ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ |
ᠬᠤᠯᠪᠣᠭᠳᠠᠯ ᠪᠥᠬᠦᠶ ᠨᠢᠭᠡᠴᠢ ᠳᠤ᠄ |
︽ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ |
ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠶᠢᠨ |
ᠲᠦᠯᠦᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠮ |
ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ |
ᠪᠠᠶᠢᠭᠤᠯᠤᠯᠲᠠ ᠶᠢᠨ ᠦᠨᠡᠯᠡᠬᠦ ᠬᠠᠮᠢᠶᠠᠷᠤᠯᠲᠠ ᠶᠢᠨ ᠠᠷᠭ᠎ᠠ︾ ︵ᠰᠢᠨ᠎ᠡ ︽ᠬᠠᠮᠢᠶᠠᠷᠤᠯᠲᠠ ᠶᠢᠨ ᠠᠷᠭ᠎ᠠ︾ ᠭᠡᠵᠦ |
ᠲᠣᠪᠴᠢᠯᠠᠨ᠎ᠠ︶᠂ ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ |
ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠠᠬᠢᠭᠤᠯᠬᠤ ᠲᠤᠬᠠᠶ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ︵ᠵᠠᠮ |
ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ﹇2016﹈ 54 ᠳ᠋ᠦ᠋ᠭᠡᠷ ᠲᠣᠭᠠᠲᠤ︶ ᠢ |
ᠦᠨᠳᠦᠰᠦᠯᠡᠪᠡᠯ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ |
ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠬᠤᠯᠪᠣᠭᠳᠠᠯ ᠪᠥᠬᠦᠶ ᠠᠵᠢᠯ ᠢ ᠦᠨᠡᠯᠡᠬᠦ ᠶᠢ ᠤᠯᠠᠮ |
ᠨᠢᠭᠡ ᠠᠯᠬᠤᠮ ᠰᠠᠶᠢᠲᠤᠷ ᠬᠢᠬᠦ ᠲᠤᠬᠠᠶ ᠡᠳᠦᠭᠡ ᠳᠣᠤᠷᠠᠬᠢ ᠮᠡᠲᠦ ᠮᠡᠳᠡᠭᠳᠡᠪᠡ᠄ |
ᠨᠢᠭᠡ᠂ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠤᠨ ᠲᠣᠭᠤᠰᠢᠯᠠᠭᠤᠯᠬᠤ ᠪᠠ ᠲᠥᠷᠥ ᠶᠢᠨ |
ᠪᠣᠳᠣᠯᠭ᠎ᠠ ᠪᠠᠷ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ |
ᠡᠨᠡ ᠤᠳᠠᠭ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ |
︽ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ |
ᠪᠠᠶᠢᠭᠤᠯᠤᠯᠲᠠ ᠶᠢ ᠦᠨᠡᠯᠡᠬᠦ ᠬᠠᠮᠢᠶᠠᠷᠤᠯᠲᠠ ᠶᠢᠨ ᠠᠷᠭ᠎ᠠ︾ ᠨᠢ᠂ 2012 ᠣᠨ ᠳᠤ ᠳᠠᠷᠤᠮᠠᠯᠯᠠᠨ ᠲᠠᠷᠬᠠᠭᠠᠭᠰᠠᠨ ︽ |
ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ |
ᠪᠠᠷᠢᠮᠵᠢᠶᠠᠵᠢᠭᠤᠯᠤᠯᠲᠠ ᠶᠢ ᠰᠢᠯᠭᠠᠨ ᠦᠨᠡᠯᠡᠬᠦ ᠬᠠᠮᠢᠶᠠᠷᠤᠯᠲᠠ ᠶᠢᠨ ᠠᠷᠭ᠎ᠠ︾᠂ ︽ᠵᠠᠮ ᠬᠠᠷᠢᠯᠴᠠᠭ᠎ᠠ |
ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠠᠮᠢᠶ᠎ᠠ |
ᠪᠦᠬᠦᠢ ᠬᠡᠷᠡᠭᠵᠢᠭᠦᠯᠬᠦ ᠠᠷᠭ᠎ᠠ︾ ᠵᠡᠷᠭᠡ ᠲᠠᠢ ᠬᠠᠷᠢᠴᠠᠭᠤᠯᠪᠠᠯ ᠨᠡᠯᠢᠶᠡᠳ ᠶᠡᠭᠡ ᠲᠤᠬᠢᠷᠠᠭᠤᠯᠤᠯᠲᠠ ᠬᠤᠪᠢᠷᠠᠯᠲᠠ ᠲᠠᠢ |
ᠪᠣᠯᠵᠠᠢ᠃ ᠪᠦᠬᠦ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ |
ᠮᠥᠴᠢᠷ᠂ ᠡᠯ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠨᠢᠭᠡᠴᠢ᠂ ᠤᠳᠤᠷᠢᠳᠤᠯᠭ᠎ᠠ ᠪᠠᠨ ᠤᠯᠠᠮ |
ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ︽ᠬᠠᠮᠢᠶᠠᠷᠤᠯᠲᠠ ᠶᠢᠨ ᠠᠷᠭ᠎ᠠ |
︾ ᠶᠢ ᠰᠤᠷᠤᠯᠴᠠᠵᠤ ᠤᠬᠠᠭᠤᠯᠤᠨ ᠲᠣᠭᠤᠰᠢᠯᠠᠭᠤᠯᠬᠤ ᠪᠠ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ |
ᠠᠵᠢᠯ ᠢ ᠰᠠᠶᠢᠲᠤᠷ ᠬᠢᠵᠦ᠂ ᠬᠤᠯᠪᠤᠭᠳᠠᠯ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠨ ᠣᠶᠢᠯᠠᠭᠠᠵᠤ |
ᠨᠠᠶᠢᠳᠠᠪᠤᠷᠢᠵᠢᠭᠤᠯᠤᠨ᠂ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ |
ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ |
ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠦᠨᠡᠯᠡᠬᠦ ᠠᠵᠢᠯ ᠢ |
ᠲᠥᠪ ᠭᠤᠤᠯᠴᠢ᠂ ᠵᠢᠷᠤᠮᠵᠢᠯ ᠲᠠᠢ᠂ ᠡᠮᠬᠢ ᠵᠢᠷᠤᠮ ᠲᠠᠢ᠂ ᠬᠠᠤᠯᠢ ᠶᠣᠰᠣᠭᠠᠷ ᠠᠬᠢᠭᠤᠯᠬᠤ ᠬᠡᠷᠡᠭᠲᠡᠶ᠃ |
ᠬᠤᠶᠠᠷ᠂ ᠰᠢᠨ᠎ᠡ ︽ᠬᠠᠮᠢᠶᠠᠷᠤᠯᠲᠠ ᠶᠢᠨ ᠠᠷᠭ᠎ᠠ︾ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠢᠶ᠎ᠠ |
ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ |
︵ᠨᠢᠭᠡ︶ ᠤᠤᠯ ᠤᠨ ᠰᠢᠯᠭᠠᠨ ᠲᠣᠭᠲᠠᠭᠠᠭᠴᠢ᠂ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠰᠢᠯᠵᠢᠯᠲᠡ |
ᠪᠠ ᠪᠠᠷᠢᠮᠵᠢᠶ᠎ᠠ ᠳᠤ ᠬᠦᠷᠦᠭᠰᠡᠨ ᠦᠨᠡᠮᠯᠡᠯ ᠤᠨ ᠦᠨᠡᠮᠯᠡᠯ ᠰᠣᠯᠢᠬᠤ ᠠᠵᠢᠯ ᠢ ᠰᠠᠶᠢᠲᠤᠷ ᠬᠢᠨ᠎ᠠ᠃ ᠮᠠᠨ ᠤ ᠣᠷᠣᠨ ᠤ |
ᠤᠤᠯ ᠤᠨ ᠰᠢᠯᠭᠠᠨ ᠲᠣᠭᠲᠠᠭᠠᠭᠴᠢ᠂ ᠰᠢᠯᠭᠠᠨ ᠲᠣᠭᠲᠠᠭᠠᠬᠤ ᠪᠠᠶᠢᠭᠤᠯᠤᠮᠵᠢ ᠨᠢ ᠰᠢᠨ᠎ᠡ ᠪᠠᠷ ︽ᠬᠠᠮᠢᠶᠠᠷᠤᠯᠲᠠ ᠶᠢᠨ |
ᠠᠷᠭ᠎ᠠ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠬᠢᠨᠠᠨ ᠲᠣᠭᠲᠠᠭᠠᠭᠴᠢ᠂ ᠦᠨᠡᠯᠡᠬᠦ ᠪᠠᠶᠢᠭᠤᠯᠤᠮᠵᠢ ᠳᠤ ︵ |
ᠤᠤᠯ ᠤᠨ ᠰᠢᠯᠭᠠᠨ ᠲᠣᠭᠲᠠᠭᠠᠭᠴᠢ ᠶᠢᠨ ᠬᠢᠷᠢ ᠬᠡᠮ ᠤᠨ ᠦᠨᠡᠮᠯᠡᠯ᠂ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ |
ᠬᠢᠷᠢ ᠬᠡᠮ ᠤᠨ ᠦᠨᠡᠮᠯᠡᠯ ᠨᠢ ᠠᠶᠠᠨᠳᠠᠭᠠᠨ ᠬᠦᠴᠦᠨ ᠥᠬᠡᠶ ᠪᠣᠯᠤᠨ᠎ᠠ︶ ᠠᠶᠠᠨᠳᠠᠭᠠᠨ ᠰᠢᠯᠵᠢᠬᠦ ᠶᠢᠨ ᠬᠠᠮᠲᠤ᠂ ᠰᠢᠨ᠎ᠡ |
︽ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠬᠢᠨᠠᠨ ᠲᠣᠭᠲᠠᠭᠠᠭᠴᠢ᠂ ᠦᠨᠡᠯᠡᠬᠦ ᠪᠠᠶᠢᠭᠤᠯᠤᠮᠵᠢ ᠳᠤ |
ᠬᠠᠮᠢᠶᠠᠷᠤᠯᠲᠠ ᠬᠢᠨ᠎ᠠ᠃ ᠤᠤᠯ ᠤᠨ ᠪᠠᠷᠢᠮᠵᠢᠶ᠎ᠠ ᠳᠤ ᠬᠦᠷᠦᠭᠰᠡᠨ ᠦᠨᠡᠮᠯᠡᠯ ᠤᠨ ᠵᠡᠷᠭᠡ ᠳᠡᠰ ᠤᠨ ᠭᠡᠷᠡᠴᠢᠯᠡᠯ ᠢ |
ᠰᠣᠯᠢᠬᠤ ᠳᠤ᠂ ᠵᠠᠷᠴᠢᠮ ᠳᠡᠭᠡᠷ᠎ᠡ ᠪᠠᠨ ᠰᠢᠯᠵᠢᠯᠲᠡ ᠶᠢᠨ ᠳᠠᠷᠠᠭᠠᠬᠢ ᠦᠨᠡᠯᠡᠬᠦ ᠪᠠᠶᠢᠭᠤᠯᠤᠮᠵᠢ ᠠᠴᠠ ᠣᠨ ᠤ |
ᠬᠠᠷᠭᠤᠭᠤᠯᠤᠨ ᠪᠠᠶᠢᠴᠠᠭᠠᠬᠤ ᠦᠶ᠎ᠡ ᠳᠤ ᠬᠠᠮᠲᠤ ᠳᠤ ᠨᠢ ᠰᠣᠯᠢᠵᠤ ᠣᠯᠭᠤᠨ᠎ᠠ᠃ |
︵ᠬᠤᠶᠠᠷ︶ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ |
ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠳᠦᠰᠦᠨ ᠵᠢᠷᠤᠮᠵᠢᠯ ︵ᠠᠵᠢᠯ ᠲᠥᠷᠥᠯ ᠤᠨ ᠪᠠᠷᠢᠮᠵᠢᠶ᠎ᠠ︶ ᠢ |
ᠬᠡᠷᠡᠭᠵᠢᠭᠦᠯᠬᠦ ᠠᠴᠠ ᠡᠮᠦᠨᠡᠬᠢ ᠦᠨᠡᠯᠡᠯᠲᠡ ᠶᠢᠨ ᠠᠵᠢᠯ ᠢ ᠰᠠᠶᠢᠲᠤᠷ ᠬᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ |
ᠶᠠᠮᠤᠨ ᠤ ᠱᠠᠭᠠᠷᠳᠠᠯᠭ᠎ᠠ ᠶᠢ ᠦᠨᠳᠦᠰᠦᠯᠡᠪᠡᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶᠢᠯᠠᠯ ᠤᠨ |
ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠳᠦᠰᠦᠨ ᠵᠢᠷᠤᠮᠵᠢᠯ ᠢ ᠳᠣᠷᠣᠭᠰᠢ |
ᠪᠠᠭᠤᠯᠭᠠᠬᠤ ᠠᠴᠠ ᠡᠮᠦᠨ᠎ᠡ᠂ ᠡᠯ᠎ᠡ ᠭᠠᠵᠠᠷ᠂ ᠡᠯ᠎ᠡ ᠦᠨᠡᠯᠡᠬᠦ ᠪᠠᠶᠢᠭᠤᠯᠤᠮᠵᠢ ᠦᠷᠭᠦᠯᠵᠢᠯᠡᠨ ᠤᠤᠯ ᠤᠨ ᠰᠢᠯᠭᠠᠨ |
ᠦᠨᠡᠯᠡᠬᠦ ᠭᠦᠢᠴᠡᠳᠬᠡᠯ ᠲᠤᠭ᠎ᠠ ᠶᠣᠰᠣᠭᠠᠷ ᠠᠵᠤ ᠠᠬᠤᠶᠢᠯᠠᠯ ᠳᠤ ᠦᠨᠡᠯᠡᠯᠲᠡ ᠬᠢᠵᠦ᠂ ᠰᠢᠨ᠎ᠡ ᠪᠠᠷ ᠵᠠᠰᠠᠪᠤᠷᠢ |
ᠣᠷᠣᠭᠤᠯᠤᠭᠰᠠᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ |
ᠦᠨᠳᠦᠰᠦᠨ ᠵᠢᠷᠤᠮᠵᠢᠯ ᠢ ᠳᠣᠷᠣᠭᠰᠢ ᠪᠠᠭᠤᠯᠭᠠᠭᠰᠠᠨ ᠤ ᠲᠠᠷᠠᠭ᠎ᠠ᠂ ᠰᠢᠨ᠎ᠡ ᠵᠢᠷᠤᠮᠵᠢᠯ ᠤᠨ ᠶᠣᠰᠣᠭᠠᠷ |
ᠬᠡᠷᠡᠭᠵᠢᠭᠦᠯᠦᠨ᠎ᠡ᠃ |
︵ᠭᠤᠷᠪᠠ︶ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠦᠨᠡᠯᠡᠬᠦ ᠠᠵᠢᠯ ᠤᠨ ᠤᠷᠤᠭᠰᠢᠲᠠᠶ |
ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠦᠨᠡᠯᠡᠬᠦ ᠪᠠᠶᠢᠭᠤᠯᠤᠮᠵᠢ ᠶᠢᠨ ᠦᠨᠡᠯᠡᠬᠦ ᠶᠠᠰᠤ ᠴᠢᠨᠠᠷ ᠢ |
ᠳᠡᠭᠡᠭᠰᠢᠯᠡᠭᠦᠯᠵᠦ᠂ ᠠᠵᠤ ᠠᠬᠤᠶᠢᠯᠠᠯ ᠢ ᠨᠠᠩ ᠣᠯᠠᠨ ᠰᠣᠩᠭᠤᠬᠤ ᠡᠷᠬᠡ ᠲᠠᠢ ᠪᠣᠯᠭᠠᠵᠤ᠂ ᠮᠠᠨ ᠤ ᠣᠷᠣᠨ ᠳᠤ |
ᠳᠠᠩᠰᠠᠯᠠᠭᠤᠯᠤᠭᠰᠠᠨ ᠬᠤᠶᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ |
ᠬᠢᠯᠢ ᠶᠢᠨ ᠳᠣᠲᠣᠷᠠᠬᠢ ᠬᠤᠶᠠᠳᠤᠭᠠᠷ᠂ ᠭᠤᠷᠪᠠᠳᠤᠭᠠᠷ ᠳᠡᠰ ᠤᠨ ᠵᠡᠷᠭᠡ ᠲᠠᠰ ᠤᠨ ᠭᠡᠷᠡᠴᠢᠯᠡᠯ ᠭᠤᠶᠤᠴᠢᠯᠠᠭᠰᠠᠨ |
ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠡᠯᠡᠬᠦ ᠠᠵᠢᠯ ᠢ ᠡᠭᠦᠷᠭᠡᠯᠡᠵᠦ |
ᠪᠣᠯᠤᠨ᠎ᠠ᠂ ᠭᠤᠷᠪᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠬᠢᠯᠢ ᠶᠢᠨ |
ᠳᠣᠲᠣᠷᠠᠬᠢ ᠭᠤᠷᠪᠠᠳᠤᠭᠠᠷ ᠳᠡᠰ ᠤᠨ ᠵᠡᠷᠭᠡ ᠲᠠᠰ ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶᠢᠯᠠᠯ ᠤᠨ |
ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠡᠯᠡᠬᠦ ᠠᠵᠢᠯ ᠢ ᠡᠭᠦᠷᠭᠡᠯᠡᠵᠦ ᠪᠣᠯᠤᠨ᠎ᠠ᠂ ᠣᠷᠣᠨ |
ᠪᠦᠰᠡ ᠶᠢᠨ ᠬᠢᠵᠠᠭᠠᠷᠯᠠᠯ ᠢ ᠬᠦᠯᠢᠶᠡᠬᠦ ᠥᠬᠡᠶ᠃ ᠦᠨᠡᠯᠡᠬᠦ ᠪᠠᠶᠢᠭᠤᠯᠤᠮᠵᠢ ᠨᠢ ᠦᠨᠡᠯᠡᠬᠦ ᠠᠵᠢᠯ ᠢ ᠥᠷᠨᠢᠭᠦᠯᠬᠦ ᠳᠤ᠂ |
ᠲᠣᠭᠲᠠᠭᠠᠯ ᠶᠣᠰᠣᠭᠠᠷ ᠦᠨᠡᠯᠡᠭᠳᠡᠬᠦ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠭᠤᠤᠯᠯᠠᠨ ᠬᠠᠮᠢᠶᠠᠷᠬᠤ |
ᠪᠠᠶᠢᠭᠤᠯᠭ᠎ᠠ ᠳᠤ ᠮᠡᠳᠡᠭᠳᠡᠵᠦ ︵ᠤᠷᠢᠳᠴᠢᠯᠠᠨ ᠮᠡᠳᠡᠭᠳᠡᠬᠦ︶᠂ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ |
︵ᠳᠥᠷᠪᠡ︶ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠦᠨᠡᠯᠡᠬᠦ |
ᠠᠵᠢᠯ ᠢ ᠨᠢᠭᠡᠳᠦᠯᠲᠡᠶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ |
ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢᠶᠠᠷ ᠳᠡᠮᠵᠢᠨ ᠥᠷᠨᠢᠭᠦᠯᠦᠨ᠎ᠡ᠃ ᠦᠨᠡᠯᠡᠬᠦ ᠠᠵᠢᠯᠯᠠᠭ᠎ᠠ ᠶᠢ |
ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠨᠡᠯᠡᠬᠦ ᠵᠢᠴᠢ ᠣᠨ ᠤ ᠬᠢᠨᠠᠨ ᠪᠠᠶᠢᠴᠠᠭᠠᠭᠰᠠᠨ ᠳ᠋ᠦᠩᠨᠡᠯᠲᠡ᠂ ᠦᠨᠡᠯᠡᠬᠦ |
ᠵᠡᠷᠭᠡ ᠲᠠᠰ ᠤᠨ ᠭᠡᠷᠡᠴᠢᠯᠡᠯ ᠣᠯᠭᠤᠬᠤ ᠶᠢ ᠦᠨᠡᠯᠡᠬᠦ ᠪᠠᠶᠢᠭᠤᠯᠤᠮᠵᠢ ᠠᠴᠠ ᠬᠠᠷᠢᠭᠤᠴᠠᠨ᠎ᠠ᠃ ᠤᠤᠯ ᠤᠨ ᠥᠪᠡᠷᠲᠡᠭᠡᠨ |
ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ |
ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠰᠢᠨ᠎ᠡ ᠪᠠᠷ ︽ᠬᠠᠮᠢᠶᠠᠷᠤᠯᠲᠠ ᠶᠢᠨ ᠠᠷᠭ᠎ᠠ︾ ᠶᠢ |
ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠡᠷᠡᠭᠯᠡᠬᠦ ᠪᠠᠨ ᠵᠣᠭᠰᠣᠭᠠᠵᠤ᠂ ᠥᠪᠡᠷᠲᠡᠭᠡᠨ ᠵᠠᠰᠠᠬᠤ ᠣᠷᠣᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠯ᠎ᠡ ᠠᠶᠢᠮᠠᠭ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠣᠪᠴᠢᠶ᠎ᠠ ᠨᠤᠭᠤᠳ ᠠᠵᠤ ᠠᠬᠤᠶᠢᠯᠠᠯ ᠳᠤ ᠪᠠᠷᠢᠮᠵᠢᠶ᠎ᠠ ᠳᠤ ᠬᠥᠷᠥᠭᠰᠡᠨ ᠦᠨᠡᠮᠯᠡᠯ ᠣᠯᠭᠤᠬᠤ ᠥᠭᠡᠢ᠃ ᠦᠨᠡᠯᠡᠬᠦ |
ᠪᠠᠶᠢᠭᠤᠯᠤᠮᠵᠢ ᠵᠡᠷᠭᠡ ᠳᠡᠰ ᠤᠨ ᠭᠡᠷᠡᠴᠢᠯᠡᠯ ᠣᠯᠭᠤᠬᠤ ᠳᠤ ᠦᠨᠡᠯᠡᠬᠦ ᠪᠠᠶᠢᠭᠤᠯᠤᠮᠵᠢ ᠶᠢᠨ ᠦᠨᠡᠯᠡᠬᠦ ᠲᠤᠰᠬᠠᠶ |
ᠲᠠᠮᠠᠭ᠎ᠠ ᠶᠢ ᠬᠡᠷᠡᠭᠯᠡᠬᠦ ᠬᠡᠷᠡᠭᠲᠡᠶ᠃ |
︵ᠲᠠᠪᠤ︶ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠮᠠᠨ ᠤ ᠣᠷᠣᠨ ᠳᠤ ᠠᠩᠬ᠎ᠠ ᠤᠳᠠᠭ᠎ᠠ |
ᠬᠤᠶᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠳᠤ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠵᠣᠬᠢᠬᠤ ᠦᠨᠡᠯᠡᠬᠦ |
ᠪᠠᠶᠢᠭᠤᠯᠤᠮᠵᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠲᠣᠰ ᠲᠤᠰᠬᠠᠶ |
ᠮᠡᠷᠭᠡᠵᠢᠯ ᠤᠨ ᠲᠥᠷᠥᠯ ᠬᠡᠯᠪᠡᠷᠢ ᠶᠢᠨ ᠭᠤᠷᠪᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠶᠢ 1 ᠵᠢᠯ ᠠᠴᠠ ᠳᠡᠭᠡᠭᠰᠢ |
ᠳᠠᠩᠰᠠᠯᠠᠭᠤᠯᠬᠤ ᠶᠢ ᠨᠢᠭᠡᠨᠲᠡ ᠪᠡᠶᠡᠯᠡᠭᠦᠯᠦᠭᠰᠡᠨ ᠪᠠᠶᠢᠬᠤ ᠬᠡᠷᠡᠭᠲᠡᠶ ᠪᠥᠭᠡᠳ ᠬᠠᠮᠢᠶ᠎ᠠ ᠪᠥᠬᠦᠶ ᠦᠨᠡᠯᠡᠭᠰᠡᠨ |
ᠥᠩᠭᠡᠷᠡᠯᠲᠡ ᠲᠠᠢ ᠪᠠᠶᠢᠬᠤ ᠬᠡᠷᠡᠭᠲᠡᠶ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷᠠᠬᠢ |
ᠭᠤᠷᠪᠠᠳᠤᠭᠠᠷ ᠳᠡᠰ ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶᠢᠯᠠᠯ ︵ᠰᠢᠨ᠎ᠡ ᠪᠠᠷ ᠨᠡᠮᠡᠭᠳᠡᠭᠰᠡᠨ ᠲᠤᠰᠬᠠᠶ |
ᠮᠡᠷᠭᠡᠵᠢᠯ ᠤᠨ ᠲᠥᠷᠥᠯ ᠬᠡᠯᠪᠡᠷᠢ ᠬᠡᠷᠡᠭᠴᠡᠭᠡ ᠥᠬᠡᠶ︶ ᠢ ᠦᠨᠡᠯᠡᠬᠦ ᠴᠢᠬᠤᠯᠠᠲᠠᠶ᠄ ᠵᠠᠮ ᠲᠡᠭᠡᠭᠡᠪᠦᠷᠢ ᠶᠢᠨ 50 ᠡᠷᠦᠬᠡ |
︔ ᠤᠰᠤᠨ ᠵᠠᠮ ᠤᠨ ᠲᠡᠭᠡᠭᠡᠪᠦᠷᠢ ᠶᠢᠨ 20 ᠡᠷᠦᠬᠡ︔ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ 20 ᠡᠷᠦᠬᠡ |
︔ ᠵᠠᠮ ᠬᠠᠷᠢᠯᠴᠠᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ 50 ᠡᠷᠦᠬᠡ᠃ |
︵ᠵᠢᠷᠭᠤᠭ᠎ᠠ︶ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ︶ |
ᠤᠨ ᠬᠠᠮᠢᠶᠠᠷᠤᠯᠲᠠ ᠶᠢ ᠴᠢᠩᠭᠠᠳᠬᠠᠨ᠎ᠠ᠃ ᠤᠤᠯ ᠤᠨ ᠰᠢᠯᠭᠠᠨ ᠦᠨᠡᠯᠡᠬᠦ ᠪᠠᠶᠢᠭᠤᠯᠤᠮᠵᠢ ᠶᠢᠨ ᠰᠢᠯᠭᠠᠨ ᠦᠨᠡᠯᠡᠭᠰᠡᠨ |
ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ︶ ᠢ ᠮᠥᠨ ᠬᠦ ᠰᠢᠯᠵᠢᠯᠲᠡ ᠶᠢᠨ |
ᠳᠠᠷᠠᠭᠠᠬᠢ ᠦᠨᠡᠯᠡᠬᠦ ᠪᠠᠶᠢᠭᠤᠯᠤᠮᠵᠢ ᠠᠴᠠ ᠬᠠᠮᠢᠶᠠᠷᠤᠨ᠎ᠠ᠃ ᠤᠤᠯ ᠤᠨ ᠰᠢᠯᠭᠠᠨ ᠦᠨᠡᠯᠡᠬᠦ ᠪᠠᠶᠢᠭᠤᠯᠤᠮᠵᠢ ᠨᠢ |
ᠬᠦᠴᠦᠨ ᠦᠭᠡᠢ ᠪᠣᠯᠭᠠᠬᠤ ᠪᠠᠷ ᠭᠤᠶᠤᠴᠢᠯᠠᠭᠰᠠᠨ ᠪᠠᠶᠢᠪᠠᠯ᠂ ᠲᠡᠭᠦᠨ ᠤ ᠰᠢᠯᠭᠠᠨ ᠦᠨᠡᠯᠡᠭᠰᠡᠨ ᠡᠪᠬᠡᠮᠡᠯ ︵ |
ᠴᠠᠭᠠᠰᠤᠨ ᠲᠠᠨᠢᠯᠴᠠᠭᠤᠯᠭ᠎ᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ︶ ᠢ ᠳᠤᠰ ᠪᠠᠶᠢᠭᠤᠯᠤᠮᠵᠢ ᠶᠢᠨ ᠭᠤᠤᠯᠯᠠᠨ |
ᠬᠠᠮᠢᠶᠠᠷᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠤᠨ᠎ᠠ᠃ ᠦᠨᠡᠯᠡᠬᠦ ᠪᠠᠶᠢᠭᠤᠯᠤᠮᠵᠢ ᠨᠢ |
ᠬᠦᠴᠦᠨ ᠥᠬᠡᠶ ᠪᠣᠯᠭᠠᠬᠤ ᠪᠠᠷ ᠭᠤᠶᠤᠴᠢᠯᠠᠭᠰᠠᠨ ᠪᠠᠶᠢᠪᠠᠯ᠂ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ |
ᠲᠠᠩᠰᠠ ᠡᠪᠬᠡᠮᠡᠯ ᠤᠨ ᠮᠠᠲ᠋ᠧᠷᠢᠶᠠᠯ︶ ᠢ ᠭᠥᠯᠢᠶᠡᠨ ᠠᠪᠴᠤ ᠬᠠᠮᠢᠶᠠᠷᠤᠭᠰᠠᠨ ᠦᠨᠡᠯᠡᠬᠦ ᠪᠠᠶᠢᠭᠤᠯᠤᠮᠵᠢ ᠳᠤ |
ᠰᠢᠯᠵᠢᠭᠦᠯᠦᠨ ᠲᠤᠰᠢᠶᠠᠬᠤ ᠬᠡᠷᠡᠭᠲᠡᠶ᠃ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠳᠠᠩᠰᠠ ᠡᠪᠬᠡᠮᠡᠯ ᠤᠨ |
ᠮᠠᠲ᠋ᠧᠷᠢᠶᠠᠯ︶ ᠢ ᠬᠠᠳᠠᠭᠠᠯᠠᠬᠤ ᠬᠤᠭᠤᠴᠠᠭ᠎ᠠ ᠶᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ |
ᠲᠣᠭᠲᠠᠭᠠᠯ ᠶᠣᠰᠣᠭᠠᠷ ᠭᠦᠢᠴᠡᠳᠬᠡᠨ᠎ᠡ᠃ |
ᠭᠤᠷᠪᠠ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ |
ᠴᠢᠩᠭᠠᠳᠬᠠᠨ᠎ᠠ |
ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠮᠠᠨ ᠤ ᠣᠷᠣᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ |
ᠦᠨᠡᠯᠡᠬᠦ ᠠᠵᠢᠯ ᠢ ᠦᠷᠭᠦᠯᠵᠢᠯᠡᠨ ︽ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ︾ ᠪᠠ ︽ᠬᠡᠨ |
ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠪᠥᠬᠦ ᠣᠷᠣᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ |
ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠬᠤ ᠶᠢᠨ ᠬᠠᠮᠲᠤ᠂ ᠳᠠᠩᠰᠠᠯᠠᠭᠤᠯᠤᠭᠰᠠᠨ ᠬᠤᠶᠠᠳᠤᠭᠠᠷ |
ᠳᠡᠰ ᠤᠨ ᠦᠨᠡᠯᠡᠬᠦ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠬᠢᠨ᠎ᠠ᠃ ᠡᠯ᠎ᠡ ᠠᠶᠢᠮᠠᠭ ᠬᠤᠳᠠ ᠶᠢᠨ ᠵᠠᠮ |
ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠤᠭᠤᠳ ᠨᠢ ᠲᠤᠰ ᠠᠶᠢᠮᠠᠭ ᠬᠤᠳᠠ ᠶᠢᠨ ᠵᠠᠮ ᠬᠠᠷᠢᠯᠴᠠᠭ᠎ᠠ |
ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ |
ᠠᠵᠢᠯ ᠢ ᠵᠢᠯᠣᠭᠤᠳᠬᠤ ᠶᠢ ᠬᠠᠷᠢᠭᠤᠴᠠᠬᠤ ᠶᠢᠨ ᠬᠠᠮᠲᠤ ᠳᠠᠩᠰᠠᠯᠠᠭᠤᠯᠤᠭᠰᠠᠨ ᠭᠤᠷᠪᠠᠳᠤᠭᠠᠷ ᠱᠠᠲᠤᠨ ᠤ ᠦᠨᠡᠯᠡᠬᠦ |
ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠬᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠲᠢᠩᠬᠢᠮ ᠨᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ |
ᠳᠠᠮᠵᠢᠭᠤᠯᠤᠨ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠯᠪᠠᠰᠤᠷᠠᠯ ᠤᠨ ᠲᠥᠪ ᠳᠤ ᠨᠠᠶᠢᠳᠠᠵᠤ |
ᠲᠢᠩᠬᠢᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ |
ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ︵ᠬᠠᠮᠢᠶᠠᠷᠴᠤ |
ᠬᠠᠮᠠᠭᠠᠯᠠᠬᠤ ᠨᠢᠭᠡᠴᠢ ᠭᠡᠵᠦ ᠲᠣᠪᠴᠢᠯᠠᠨ᠎ᠠ︶ ᠢ ᠡᠭᠦᠷᠭᠡᠭᠦᠯᠵᠦ᠂ ᠤᠤᠯ ᠤᠨ ᠥᠪᠥᠷ ᠮᠣᠩᠭᠤᠯ ᠤᠨ ᠵᠠᠮ ᠬᠠᠷᠢᠯᠴᠠᠭ᠎ᠠ |
ᠲᠡᠭᠡᠭᠡᠪᠦᠷᠢ ᠶᠢᠨ ᠪᠣᠯᠪᠠᠰᠤᠷᠠᠯ ᠤᠨ ᠲᠥᠪ ᠲᠤ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ |
ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠰᠢᠯᠭᠠᠨ ᠦᠨᠡᠯᠡᠬᠦ ᠬᠠᠮᠢᠶᠠᠷᠤᠯᠲᠠ |
ᠶᠢᠨ ᠲᠥᠪ ︵ᠲᠦᠷ ᠴᠠᠭ ᠤᠨ ᠪᠠᠶᠢᠭᠤᠯᠤᠮᠵᠢ︶ ᠢ ᠬᠦᠴᠦᠨ ᠥᠬᠡᠶ ᠪᠣᠯᠭᠠᠨ᠎ᠠ᠃ |
ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ |
ᠬᠤᠯᠪᠣᠭᠳᠠᠯ ᠪᠥᠬᠦᠶ ᠨᠢᠭᠡᠴᠢ ᠨᠦᠭᠦᠳ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ |
ᠪᠠᠶᠢᠭᠤᠯᠤᠯᠲᠠ ᠥᠷᠨᠢᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠠᠵᠤ |
ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ |
ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠂ ᠳᠣᠤᠷᠠᠳᠤ ᠱᠠᠲᠤᠨ ᠤ ᠬᠠᠮᠢᠶᠠᠷᠤᠯᠲᠠ ᠶᠢᠨ |
ᠰᠠᠯᠠᠭ᠎ᠠ ᠮᠥᠴᠢᠷ ᠵᠢᠴᠢ ᠬᠠᠷᠢᠶ᠎ᠠ ᠠᠵᠤ ᠠᠬᠤᠶᠢᠯᠠᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ |
ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠠᠵᠢᠯ ᠤᠨ ᠪᠠᠶᠢᠳᠠᠯ ᠳᠤ ᠰᠤᠭᠤᠴᠢᠨ |
ᠪᠠᠶᠢᠴᠠᠭᠠᠯᠲᠠ ᠬᠢᠵᠦ᠂ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠠᠵᠢᠯ ᠲᠥᠷᠥᠯ ᠳᠤ ᠮᠡᠳᠡᠭᠡᠯᠡᠬᠦ ᠬᠡᠷᠡᠭᠲᠡᠶ᠃ |
ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠭᠰᠡᠨ ᠦᠷ᠎ᠡ ᠳ᠋ᠦᠩ ᠢ ᠠᠵᠤ |
ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠢᠲᠡᠭᠡᠮᠵᠢ ᠶᠢᠨ ᠦᠨᠡᠯᠡᠬᠦ ᠬᠡᠪᠴᠢᠶᠡᠨ ᠳᠤ ᠣᠷᠣᠭᠤᠯᠵᠤ᠂ |
ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠭᠰᠡᠨ ᠪᠠᠶᠢᠳᠠᠯ ᠢ ᠠᠵᠤ ᠠᠬᠤᠶᠢᠯᠠᠯ ᠤᠨ ᠡᠵᠡᠩᠨᠡᠯᠲᠡ ᠶᠢᠨ |
ᠠᠶᠦᠯᠭᠦᠢ ᠶᠢᠨ ᠨᠥᠬᠦᠴᠡᠯ ᠤᠨ ᠴᠢᠬᠤᠯᠠ ᠦᠨᠳᠦᠰᠦᠯᠡᠯ ᠪᠣᠯᠭᠠᠬᠤ ᠪᠠᠷ ᠨᠢᠭᠡᠨᠲᠡ ᠲᠣᠳᠣᠷᠬᠠᠶᠢᠯᠠᠭᠰᠠᠨ ᠪᠣᠯ |
ᠲᠡᠭᠦᠨ ᠤ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠠᠶᠦᠯᠭᠦᠢ |
ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠷᠢᠮᠵᠢᠶ᠎ᠠ ᠳᠤ ᠬᠥᠷᠥᠭᠰᠡᠨ ᠥᠭᠡᠢ ᠪᠤᠶᠤ ᠵᠡᠷᠭᠡ ᠳᠡᠰ ᠤᠨ |
ᠭᠡᠷᠡᠴᠢ ᠪᠠᠨ ᠬᠦᠴᠦᠨ ᠥᠭᠡᠢ ᠪᠣᠯᠭᠠᠭᠳᠠᠭᠰᠠᠨ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ |
ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠬᠡᠷᠡᠭᠲᠡᠶ᠃ ᠦᠨᠡᠯᠡᠬᠦ |
ᠪᠠᠶᠢᠭᠤᠯᠤᠮᠵᠢ ᠪᠠ ᠬᠢᠨᠠᠨ ᠲᠣᠭᠲᠠᠭᠠᠭᠴᠢ ᠶᠢ ᠬᠢᠨᠠᠨ ᠬᠠᠮᠢᠶᠠᠷᠴᠤ ᠪᠠᠶᠢᠴᠠᠭᠠᠬᠤ ᠪᠠᠨ ᠴᠢᠩᠭᠠᠳᠬᠠᠵᠤ᠂ ᠦᠨᠡᠯᠡᠬᠦ |
ᠪᠠᠶᠢᠭᠤᠯᠤᠮᠵᠢ ᠶᠢᠨ ᠦᠨᠡᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ |
ᠦᠨᠡᠯᠡᠬᠦ ᠪᠠᠶᠢᠭᠤᠯᠤᠮᠵᠢ ᠶᠢᠨ ᠮᠡᠳᠡᠭᠦᠯᠦᠭᠰᠡᠨ ᠬᠦᠨᠳᠦ ᠶᠡᠭᠡ ᠠᠮᠤᠷ ᠲᠦᠪᠰᠢᠨ ᠤ ᠠᠳᠡᠯ ᠤᠨ ᠳᠠᠯᠳᠠ ᠬᠡᠮ ᠪᠣᠯᠤᠨ |
ᠠᠰᠠᠭᠤᠳᠠᠯ ᠢ ᠴᠠᠭ ᠲᠤᠬᠠᠶ ᠳᠤ ᠨᠢ ᠬᠢᠨᠠᠨ ᠪᠠᠶᠢᠴᠠᠭᠠᠵᠤ᠂ ᠨᠤᠲᠠᠯᠠᠭᠰᠠᠨ ᠤ ᠳᠠᠷᠠᠭ᠎ᠠ ᠠᠵᠤ ᠠᠬᠤᠶᠢᠯᠠᠯ ᠢ |
ᠵᠠᠷᠯᠢᠭᠳᠠᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠦᠨᠡᠯᠡᠬᠦ ᠠᠵᠢᠯ ᠳᠤ ᠬᠢᠨᠠᠯᠲᠠ |
ᠲᠠᠯᠪᠢᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ ᠵᠡᠷᠭᠡ ᠲᠦᠷᠢᠮ ᠪᠠ ᠲᠣᠭᠲᠠᠴᠠ ᠶᠢ |
ᠪᠠᠶᠢᠭᠤᠯᠤᠨ ᠪᠦᠷᠢᠨᠰᠢᠬᠦᠯᠵᠦ᠂ ᠬᠠᠮᠢᠶᠠᠷᠴᠤ ᠬᠠᠮᠠᠭᠠᠯᠠᠬᠤ ᠨᠢᠭᠡᠴᠢ ᠶᠢᠨ ᠠᠵᠢᠯᠲᠠᠨ᠂ ᠬᠢᠨᠠᠨ ᠲᠣᠭᠲᠠᠭᠠᠭᠴᠢ᠂ |
ᠦᠨᠡᠯᠡᠬᠦ ᠪᠠᠶᠢᠭᠤᠯᠤᠮᠵᠢ᠂ ᠦᠨᠡᠯᠡᠭᠳᠡᠭᠰᠡᠨ ᠠᠵᠤ ᠠᠬᠤᠶᠢᠯᠠᠯ ᠳᠤ ᠡᠭᠦᠰᠦᠭᠰᠡᠨ ᠲᠤᠰᠢᠶᠠᠯ ᠳᠤ ᠪᠠᠨ ᠣᠰᠣᠯᠳᠠᠵᠤ |
ᠬᠠᠷᠢᠭᠤᠴᠠᠯᠭ᠎ᠠ ᠪᠠᠨ ᠠᠯᠳᠠᠭᠰᠠᠨ᠂ ᠲᠦᠷᠢᠮ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ᠂ |
ᠠᠮᠠᠯᠠᠯᠲᠠ ᠶᠢ ᠵᠥᠷᠢᠴᠡᠭᠰᠡᠨ᠂ ᠪᠣᠳᠠᠲᠤ ᠬᠡᠷᠡᠭ ᠢ ᠨᠢᠭᠤᠨ ᠳᠠᠯᠳᠠᠯᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ |
ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ |
ᠤᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠭᠤᠯᠭᠠᠭᠰᠠᠨ |
ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ︽ |
ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠤᠨ ᠱᠠᠭᠠᠷᠳᠠᠯᠭ᠎ᠠ ᠲᠠᠢ ᠲᠤᠰ ᠮᠡᠳᠡᠭᠳᠡᠯ ᠲᠠᠢ ᠨᠡᠶᠢᠴᠡᠬᠦ ᠦᠭᠡᠢ |
ᠪᠠᠶᠢᠪᠠᠯ᠂ ᠶᠠᠮᠤᠨ ᠤ ᠰᠢᠨ᠎ᠡ ︽ᠬᠠᠮᠢᠶᠠᠷᠤᠯᠲᠠ ᠶᠢᠨ ᠠᠷᠭ᠎ᠠ︾ ᠪᠠ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ |
ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠵᠢᠯ ᠪᠦᠷᠢ ᠶᠢᠨ 12 ᠳ᠋ᠤᠭᠠᠷ |
ᠰᠠᠷ᠎ᠠ ᠶᠢᠨ 15 ᠤ ᠡᠳᠦᠷ ᠠᠴᠠ ᠡᠮᠦᠨ᠎ᠡ᠂ ᠲᠣᠰ ᠵᠢᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠤᠨ |
ᠪᠠᠶᠢᠳᠠᠯ ᠢᠶᠠᠨ ᠲᠢᠩᠬᠢᠮ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ |
|
|
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠢᠩᠬᠢᠮ |
2016 ᠣᠨ ᠤ 10 ᠳ᠋ᠤᠭᠠᠷ ᠰᠠᠷ᠎ᠠ ᠶᠢᠨ 27 ᠤ ᠡᠳᠦᠷ |
|