| ᠨᠢᠭᠡ᠂ ᠲᠣᠭᠲᠠᠭᠠᠭᠰᠠᠨ ᠠᠬᠤᠶ ᠪᠠᠶᠢᠳᠠᠯ |
ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠢ |
ᠰᠢᠯᠢᠳᠡᠭᠵᠢᠭᠦᠯᠬᠦ ᠲᠤᠰᠬᠠᠶ ᠠᠵᠢᠯᠯᠠᠭ᠎ᠠ︾ ᠶᠢ ᠭᠦᠨᠵᠡᠭᠡᠶ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ |
ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠡᠰ ᠳᠠᠪᠬᠤᠷᠭ᠎ᠠ |
ᠠᠯᠤᠰᠯᠠᠬᠤ᠂ ᠭᠠᠵᠠᠷ ᠣᠷᠣᠨ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠨ ᠬᠠᠮᠢᠶᠠᠷᠬᠤ ᠪᠠ |
ᠦᠢᠯᠡᠴᠢᠯᠡᠬᠦ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ |
ᠳᠦᠷᠢᠮᠵᠢᠭᠦᠯᠬᠦ᠂ ᠳᠥᠭᠦᠮᠴᠢᠯᠡᠬᠦ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠮᠠᠨ ᠤ ᠭᠠᠵᠠᠷ ᠤᠨ ᠬᠢᠨ |
︽ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ |
ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾᠂ |
︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ |
ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠂ |
︽︿ᠬᠤᠶᠠᠷ ᠢ ᠰᠢᠯᠢᠳᠡᠭᠵᠢᠭᠦᠯᠬᠦ﹀ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ |
ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠣᠭᠠᠨ ᠤ ᠠᠯᠪᠠᠨ ᠬᠡᠷ ᠵᠠᠰᠠᠭ ᠤᠨ |
ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ |
ᠦᠨᠳᠦᠰᠦᠯᠡᠨ᠂ ᠲᠤᠰ ᠵᠦᠭᠯᠡᠭᠦᠷ ᠢ ᠲᠣᠭᠲᠠᠭᠠᠪᠠ᠃ |
ᠬᠤᠶᠠᠷ᠂ ᠭᠤᠣᠯ ᠠᠭᠤᠯᠭ᠎ᠠ |
ᠲᠣᠰ ᠵᠦᠭᠯᠡᠭᠦᠷ ᠨᠢ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠶᠢᠨ |
ᠭᠤᠶᠤᠴᠢᠯᠠᠭᠰᠠᠨ ᠲᠥᠷᠥᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠨᠡᠷᠡᠶᠢᠳᠦᠯ᠂ |
ᠲᠣᠭᠲᠠᠭᠠᠭᠰᠠᠨ ᠦᠨᠳᠦᠰᠦᠯᠡᠯ᠂ ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ᠂ ᠭᠤᠶᠤᠴᠢᠯᠠᠭᠰᠠᠨ ᠮᠠᠲ᠋ᠧᠷᠢᠶᠠᠯ᠂ |
ᠠᠵᠢᠯ ᠶᠠᠪᠤᠳᠠᠯ ᠭᠦᠶᠴᠡᠳᠬᠡᠬᠦ ᠴᠤᠪᠤᠷᠠᠯ ᠤᠨ ᠵᠢᠷᠤᠭ᠂ ᠬᠢᠨᠠᠨ ᠵᠥᠪᠰᠢᠶᠡᠷᠡᠬᠦ ᠲᠠᠰ ᠳᠠᠪᠬᠤᠷᠭ᠎ᠠ᠂ ᠬᠠᠤᠯᠢ ᠪᠠᠷ |
ᠲᠣᠭᠲᠠᠭᠠᠭᠰᠠᠨ ᠴᠠᠭ ᠤᠨ ᠬᠢᠵᠠᠭᠠᠷ ᠵᠡᠷᠭᠡ ᠶᠢ ᠡᠮᠬᠢᠯᠡᠨ ᠵᠢᠷᠤᠮᠵᠢᠭᠤᠯᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ |
ᠲᠦᠷᠢᠮ ᠲᠣᠭᠲᠠᠭᠠᠯ ᠢ ᠲᠣᠭᠲᠠᠭᠠᠬᠤ ᠥᠭᠡᠷᠡᠴᠢᠯᠡᠬᠦ ᠬᠦᠴᠦᠨ ᠥᠬᠡᠶ ᠪᠣᠯᠭᠠᠭᠰᠠᠨ ᠪᠠᠶᠢᠳᠠᠯ ᠤᠨ ᠶᠣᠰᠣᠭᠠᠷ᠂ ᠪᠥᠬᠦ |
ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠲᠠᠢ ᠬᠠᠷᠭᠤᠭᠤᠯᠵᠤ᠂ |
ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠶᠯᠡᠰ ᠢ ᠨᠡᠶᠢᠲᠡ 137 ᠵᠦᠶᠯ ᠣᠷᠤᠭᠤᠯᠵᠠᠢ᠃ |
ᠨᠠᠶᠢᠷᠠᠭᠤᠯᠤᠨ ᠵᠣᠬᠢᠶᠠᠭᠰᠠᠨ ᠬᠦᠷᠢᠶ᠎ᠡ ᠬᠡᠪᠴᠢᠶ᠎ᠡ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ |
ᠶᠢᠨ ᠬᠦᠷᠢᠶᠡᠨ ᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ |
ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠳᠠᠩᠰᠠᠯᠠᠯ᠂ ᠵᠠᠰᠠᠭ ᠵᠠᠬᠢᠷᠭᠠᠨ ᠤ |
ᠨᠤᠲᠠᠯᠠᠯᠲᠠ ᠪᠠ ᠪᠤᠰᠤᠳ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠠᠭᠲᠠᠭᠠᠨ᠎ᠠ᠃ |
ᠭᠤᠷᠪᠠ᠂ ᠠᠵᠢᠯ ᠤᠨ ᠦᠷ᠎ᠡ ᠪᠦᠲᠦᠮᠵᠢ |
︵ᠨᠢᠭᠡ︶ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ |
ᠵᠦᠶᠯᠡᠰ ᠤᠨ ᠡᠯ᠎ᠡ ᠬᠦᠴᠦᠨ ᠵᠦᠢᠯ ᠢ ᠨᠢᠭᠡᠳᠬᠡᠪᠡ᠃ ᠲᠤᠰ ᠵᠦᠭᠯᠡᠭᠦᠷ ᠲᠤ ᠵᠣᠩᠬᠢᠯᠠᠬᠤ ᠣᠯᠠᠨ ᠲᠣᠭᠠᠨ ᠤ |
ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠳᠡᠰ ᠤᠨ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠶᠤᠴᠢᠯᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ︵ᠲᠣᠭᠤᠷᠢᠭ ᠲᠠᠢ ᠬᠤᠲᠠ᠂ |
ᠥᠪᠡᠷᠲᠡᠭᠡᠨ ᠵᠠᠰᠠᠬᠤ ᠬᠤᠰᠢᠭᠤᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢᠶᠠᠷ ᠲᠣᠭᠲᠠᠭᠠᠭᠰᠠᠨ |
ᠵᠦᠢᠯ ᠪᠠᠭᠲᠠᠬᠤ ᠦᠭᠡᠶ︶ ᠢ ᠣᠷᠣᠭᠤᠯᠬᠤ ᠶᠢᠨ ᠬᠠᠮᠲᠤ ᠡᠯ᠎ᠡ ᠲᠥᠷᠥᠯ ᠤᠨ ᠬᠡᠷᠡᠭᠵᠢᠭᠦᠯᠬᠦ ᠬᠦᠴᠦᠨ ᠵᠦᠢᠯ ᠢ |
ᠬᠠᠤᠯᠢ ᠶᠣᠰᠣᠭᠠᠷ ᠴᠢᠩᠭ᠎ᠠ ᠲᠣᠭᠲᠠᠭᠠᠪᠠ᠃ ᠠᠵᠢᠯ ᠲᠥᠷᠥᠯ ᠤᠨ ᠬᠠᠮᠢᠶᠠᠷᠤᠯᠲᠠ ᠶᠢᠨ ᠲᠠᠯ᠎ᠠ ᠠᠴᠠ ᠡᠯ᠎ᠡ ᠭᠠᠵᠠᠷ |
ᠣᠷᠣᠨ ᠤ ᠠᠳᠠᠯᠢ ᠨᠢᠭᠡᠨ ᠵᠦᠶᠯᠡᠰ ᠢ ᠭᠦᠶᠴᠡᠳᠬᠡᠬᠦ ᠳᠤ ᠴᠢᠬᠤᠯᠠ ᠨᠥᠬᠦᠴᠡᠯ ᠨᠢ ᠠᠳᠠᠯᠢ ᠥᠬᠡᠶ᠂ ᠴᠠᠭ ᠤᠨ |
ᠬᠢᠵᠠᠭᠠᠷ ᠨᠢ ᠠᠳᠠᠯᠢ ᠥᠬᠡᠶ᠂ ᠴᠤᠪᠤᠷᠠᠯ ᠨᠢ ᠠᠳᠠᠯᠢ ᠥᠬᠡᠶ ᠵᠡᠷᠭᠡ ᠪᠠᠶᠢᠳᠠᠯ ᠢ ᠰᠢᠶᠳᠪᠦᠷᠢᠯᠡᠵᠦ᠂ ᠵᠠᠰᠠᠭ ᠵᠠᠬᠢᠷᠭᠠᠨ |
ᠤ ᠬᠠᠷᠢᠴᠠᠩᠭᠤᠶ ᠬᠥᠮᠦᠨ ᠳᠤ ᠨᠡᠶᠢᠳᠡᠮ ᠠᠰᠢᠭ ᠬᠦᠷᠲᠡᠭᠡᠬᠦ᠂ ᠡᠷᠬᠡ ᠲᠡᠭᠰᠢ ᠵᠠᠰᠠᠭ ᠤᠨ ᠶᠠᠪᠤᠳᠠᠯ ᠤᠨ |
ᠦᠶᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠬᠦᠷᠲᠡᠭᠡᠪᠡ᠃ |
︵ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠵᠠᠰᠠᠭ ᠵᠠᠬᠢᠷᠭᠠᠨ ᠤ ᠳᠠᠩᠰᠠᠯᠠᠭᠤᠯᠬᠤ |
ᠵᠦᠶᠯᠡᠰ ᠢ ᠠᠩᠬ᠎ᠠ ᠤᠳᠠᠭ᠎ᠠ ᠵᠢᠷᠤᠮᠵᠢᠭᠤᠯᠪᠠ᠃ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ |
ᠵᠠᠬᠢᠷᠭᠠᠨ ᠤ ᠳᠠᠩᠰᠠᠯᠠᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠪᠢᠴᠢᠭ |
ᠢᠶᠠᠷ ᠪᠠᠶᠢᠴᠠᠭᠠᠨ ᠰᠤᠳᠤᠯᠤᠯᠲᠠ ᠬᠢᠬᠦ ᠵᠢᠴᠢ ᠾᠧᠪᠧᠶ ᠮᠤᠵᠢ᠂ ᠵᠧᠵᠢᠶᠠᠩ ᠮᠤᠵᠢ ᠶᠢᠨ ᠵᠠᠮ ᠬᠠᠷᠢᠯᠴᠠᠭ᠎ᠠ |
ᠲᠡᠭᠡᠭᠡᠪᠦᠷᠢ ᠶᠢᠨ ᠲᠢᠩᠬᠢᠮ ᠤᠨ ᠪᠦᠬᠦ ᠤᠯᠤᠰ ᠤᠨ ᠵᠠᠰᠠᠭ ᠵᠠᠬᠢᠷᠭᠠᠨ ᠤ ᠳᠠᠩᠰᠠᠯᠠᠭᠤᠯᠬᠤ ᠥᠭᠡᠷᠡᠴᠢᠯᠡᠯᠲᠡ ᠶᠢᠨ |
ᠲᠤᠷᠰᠢᠯᠲᠠ ᠶᠢᠨ ᠴᠡᠭ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠢᠶᠠᠩᠬᠤᠸᠠ ᠪᠠᠷ ᠯᠠᠪᠯᠠᠨ |
ᠠᠰᠠᠭᠤᠬᠤ ᠪᠠᠷ ᠳᠠᠮᠵᠢᠨ᠂ ᠲᠤᠰ ᠵᠦᠭᠯᠡᠭᠦᠷ ᠲᠤ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ |
ᠵᠠᠬᠢᠷᠭᠠᠨ ᠤ ᠳᠠᠩᠰᠠᠯᠠᠭᠤᠯᠬᠤ ᠬᠡᠪᠴᠢᠶ᠎ᠡ᠂ ᠪᠠᠷᠢᠮᠵᠢᠶ᠎ᠠ᠂ ᠴᠤᠪᠤᠷᠠᠯ᠂ ᠴᠢᠬᠤᠯᠠ ᠨᠥᠬᠦᠴᠡᠯ ᠵᠡᠷᠭᠡ ᠵᠦᠢᠯᠡᠰ ᠢ |
ᠲᠣᠳᠣᠷᠬᠠᠶᠢᠯᠠᠵᠤ᠂ ᠳᠦᠷᠢᠮ ᠤᠨ ᠲᠠᠯ᠎ᠠ ᠠᠴᠠ ᠵᠠᠰᠠᠭ ᠵᠠᠬᠢᠷᠭᠠᠨ ᠤ ᠳᠠᠩᠰᠠᠯᠠᠭᠤᠯᠬᠤ ᠬᠢᠭᠡᠳ ᠵᠠᠰᠠᠭ ᠵᠠᠬᠢᠷᠭᠠᠨ ᠤ |
ᠵᠥᠪᠰᠢᠶᠡᠷᠡᠯ ᠤᠨ ᠵᠠᠭᠠᠭ ᠢ ᠴᠢᠩᠭ᠎ᠠ ᠵᠠᠭᠠᠭᠯᠠᠨ ᠲᠣᠭᠲᠠᠭᠠᠵᠤ᠂ ᠳᠠᠩᠰᠠᠯᠠᠭᠤᠯᠬᠤ ᠨᠡᠷ᠎ᠡ ᠪᠠᠷ ᠵᠠᠰᠠᠭ ᠵᠠᠬᠢᠷᠭᠠᠨ ᠤ |
ᠵᠥᠪᠰᠢᠶᠡᠷᠡᠯ ᠬᠢᠬᠦ ᠵᠢᠴᠢ ᠳᠠᠩᠰᠠᠯᠠᠭᠤᠯᠬᠤ ᠭᠤᠭᠴᠤᠭ᠎ᠠ᠂ ᠴᠢᠬᠤᠯᠠ ᠨᠥᠬᠦᠴᠡᠯ ᠬᠡᠳᠦ ᠠᠷᠪᠢᠨ ᠪᠠᠶᠢᠬᠤ ᠵᠡᠷᠭᠡ |
ᠪᠠᠶᠢᠳᠠᠯ ᠢ ᠡᠷᠡᠰ ᠬᠤᠷᠢᠭᠯᠠᠪᠠ᠃ |
︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠪᠠ ᠴᠢᠬᠤᠯᠠ ᠨᠥᠬᠦᠴᠡᠯ ᠢ |
ᠪᠦᠲᠦᠮᠵᠢᠲᠡᠢ ᠪᠠᠭᠠᠰᠬᠠᠪᠠ᠃ ᠲᠣᠰ ᠵᠦᠭᠯᠡᠭᠦᠷ ᠢ ᠲᠤᠭᠤᠷᠪᠢᠬᠤ ᠶᠠᠪᠤᠴᠠ ᠳᠤ᠂ ᠪᠢᠳᠡ ᠬᠠᠤᠯᠢ ᠴᠠᠭᠠᠵᠠ ᠪᠠ |
ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠠᠤᠯᠢ ᠴᠠᠭᠠᠵᠠ ᠬᠠᠤᠯᠢ ᠲᠣᠭᠲᠠᠭᠠᠯ ᠥᠬᠡᠶ ᠶᠢ |
ᠨᠢ ᠬᠠᠰᠤᠬᠤ ᠪᠠᠷ ᠦᠨᠳᠦᠰᠦᠯᠡᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠶᠯᠡᠰ ᠤᠨ ᠨᠠᠷᠢᠨ |
ᠳᠠᠩᠰᠠ ᠳᠤ ᠵᠢᠭᠰᠠᠭᠠᠨ ᠣᠷᠣᠭᠤᠯᠤᠭᠰᠠᠨ ᠥᠬᠡᠶ᠂ ᠵᠥᠪᠰᠢᠶᠡᠷᠡᠬᠦ ᠪᠠᠶᠢᠭᠤᠯᠭ᠎ᠠ ᠠᠴᠠ ᠲᠤᠭ᠎ᠠ ᠪᠠᠷᠢᠮᠲᠠ ᠶᠢ ᠬᠠᠮᠲᠤ |
ᠪᠠᠷ ᠡᠳ᠋ᠯᠡᠬᠦ᠂ ︽ᠦᠨᠡᠮᠯᠡᠯ ᠠᠪᠬᠤ ᠥᠬᠡᠶ ᠪᠠᠷ ᠭᠦᠶᠴᠡᠳᠬᠡᠬᠦ︾ ᠪᠠᠷ ᠳᠠᠮᠵᠢᠭᠤᠯᠤᠨ ᠲᠤᠭ᠎ᠠ ᠪᠠᠷᠢᠮᠲᠠ ᠶᠢᠨ 54 |
ᠴᠢᠬᠤᠯᠠ ᠨᠥᠬᠦᠴᠡᠯ ᠢ ᠣᠯᠵᠤ ᠪᠣᠯᠤᠨ᠎ᠠ᠃ 90% ᠶᠢᠨ ᠵᠠᠰᠠᠭ ᠵᠠᠬᠢᠷᠭᠠᠨ ᠤ ᠳᠠᠩᠰᠠᠯᠠᠬᠤ ᠶᠢ ᠳᠠᠷᠤᠶ |
ᠭᠦᠶᠴᠡᠳᠬᠡᠬᠦ ᠵᠦᠶᠯ ᠪᠣᠯᠭᠠᠨ ᠥᠭᠡᠷᠡᠴᠢᠯᠡᠵᠦ᠂ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ ᠶᠢ ᠪᠦᠲᠦᠮᠵᠢᠲᠡᠶ |
ᠪᠠᠭᠠᠰᠬᠠᠪᠠ᠃ |
ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠄ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠭᠤᠷᠪᠠᠨ |
ᠳᠡᠰ ᠤᠨ ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠠᠵᠢᠯ ᠶᠠᠪᠤᠳᠠᠯ |
ᠭᠦᠶᠴᠡᠳᠬᠡᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶ |