦᠷᠦᠭᠳᠡᠯ᠂ |
ᠵᠣᠯ ᠵᠢᠷᠭᠠᠯᠲᠤ ᠲᠦᠷᠦᠭᠳᠡᠯ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ᠃ ᠨᠢᠭᠡ ᠳᠤ᠂ ᠠᠷᠠᠳ ᠲᠤ ᠲᠥᠬᠦᠮ |
ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ᠃ ᠣᠷᠣᠨ ᠪᠦᠰᠡ ᠶᠢᠨ ᠵᠠᠮ ᠬᠠᠷᠢᠯᠴᠠᠭ᠎ᠠ ᠬᠢᠭᠡᠳ ᠬᠤᠲᠠ |
ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠴᠣᠭᠴᠠᠵᠢᠭᠤᠯᠬᠤ ᠬᠦᠭᠵᠢᠯᠲᠡ ᠶᠢ ᠳᠠᠭᠠᠯᠳᠤᠨ᠂ ᠨᠡᠶᠢᠲᠡ ᠶᠢᠨ |
ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠥᠷᠭᠡᠨ ᠣᠯᠠᠨ ᠲᠦᠮᠡᠨ ᠤ ᠨᠡᠶᠢᠲᠡ ᠶᠢᠨ ᠵᠠᠮ |
ᠬᠠᠷᠢᠯᠴᠠᠭᠠᠨ ᠤ ᠶᠠᠪᠤᠵᠤ ᠰᠠᠭᠤᠬᠤ ᠳᠤ ᠰᠣᠩᠭᠤᠬᠤ ᠨᠢᠭᠡ ᠵᠦᠢᠯ ᠤᠨ ᠠᠮᠤᠷ ᠲᠦᠪᠰᠢᠨ ᠤ ᠲᠣᠭᠠᠴᠠᠭ᠎ᠠ ᠬᠢᠬᠦ |
ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠲᠤ ᠣᠷᠣᠨ ᠪᠦᠰᠡ ᠠᠯᠤᠰᠯᠠᠨ ᠶᠠᠪᠤᠵᠤ |
ᠰᠠᠭᠤᠬᠤ ᠶᠢᠨ ᠳᠥᠭᠦᠮ ᠳᠥᠲᠡ ᠦᠢᠯᠡᠴᠢᠯᠡᠭᠡ ᠶᠢ ᠡᠳ᠋ᠯᠡᠭᠦᠯᠵᠦ ᠪᠣᠯᠤᠨ᠎ᠠ᠃ ᠬᠤᠶᠠᠷ ᠲᠤ᠂ ᠳᠣᠤᠷ᠎ᠠ |
ᠨᠡᠭᠦᠷᠡᠰᠦᠳᠦ᠋ᠷᠦᠭᠴᠢᠲᠦ ᠣᠷᠴᠢᠨ ᠠᠬᠤᠶ ᠶᠢ ᠬᠠᠮᠠᠭᠠᠯᠠᠨ᠎ᠠ᠃ ᠬᠤᠪᠢ ᠶᠢᠨ ᠮᠠᠰᠢᠨ ᠲᠡᠷᠭᠡᠨ ᠤ ᠶᠠᠪᠤᠵᠤ ᠰᠠᠭᠤᠬᠤ |
ᠬᠡᠮᠵᠢᠶ᠎ᠡ ᠶᠢ ᠪᠠᠭᠠᠰᠬᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠤᠨ᠂ ᠣᠷᠴᠢᠨ |
ᠠᠬᠤᠢ ᠶᠢ ᠬᠠᠮᠠᠭᠠᠯᠠᠵᠤ ᠶᠠᠪᠤᠵᠤ ᠰᠠᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠠᠷᠪᠢᠯᠠᠨ ᠪᠣᠬᠢᠷᠲᠤᠯ |
ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠦᠭᠦᠯᠬᠦ |
ᠬᠡᠷᠡᠭᠲᠡᠶ᠃ ᠭᠤᠷᠪᠠ ᠳᠤ᠂ ᠠᠵᠤ ᠠᠬᠤᠶ ᠶᠢ ᠠᠷᠪᠢᠯᠠᠨ ᠭᠠᠮᠨᠠᠨ᠎ᠠ᠃ ᠨᠥᠬᠦᠴᠡᠯ ᠪᠦᠷᠢᠳᠦᠭᠰᠡᠨ ᠮᠠᠰᠢᠨ ᠪᠠᠭᠠᠵᠢ ᠶᠢ |
ᠲᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠪᠡᠯ᠂ ᠶᠡᠭᠡ ᠬᠡᠪᠴᠢᠶ᠎ᠡ ᠪᠠᠷ ᠮᠠᠰᠢᠨ ᠪᠠᠭᠠᠵᠢ ᠶᠢ ᠰᠣᠯᠢᠬᠤ ᠶᠢ |
ᠪᠠᠭᠠᠰᠬᠠᠵᠤ᠂ ᠳᠠᠪᠬᠤᠷᠳᠠᠭᠤᠯᠤᠨ ᠪᠡᠯᠡ ᠣᠷᠣᠭᠤᠯᠵᠤ ᠪᠦᠳᠦᠭᠡᠨ ᠪᠠᠶᠢᠭᠤᠯᠬᠤ ᠠᠴᠠ ᠵᠠᠶᠢᠯᠠᠰᠬᠢᠵᠦ ᠪᠣᠯᠤᠨ᠎ᠠ᠃ ﹇ |
2020-11-11 09᠄ 31᠄ 41﹈ |
ᠬᠥᠲᠥᠯᠥᠭᠴᠢ᠄ |
ᠬᠤᠯᠪᠣᠯᠳᠤᠨ ᠨᠡᠪᠲᠡᠷᠡᠯᠴᠡᠬᠦ ᠠᠵᠢᠯ ᠢ ᠠᠬᠢᠭᠤᠯᠬᠤ ᠶᠠᠪᠤᠴᠠ ᠳᠤ ᠶᠠᠮᠠᠷ ᠬᠦᠴᠢᠷᠳᠡᠯ ᠪᠠᠶᠢᠬᠤ ᠪᠣᠢ︖ ﹇ |
2020-11 - 11 09᠄ 34᠄ 20﹈ |
ᠬᠦᠯᠢᠶᠡᠭᠴᠢ᠄ ᠶᠦᠨ ᠸᠧᠨ ᠵᠢᠩ |
ᠲᠦᠯᠬᠢᠨ ᠠᠬᠢᠭᠤᠯᠬᠤ ᠶᠠᠪᠤᠴᠠ ᠳᠤ᠂ ᠪᠢᠳᠡᠨ ᠳᠤ ᠡᠳᠦᠶ ᠲᠡᠳᠦᠶ ᠬᠦᠴᠢᠷᠳᠡᠯ ᠲᠤᠯᠭᠠᠷᠠᠵᠠᠶ᠂ ᠨᠢᠭᠡ ᠳᠤ᠂ |
ᠠᠵᠤ ᠠᠬᠤᠶᠢᠯᠠᠯ ᠤᠨ ᠲᠠᠨᠢᠯᠲᠠ ᠳᠣᠣᠷ᠎ᠠ ᠪᠠᠶᠢᠨ᠎ᠠ᠃ ᠬᠡᠰᠡᠭ ᠠᠶᠢᠮᠠᠭ ᠬᠤᠲᠠ ᠶᠢᠨ ᠵᠠᠰᠠᠭ ᠤᠨ ᠣᠷᠳᠣᠨ ᠵᠢᠴᠢ |
ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠬᠤᠯᠪᠣᠯᠳᠤᠨ ᠨᠡᠪᠲᠡᠷᠡᠯᠴᠡᠬᠦ ᠠᠵᠢᠯ ᠤᠨ ᠴᠢᠬᠤᠯᠠ |
ᠴᠢᠨᠠᠷ ᠤᠨ ᠲᠤᠬᠠᠶ ᠲᠠᠨᠢᠯᠲᠠ ᠪᠠᠷ ᠳᠤᠲᠠᠮᠠᠭ ᠪᠠᠶᠢᠵᠤ᠂ ᠬᠤᠯᠪᠣᠯᠳᠤᠨ ᠨᠡᠪᠲᠡᠷᠡᠯᠴᠡᠬᠦ ᠬᠠᠮᠢᠶ᠎ᠠ ᠪᠥᠬᠦᠶ ᠲᠥᠷᠥ ᠶᠢᠨ |
ᠪᠣᠳᠣᠯᠭ᠎ᠠ ᠶᠢ ᠭᠦᠨᠵᠡᠭᠡᠶ ᠣᠶᠢᠯᠠᠭᠠᠬᠤ ᠥᠬᠡᠶ᠂ ᠠᠵᠢᠯ ᠤᠨ ᠨᠠᠶᠢᠳᠠᠪᠤᠷᠢᠵᠢᠭᠤᠯᠤᠯᠲᠠ ᠬᠦᠷᠦᠯᠴᠡᠬᠦ ᠥᠬᠡᠶ᠂ ᠬᠠᠮᠢᠶ᠎ᠠ |
ᠪᠥᠬᠦᠶ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠡᠪᠲᠡᠷᠡᠯᠴᠡᠵᠦ ᠵᠣᠬᠢᠴᠠᠭᠤᠯᠬᠤ ᠡᠷᠴᠢᠮ ᠨᠡᠯᠢᠶᠡᠳ ᠪᠠᠭᠤᠷᠠᠶ |
ᠪᠠᠶᠢᠵᠤ᠂ ᠬᠤᠯᠪᠣᠯᠳᠤᠨ ᠨᠡᠪᠲᠡᠷᠡᠯᠴᠡᠬᠦ ᠠᠵᠢᠯ ᠤᠨ ᠥᠷᠨᠢᠯᠲᠡ ᠶᠢ ᠨᠥᠯᠥᠭᠡᠯᠡᠵᠦ ᠪᠠᠶᠢᠨ᠎ᠠ᠃ ᠬᠤᠶᠠᠷ ᠲᠤ᠂ |
ᠶᠡᠷᠦᠩᠬᠡᠶᠢᠯᠡᠭᠰᠡᠨ ᠬᠡᠷᠡᠭᠯᠡᠯᠲᠡ ᠶᠢ ᠥᠷᠭᠡᠳᠬᠡᠬᠦ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠮᠠᠨ ᠤ ᠣᠷᠣᠨ ᠤ |
ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠶᠢᠮᠠᠭ ᠬᠤᠲᠠ ᠨᠢ ᠭᠤᠤᠯᠳᠠᠭᠤ ᠤᠯᠠᠮᠵᠢᠯᠠᠯᠲᠤ ᠨᠡᠶᠢᠲᠡ ᠶᠢᠨ |
ᠵᠠᠮ ᠬᠠᠷᠢᠯᠴᠠᠭ᠎ᠠ ᠳᠤ ᠲᠥᠪᠯᠡᠷᠡᠵᠦ᠂ ᠲᠤᠬᠠᠶᠢᠯᠠᠭᠰᠠᠨ ᠠᠵᠢᠯ ᠤᠨ ᠬᠡᠯᠪᠡᠷᠢ ᠨᠢ ᠲᠠᠩ ᠭᠠᠭᠴᠠ᠂ ᠠᠳᠠᠯᠢ ᠪᠤᠰᠤ |
ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠬᠤᠭᠤᠷᠣᠨᠳᠣ ᠲᠡᠷᠭᠡ ᠰᠣᠯᠢᠵᠤ ᠰᠠᠭᠤᠬᠤ ᠶᠢ ᠵᠣᠯᠭᠠᠭᠤᠯᠬᠤ᠂ ᠤᠶᠤᠨᠴᠢᠯᠠᠬᠤ |
ᠪᠠ ᠥᠪᠡᠷᠮᠢᠴᠡ ᠦᠢᠯᠡᠴᠢᠯᠡᠭᠡᠨ ᠤ ᠴᠢᠳᠠᠪᠤᠷᠢ ᠵᠡᠷᠭᠡ ᠲᠠᠯ᠎ᠠ ᠪᠠᠷ ᠪᠠᠰᠠ ᠰᠢᠪᠲᠤᠯᠤᠯᠲᠠ ᠲᠠᠢ ᠪᠠᠶᠢᠬᠤ ᠬᠡᠷᠡᠭᠲᠡᠶ᠃ ﹇ |
2020-11-11 09᠄ 35᠄ 58﹈ |
ᠬᠥᠲᠥᠯᠥᠭᠴᠢ᠄ |
ᠤᠤᠯ ᠨᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠡᠶᠢᠮᠦ ᠣᠯᠠᠨ ᠰᠠᠶᠢᠨ ᠲᠠᠯ᠎ᠠ ᠲᠠᠢ ᠪᠠᠶᠢᠳᠠᠭ |
᠂ ᠲᠡᠭᠡᠪᠡᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠰᠣᠷᠣᠭᠴᠢ ᠶᠢᠨ |
ᠺᠠᠷᠲ᠂ ᠨᠠᠰᠤᠲᠠᠶᠢᠴᠤᠳ ᠤᠨ ᠺᠠᠷᠲ ᠵᠡᠷᠭᠡ ᠣᠨᠴᠠᠭᠠᠶ ᠺᠠᠷᠲ ᠤᠨ ᠲᠥᠷᠥᠯ ᠢ ᠭᠦᠢᠴᠡᠳᠭᠡᠵᠦ ᠪᠣᠯᠤᠨ᠎ᠠ ᠤᠤ︖ ﹇ |
2020-11-11 09᠄ 38᠄ 35﹈ |
ᠬᠦᠯᠢᠶᠡᠭᠴᠢ᠄ ᠶᠦᠨ ᠸᠧᠨ ᠵᠢᠩ |
ᠡᠯ᠎ᠡ ᠭᠠᠵᠠᠷ ᠤᠨ ᠰᠣᠷᠣᠭᠴᠢ ᠶᠢᠨ ᠺᠠᠷᠲ᠂ ᠨᠠᠰᠤᠲᠠᠶᠢᠴᠤᠳ ᠤᠨ ᠺᠠᠷᠲ ᠤᠨ ᠬᠠᠷᠠᠭᠠᠯᠵᠠᠯ ᠤᠨ ᠲᠥᠷᠥ ᠶᠢᠨ |
ᠪᠣᠳᠣᠯᠭ᠎ᠠ ᠪᠠ ᠨᠥᠬᠦᠪᠥᠷᠢ ᠥᠭᠬᠦ ᠠᠷᠭ᠎ᠠ ᠬᠡᠯᠪᠡᠷᠢ ᠨᠢ ᠠᠳᠠᠯᠢ ᠥᠬᠡᠶ ᠪᠠᠶᠢᠬᠤ ᠶᠢ ᠪᠣᠳᠤᠯᠬᠢᠯᠠᠭᠰᠠᠨ ᠠᠴᠠ᠂ |
ᠣᠨᠴᠠᠭᠠᠶ ᠺᠠᠷᠲ ᠤᠨ ᠲᠥᠷᠥᠯ ᠳᠤ ᠴᠢᠭᠯᠡᠭᠦᠯᠦᠨ᠂ ᠬᠤᠯᠪᠣᠯᠳᠤᠨ ᠨᠡᠪᠲᠡᠷᠡᠯᠴᠡᠬᠦ ᠶᠢᠨ ᠣᠨᠳᠣᠤ ᠭᠠᠵᠠᠷ ᠲᠤ ᠬᠡᠷᠡᠭᠯᠡᠬᠦ |
ᠴᠢᠳᠠᠮᠵᠢ ᠶᠢ ᠬᠠᠷᠠᠬᠠᠨ ᠨᠡᠪᠲᠡᠷᠡᠭᠦᠯᠦᠭᠡᠳᠦᠶ ᠪᠠᠶᠢᠨ᠎ᠠ᠃ ﹇2020-11-11 09᠄ 39᠄ 07﹈ |
ᠬᠥᠲᠥᠯᠥᠭᠴᠢ᠄ |
ᠥᠪᠡᠷᠲᠡᠭᠡᠨ ᠵᠠᠰᠠᠬᠤ ᠣᠷᠣᠨ ᠳᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠭᠦᠢᠴᠡᠳᠭᠡᠭᠰᠡᠨ |
ᠪᠠᠶᠢᠪᠠᠯ᠂ ᠭᠠᠳᠠᠷ ᠮᠤᠵᠢ ︵ᠬᠤᠲᠠ︶ ᠶᠢᠨ ᠬᠡᠳᠦᠶ ᠬᠤᠲᠠ ᠳᠤ ᠣᠴᠢᠵᠤ ᠬᠡᠷᠡᠭᠯᠡᠵᠦ ᠪᠣᠯᠬᠤ ᠪᠣᠶ᠂ ᠬᠠᠷᠠᠭᠠᠯᠵᠠᠯ |
ᠦᠵᠡᠭᠦᠯᠵᠦ ᠪᠣᠯᠤᠨ᠎ᠠ ᠤᠤ︖ ﹇2020-11-11 09᠄ 40᠄ 45﹈ |
ᠬᠦᠯᠢᠶᠡᠭᠴᠢ᠄ ᠶᠦᠨ ᠸᠧᠨ ᠵᠢᠩ |
︽ᠵᠠᠮ ᠬᠠᠷᠢᠯᠴᠠᠭᠠᠨ ᠤ ᠬᠤᠯᠪᠣᠭᠠᠯᠠᠯ︾ ᠤᠨ ᠲᠡᠮᠳᠡᠭ ᠲᠠᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠤ |
ᠺᠠᠷᠲ ᠤᠨ ᠬᠡᠷᠡᠭᠯᠡᠭᠴᠢ ᠶᠢ ᠲᠤᠰᠬᠠᠶ ᠣᠷᠣᠨ ᠤ ᠲᠠᠰ ᠠᠴᠠ ᠳᠡᠭᠡᠭᠰᠢᠬᠢ 280 ᠭᠠᠷᠤᠶ ᠬᠤᠲᠠ ︵ᠪᠣᠳᠠᠲᠠᠶ |
ᠨᠡᠪᠲᠡᠷᠡᠭᠦᠯᠦᠭᠰᠡᠨ ᠬᠤᠲᠠ ᠪᠠ ᠺᠠᠷᠲ ᠲᠠᠷᠬᠠᠭᠠᠭᠰᠠᠨ ᠬᠤᠲᠠ ᠶᠢᠨ ᠨᠡᠷᠡᠰ᠂ ᠸᠢᠴᠠᠲ ᠤᠨ ︽ᠵᠠᠮ ᠬᠠᠷᠢᠯᠴᠠᠭᠠᠨ ᠤ |
ᠬᠠᠮᠲᠤᠷᠠᠭᠰᠠᠨ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠨᠣᠮᠧᠷ︾ ᠢᠶᠠᠷ ᠳᠠᠮᠵᠢᠭᠤᠯᠤᠨ ᠪᠠᠶᠢᠴᠠᠭᠠᠨ ᠯᠠᠪᠯᠠᠵᠤ᠂ |
ᠪᠦᠲᠦᠮᠵᠢᠲᠡᠶ ᠮᠡᠳᠡᠭᠡ ᠵᠠᠩᠭᠢ ᠣᠯᠵᠤ ᠪᠣᠯᠤᠨ᠎ᠠ︶ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠺᠠᠷᠲ |
ᠵᠢᠷᠤᠵᠤ ᠬᠡᠷᠡᠭᠯᠡᠵᠦ ᠪᠣᠯᠤᠨ᠎ᠠ᠃ ᠪᠥᠬᠦ ᠤᠯᠤᠰ ᠤᠨ ᠬᠤᠯᠪᠣᠯᠳᠤᠨ ᠨᠡᠪᠲᠡᠷᠡᠯᠴᠡᠬᠦ ᠺᠠᠷᠲ ᠤᠨ ᠬᠡᠷᠡᠭᠯᠡᠬᠦ ᠬᠡᠪᠴᠢᠶ᠎ᠡ ᠨᠢ |
ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ᠂ ᠲᠦᠷᠢᠶᠡᠰᠦᠨ ᠮᠠᠰᠢᠨ ᠲᠡᠷᠭᠡ᠂ ᠬᠥᠩᠭᠡᠨ ᠵᠠᠮ᠂ |
ᠣᠩᠭᠤᠴᠠ ᠭᠠᠲᠤᠯᠬᠤ᠂ ᠣᠯᠠᠨ ᠨᠡᠶᠢᠲᠡ ᠶᠢᠨ ᠳᠤᠭᠤᠶ ᠲᠡᠷᠭᠡ ᠵᠡᠷᠭᠡ ᠣᠯᠠᠨ ᠵᠦᠢᠯ ᠤᠨ ᠵᠠᠮ ᠬᠠᠷᠢᠯᠴᠠᠭ᠎ᠠ |
ᠲᠡᠭᠡᠭᠡᠪᠦᠷᠢ ᠶᠢᠨ ᠠᠷᠭ᠎ᠠ ᠬᠡᠯᠪᠡᠷᠢ ᠳᠤ ᠬᠤᠯᠪᠣᠭᠳᠠᠨ᠎ᠠ᠃ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ |
ᠬᠤᠯᠪᠣᠯᠳᠤᠨ ᠨᠡᠪᠲᠡᠷᠡᠯᠴᠡᠬᠦ ᠺᠠᠷᠲ ᠲᠠᠢ ᠬᠡᠷᠡᠭᠯᠡᠭᠴᠢ ᠶᠢ ᠺᠠᠷᠲ ᠲᠠᠷᠬᠠᠭᠠᠭᠰᠠᠨ ᠥᠬᠡᠶ ᠭᠠᠵᠠᠷ ᠲᠤ ᠬᠡᠷᠡᠭᠯᠡᠬᠦ |
ᠦᠶ᠎ᠡ ᠳᠤ᠂ ᠪᠣᠳᠠᠲᠠᠶ ᠬᠠᠷᠠᠭᠠᠯᠵᠠᠯ ᠤᠨ ᠠᠷᠭ᠎ᠠ ᠬᠡᠯᠪᠡᠷᠢ᠂ ᠬᠠᠷᠠᠭᠠᠯᠵᠠᠯ ᠤᠨ ᠲᠤᠭ᠎ᠠ ᠬᠡᠮᠵᠢᠶ᠎ᠡ ᠵᠢᠴᠢ ᠬᠡᠷᠡᠭᠯᠡᠬᠦ |
ᠬᠡᠪᠴᠢᠶ᠎ᠡ ᠶᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠨ᠎ᠠ᠃ ᠮᠠᠨ ᠤ ᠣᠷᠣᠨ ᠤ |
ᠺᠠᠷᠲ ᠵᠢᠷᠤᠬᠤ ᠬᠠᠷᠠᠭᠠᠯᠵᠠᠯ ᠨᠢ ᠡᠯ᠎ᠡ ᠭᠠᠵᠠᠷ ᠤᠨ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠯᠪᠣᠯᠳᠤᠨ |
ᠨᠡᠪᠲᠡᠷᠡᠯᠴᠡᠬᠦ ᠡᠩ ᠤᠨ ᠺᠠᠷᠲ ᠤᠨ ᠬᠠᠷᠠᠭᠠᠯᠵᠠᠯ ᠤᠨ ᠠᠷᠭ᠎ᠠ ᠬᠡᠯᠪᠡᠷᠢ ᠪᠠᠷ ᠬᠡᠷᠡᠭᠵᠢᠭᠦᠯᠦᠨ᠎ᠡ᠃ ﹇2020- |
11-11 09᠄ 41᠄ 22﹈ |
ᠬᠥᠲᠥᠯᠥᠭᠴᠢ᠄ |
ᠤᠤᠯ ᠨᠢ ᠭᠦᠢᠴᠡᠳᠭᠡᠭᠰᠡᠡ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠢ ᠶᠠᠭᠠᠬᠢᠪᠠᠯ ᠰᠠᠶ᠋ᠢ ᠥᠪᠡᠷᠲᠡᠭᠡᠨ |
ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢᠶᠠᠷ ᠰᠣᠯᠢᠵᠤ ᠪᠣᠯᠬᠤ ᠪᠣᠢ︖ ﹇ |
2020-11-11 09᠄ 44᠄ 46﹈ |
ᠬᠦᠯᠢᠶᠡᠭᠴᠢ᠄ ᠶᠦᠨ ᠸᠧᠨ ᠵᠢᠩ |
ᠤᠤᠯ ᠤᠨ ᠪᠠᠶᠢᠭᠰᠠᠨ ᠬᠠᠭᠤᠴᠢᠨ ᠪᠠᠷᠢᠮᠵᠢᠶᠠᠲᠤ ᠺᠠᠷᠲ ᠢ ᠮᠥᠨ ᠬᠦ ᠲᠣᠰ ᠭᠠᠵᠠᠷ ᠲᠤ ᠬᠡᠷᠡᠭᠯᠡᠵᠦ ᠪᠣᠯᠤᠨ᠎ᠠ᠂ |
ᠣᠨᠳᠣᠤ ᠭᠠᠵᠠᠷ ᠲᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠺᠠᠷᠲ ᠪᠠᠷᠢᠭᠴᠢ ᠨᠢ ᠲᠠᠷᠬᠠᠭᠠᠬᠤ ᠭᠠᠵᠠᠷ ᠤᠨ |
ᠰᠦᠯᠵᠢᠶᠡᠨ ᠤ ᠴᠡᠭ ᠤᠨ ᠪᠠᠶᠢᠭᠤᠯᠤᠮᠵᠢ ᠳᠤ ᠬᠤᠯᠪᠣᠯᠳᠤᠨ ᠨᠡᠪᠲᠡᠷᠡᠯᠴᠡᠬᠦ ᠴᠢᠳᠠᠮᠵᠢ ᠲᠠᠢ ᠵᠠᠮ ᠬᠠᠷᠢᠯᠴᠠᠭᠠᠨ ᠤ |
ᠪᠦᠷᠢᠨ ᠴᠢᠳᠠᠮᠵᠢᠲᠤ ᠺᠠᠷᠲ ᠢ ᠭᠦᠢᠴᠡᠳᠭᠡᠵᠦ ᠪᠣᠯᠤᠨ᠎ᠠ᠃ ﹇2020-11-11 09᠄ 45᠄ 00﹈ |
ᠬᠥᠲᠥᠯᠥᠭᠴᠢ᠄ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠣᠨᠳᠣᠤ ᠭᠠᠵᠠᠷ ᠲᠤ |
ᠵᠣᠭᠤᠰ ᠨᠡᠮᠡᠬᠦ ᠪᠠ ᠰᠦᠯᠵᠢᠶᠡᠨ ᠳᠡᠭᠡᠷ᠎ᠡ ᠵᠣᠭᠤᠰ ᠨᠡᠮᠡᠵᠦ ᠪᠣᠯᠤᠨ᠎ᠠ ᠤᠤ︖ ﹇2020-11-11 09᠄ 46᠄ |
13﹈ |
ᠬᠦᠯᠢᠶᠡᠭᠴᠢ᠄ ᠶᠦᠨ ᠸᠧᠨ ᠵᠢᠩ |
ᠣᠳᠣᠬᠠᠨ ᠳᠤ ᠣᠷᠣᠨ ᠤ ᠳᠣᠲᠣᠷᠠᠬᠢ ᠬᠤᠯᠪᠣᠯᠳᠤᠨ ᠨᠡᠪᠲᠡᠷᠡᠯᠴᠡᠬᠦ ᠺᠠᠷᠲ ᠨᠢ ᠲᠠᠷᠬᠠᠭᠠᠬᠤ ᠲᠤᠬᠠᠶ ᠶᠢᠨ |
ᠭᠠᠵᠠᠷ ᠤᠨ ᠰᠦᠯᠵᠢᠶᠡᠨ ᠤ ᠴᠡᠭ ᠪᠠᠷ ᠳᠡᠮᠵᠢᠨ ᠵᠣᠭᠤᠰ ᠨᠡᠮᠡᠵᠦ ᠪᠣᠯᠤᠨ᠎ᠠ᠃ ᠡᠭᠦᠨ ᠤ ᠬᠠᠮᠲᠤ᠂ ᠰᠢᠯᠵᠢᠮᠡᠯ |
ᠲᠣᠭᠠᠴᠠᠭ᠎ᠠ ᠬᠢᠬᠦ ᠶᠢᠨ ᠲᠥᠬᠦᠮ ᠴᠢᠨᠠᠷ ᠢ ᠪᠣᠳᠤᠯᠬᠢᠯᠠᠭᠰᠠᠨ ᠠᠴᠠ᠂ ᠣᠲᠤᠬᠠᠨ ᠶᠠᠭ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠲᠠᠢ NFC ᠭᠠᠷ ᠤᠲᠠᠰᠤᠨ ᠤ ᠲᠣᠭᠠᠴᠠᠭ᠎ᠠ ᠬᠢᠬᠦ ᠲᠠᠪᠴᠠᠩ ᠢ ᠵᠣᠯᠭᠠᠭᠤᠯᠵᠤ ᠪᠠᠶᠢᠨ᠎ᠠ᠂ |
ᠬᠡᠰᠡᠭ ᠠᠶᠢᠮᠠᠭ ᠬᠤᠲᠠ ᠵᠠᠯᠭᠠᠭ᠎ᠠ ᠪᠠᠷ ᠵᠠᠯᠭᠠᠨ ᠣᠷᠣᠭᠤᠯᠵᠤ᠂ ᠠᠭᠠᠷ ᠲᠤ ᠺᠠᠷᠲ ᠨᠡᠭᠡᠭᠡᠬᠦ᠂ ᠰᠦᠯᠵᠢᠶᠡᠨ ᠳᠡᠭᠡᠷ᠎ᠡ |
ᠵᠣᠭᠤᠰ ᠨᠡᠮᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠤᠨ᠎ᠠ᠃ ﹇2020-11-11 09᠄ 47᠄ 42﹈ |
ᠬᠥᠲᠥᠯᠥᠭᠴᠢ᠄ |
ᠡᠯ᠎ᠡ ᠲᠦᠷᠦᠯ ᠤᠨ ᠵᠠᠮ ᠬᠠᠷᠢᠯᠴᠠᠭᠠᠨ ᠤ ᠪᠠᠭᠠᠵᠢ ᠳᠤ ᠬᠡᠷᠬᠢᠨ ᠬᠡᠷᠡᠭᠯᠡᠬᠦ ᠪᠤᠢ︖ ﹇2020-11-11 |
09᠄ 48᠄ 30﹈ |
ᠬᠦᠯᠢᠶᠡᠭᠴᠢ᠄ ᠶᠦᠨ ᠸᠧᠨ ᠵᠢᠩ |
ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠷᠢᠳᠴᠢᠯᠠᠨ |
ᠲᠤᠰᠢᠶᠠᠬᠤ ᠺᠠᠷᠲ ᠲᠤ ᠲᠣᠭᠠᠴᠠᠭᠳᠠᠨ᠎ᠠ᠂ ᠬᠡᠷᠡᠭᠯᠡᠬᠦ ᠠᠴᠠ ᠡᠮᠦᠨ᠎ᠡ ᠤᠷᠢᠳ ᠢᠶᠠᠷ ᠺᠠᠷᠲ ᠲᠤ ᠵᠣᠭᠤᠰ ᠨᠡᠮᠡᠬᠦ |
ᠬᠡᠷᠡᠭᠲᠡᠶ᠂ ᠳᠠᠷᠠᠭ᠎ᠠ ᠨᠢ ᠡᠯ᠎ᠡ ᠲᠥᠷᠥᠯ ᠤᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ |
ᠦᠶ᠎ᠡ ᠳᠤ ᠰᠢᠭᠤᠳ ᠺᠠᠷᠲ ᠵᠢᠷᠤᠵᠤ ᠲᠡᠷᠭᠡᠨ ᠳᠤ ᠰᠠᠭᠤᠵᠤ ᠪᠣᠯᠤᠨ᠎ᠠ᠃ ﹇2020-11-11 09᠄ 48᠄ 43 |
﹈ |
ᠬᠥᠲᠥᠯᠥᠭᠴᠢ᠄ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠪᠥᠬᠦ ᠤᠯᠤᠰ ᠤᠨ |
ᠨᠡᠶᠢᠲᠡ ᠶᠢᠨ ᠵᠠᠮ ᠬᠠᠷᠢᠯᠴᠠᠭᠠᠨ ᠤ ᠭᠠᠵᠠᠷ ᠳᠣᠤᠷᠠᠬᠢ ᠲᠡᠮᠦᠷ ᠵᠠᠮ ᠳᠤ ᠬᠡᠷᠡᠭᠯᠡᠵᠦ ᠪᠣᠯᠤᠨ᠎ᠠ᠂ ᠶᠠᠭᠠᠬᠢᠭᠠᠳ |
ᠪᠡᠭᠡᠵᠢᠩ ᠤᠨ ᠨᠡᠶᠢᠲᠡ ᠶᠢᠨ ᠵᠠᠮ ᠬᠠᠷᠢᠯᠴᠠᠭ᠎ᠠ ᠨᠢ ᠳᠡᠮᠵᠢᠬᠦ ᠦᠭᠡᠢ ᠪᠣᠢ︖ ﹇2020-11-11 09᠄ 49᠄ |
19﹈ |
ᠬᠦᠯᠢᠶᠡᠭᠴᠢ᠄ ᠶᠦᠨ ᠸᠧᠨ ᠵᠢᠩ |
ᠪᠡᠭᠡᠵᠢᠩ ᠤᠨ ᠦᠵᠦᠭᠦᠷ ᠤᠨ ᠮᠠᠰᠢᠨ ᠣᠨᠴᠠᠭᠠᠶ᠂ ᠬᠤᠲᠠ ᠶᠢᠨ ᠨᠡᠷᠡᠰ ᠤᠨ ᠬᠠᠳᠠᠭᠠᠯᠠᠮᠵᠢ ᠶᠢᠨ ᠬᠡᠮᠵᠢᠶ᠎ᠡ |
ᠬᠢᠵᠠᠭᠠᠷᠲᠠᠶ ᠪᠣᠯᠬᠤᠷ᠂ ᠵᠦᠪᠬᠡᠨ 48 ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠮᠵᠢᠵᠦ᠂ 224 |
ᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠺᠠᠷᠲ ᠵᠢᠷᠤᠵᠤ ᠬᠡᠷᠡᠭᠯᠡᠬᠦ ᠶᠢ ᠳᠡᠮᠵᠢᠵᠦ ᠪᠠᠶᠢᠨ᠎ᠠ᠃ ᠣᠳᠣᠬᠠᠨ ᠳᠤ |
᠂ ᠣᠷᠣᠨ ᠤ ᠳᠣᠲᠣᠷᠠᠬᠢ ᠬᠥᠬᠡᠬᠤᠲᠠ᠂ ᠦᠬᠠᠶ ᠬᠤᠲᠠ᠂ ᠲᠦᠩᠯᠢᠶᠣᠤ ᠬᠤᠲᠠ ᠶᠢᠨ ᠲᠠᠷᠬᠠᠭᠠᠭᠰᠠᠨ ᠵᠠᠮ |
ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠡᠩ ᠤᠨ ᠺᠠᠷᠲ ᠢ ᠪᠡᠭᠡᠵᠢᠩ ᠤᠨ ᠭᠠᠵᠠᠷ ᠳᠣᠤᠷᠠᠬᠢ ᠲᠡᠮᠦᠷ |
ᠵᠠᠮ ᠳᠤ ᠬᠡᠷᠡᠭᠯᠡᠵᠦ ᠪᠣᠯᠤᠨ᠎ᠠ᠂ ᠪᠤᠰᠤᠳ ᠬᠤᠯᠪᠣᠯᠲᠤᠨ ᠨᠡᠪᠲᠡᠷᠡᠯᠴᠡᠬᠦ ᠬᠤᠲᠠ ᠶᠢᠨ ᠨᠡᠷᠡᠰ ᠢ ᠪᠡᠭᠡᠵᠢᠩ ᠤᠨ ᠭᠠᠵᠠᠷ |
ᠳᠣᠤᠷᠠᠬᠢ ᠲᠡᠮᠦᠷ ᠵᠠᠮ ᠳᠡᠭᠡᠷ᠎ᠡ ᠰᠢᠨᠡᠳᠬᠡᠨ ᠬᠡᠷᠡᠭᠯᠡᠬᠦ ᠶᠢ ᠶᠠᠭ ᠢᠳᠡᠪᠬᠢᠲᠡᠶ ᠵᠣᠬᠢᠴᠠᠭᠤᠯᠵᠤ ᠪᠠᠶᠢᠨ᠎ᠠ᠃ |
ᠪᠡᠭᠡᠵᠢᠩ ᠤᠨ ᠨᠡᠶᠢᠲᠡ ᠶᠢᠨ ᠵᠠᠮ ᠬᠠᠷᠢᠯᠴᠠᠭᠠᠨ ᠤ ᠦᠵᠦᠭᠦᠷ ᠤᠨ ᠮᠠᠰᠢᠨ ᠪᠠᠭᠠᠵᠢ ᠶᠢ ᠲᠠᠰ ᠳᠡᠪᠰᠢᠭᠦᠯᠦᠭᠰᠡᠨ ᠤ |
ᠳᠠᠷᠠᠭ᠎ᠠ᠂ ᠮᠠᠨ ᠤ ᠣᠷᠣᠨ ᠤ ᠲᠠᠷᠬᠠᠭᠠᠭᠰᠠᠨ ᠬᠤᠯᠪᠣᠯᠳᠤᠨ ᠨᠡᠪᠲᠡᠷᠡᠯᠴᠡᠬᠦ ᠺᠠᠷᠲ ᠢ ᠳᠠᠷᠤᠶ ᠪᠡᠭᠡᠵᠢᠩ ᠤᠨ |
ᠨᠡᠶᠢᠲᠡ ᠶᠢᠨ ᠵᠠᠮ ᠬᠠᠷᠢᠯᠴᠠᠭ᠎ᠠ ᠳᠤ ᠬᠡᠷᠡᠭᠯᠡᠵᠦ ᠪᠣᠯᠤᠨ᠎ᠠ᠂ ᠪᠣᠳᠠᠲᠠᠶ ᠰᠢᠨᠡᠳᠬᠡᠭᠰᠡᠨ ᠪᠠᠶᠢᠳᠠᠯ ᠢ ︽ᠵᠠᠮ |
ᠬᠠᠷᠢᠯᠴᠠᠭᠠᠨ ᠤ ᠬᠠᠮᠲᠤᠷᠠᠭᠰᠠᠨ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠨᠣᠮᠧᠷ︾ ᠢᠶᠠᠷ ᠪᠠᠶᠢᠴᠠᠭᠠᠨ ᠯᠠᠪᠯᠠᠵᠤ |
ᠪᠣᠯᠤᠨ᠎ᠠ᠃ ﹇2020-11-11 09᠄ 50᠄ 16﹈ |
ᠬᠥᠲᠥᠯᠥᠭᠴᠢ᠄ |
ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠪᠤᠰᠤᠳ ᠬᠡᠷᠡᠭᠴᠡᠭᠡ ᠲᠠᠢ ᠤᠤ᠂ ᠵᠢᠱᠢᠶᠡᠯᠡᠪᠡᠯ ᠲᠣᠰᠣ |
ᠨᠡᠮᠡᠬᠦ ᠺᠠᠷᠲ ᠢᠶᠠᠷ ᠬᠡᠷᠡᠭᠯᠡᠨ᠎ᠡ᠃ ﹇2020-11-11 09᠄ 53᠄ 43﹈ |
ᠬᠦᠯᠢᠶᠡᠭᠴᠢ᠄ ᠶᠦᠨ ᠸᠧᠨ ᠵᠢᠩ |
ᠣᠳᠣᠬᠠᠨ ᠳᠤ᠂ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠺᠠᠷᠲ |
ᠢ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠬᠦᠷᠢᠶᠡᠨ ᠳᠤ ᠬᠡᠷᠡᠭᠯᠡᠵᠦ᠂ ᠪᠤᠰᠤᠳ |
ᠬᠦᠷᠢᠶᠡᠨ ᠳᠤ ᠬᠠᠮᠲᠤᠷᠠᠨ ᠬᠡᠷᠡᠭᠯᠡᠬᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠪᠠᠶᠢᠨ᠎ᠠ᠃ ﹇ |
2020-11-11 09᠄ 54᠄ 12﹈ |
ᠬᠥᠲᠥᠯᠥᠭᠴᠢ᠄ |
ᠵᠠ᠂ ᠴᠠᠭ ᠤᠨ ᠬᠠᠷᠠᠭ᠎ᠠ ᠠᠴᠠ ᠪᠣᠯᠵᠤ᠂ ᠪᠢᠳᠡᠨ ᠤ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ |
ᠲᠡᠭᠦᠰᠦᠯ᠎ᠡ᠃ ᠶᠦᠨ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠦᠭᠡᠶ ᠬᠠᠷᠢᠭᠤᠯᠤᠭᠰᠠᠨ ᠳᠤ ᠲᠠᠯᠠᠷᠬᠠᠵᠤ ᠪᠠᠶᠢᠬᠤ |
ᠪᠥᠭᠡᠳ ᠰᠦᠯᠵᠢᠶᠡᠨ ᠤ ᠠᠨᠳᠠ ᠨᠠᠷ ᠤᠨ ᠬᠠᠯᠠᠭᠤᠨ ᠰᠡᠳᠭᠢᠯᠭᠡ ᠪᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ﹇ |
2020-11-11 09᠄ 55᠄ 53﹈ |
ᠬᠦᠯᠢᠶᠡᠭᠴᠢ᠄ ᠶᠦᠨ ᠸᠧᠨ ᠵᠢᠩ |
ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠲᠤ ᠲᠠᠯᠠᠷᠬᠠᠵᠤ ᠪᠠᠶᠢᠨ᠎ᠠ᠃ ᠣᠯᠠᠨ |
ᠢᠶᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ |
ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠢ ᠦᠷᠭᠦᠯᠵᠢᠯᠡᠨ ᠠᠩᠬᠠᠷᠴᠤ᠂ ᠣᠯᠠᠨ ᠢᠶᠠᠷ ᠢᠶᠠᠨ ᠵᠠᠮ |
ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠢᠳᠡᠪᠬᠢᠲᠡᠶ ᠬᠡᠷᠡᠭᠯᠡᠨ ᠳᠡᠯᠭᠡᠷᠡᠭᠦᠯᠵᠦ᠂ ᠳᠥᠭᠦᠮ ᠳᠥᠲᠡ ᠶᠠᠪᠤᠵᠤ |
ᠰᠠᠭᠤᠬᠤ ᠳᠤ ᠨᠠᠩ ᠣᠯᠠᠨ ᠠᠷᠠᠳ ᠣᠯᠠᠨ ᠳᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ᠃ ᠲᠠ ᠪᠦᠬᠦᠨ ᠳᠤ |
ᠳᠠᠬᠢᠨᠲᠠ ᠲᠠᠯᠠᠷᠬᠠᠵᠤ ᠪᠠᠶᠢᠨ᠎ᠠ︕ |