︽ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ |
ᠠᠵᠢᠯᠲᠠᠨ ᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠢᠩᠬᠢᠮ ᠤᠨ ᠵᠠᠬᠢᠳᠠᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠪᠢᠷ ᠤᠨ |
ᠰᠢᠯᠭᠠᠯᠲᠠ ᠶᠢᠨ ᠬᠢᠷᠢ ᠪᠦᠲᠦᠮᠵᠢ ᠵᠢᠴᠢ ᠨᠢᠭᠤᠷᠲᠠᠨ ᠰᠢᠯᠭᠠᠬᠤ ᠬᠠᠮᠢᠶ᠎ᠠ ᠪᠥᠬᠦᠶ ᠠᠵᠢᠯ ᠶᠠᠪᠤᠳᠠᠯ ᠢ ᠳᠣᠤᠷᠠᠬᠢ ᠮᠡᠲᠦ |
ᠵᠠᠷᠯᠠᠶ᠎ᠠ᠄ |
ᠨᠢᠭᠡ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ |
ᠰᠢᠯᠭᠠᠭᠤᠯᠤᠭᠴᠢ 10 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ http://www.bfrsks. |
com/third_login ᠳᠤ ᠭᠠᠷᠴᠤ ᠥᠪᠡᠷᠲᠡᠭᠡᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠵᠢᠴᠢ ᠨᠢᠭᠤᠷᠲᠠᠨ |
ᠰᠢᠯᠭᠠᠬᠤ ᠳᠤ ᠣᠷᠤᠭᠰᠠᠨ ᠡᠰᠡᠬᠦ ᠶᠢ ᠪᠠᠶᠢᠴᠠᠭᠠᠨ ᠯᠠᠪᠯᠠᠭᠠᠷᠠᠢ᠂ ᠲᠠᠩᠰᠠᠨ ᠨᠣᠮᠧᠷ ᠨᠢ ᠪᠡᠶ᠎ᠡ ᠶᠢᠨ ᠦᠨᠡᠮᠯᠡᠯ ᠤᠨ |
ᠨᠣᠮᠧᠷ᠂ ᠨᠢᠭᠤᠴᠠ ᠨᠣᠮᠧᠷ ᠨᠢ ᠪᠡᠶ᠎ᠡ ᠶᠢᠨ ᠦᠨᠡᠮᠯᠡᠯ ᠤᠨ ᠨᠣᠮᠧᠷ ᠤᠨ ᠠᠷᠤ ᠵᠢᠷᠭᠤᠭᠠᠨ ᠣᠷᠣᠨ ︵ᠬᠡᠷᠪᠡ ︽X︾ |
ᠦᠰᠦᠭ ᠲᠠᠢ ᠨᠢ ᠭᠠᠷᠴᠤ ᠳᠡᠶᠢᠯᠬᠦ ᠦᠭᠡᠢ ᠪᠣᠯ ᠶᠡᠭᠡ ᠪᠠᠭ᠎ᠠ ᠪᠢᠴᠢᠯᠭᠡ ᠶᠢ ᠰᠣᠯᠢᠭᠠᠷᠠᠢ︶ ᠪᠣᠯᠤᠨ᠎ᠠ᠃ |
ᠬᠤᠶᠠᠷ᠂ ᠨᠢᠭᠤᠷᠳᠠᠨ ᠰᠢᠯᠭᠠᠬᠤ |
ᠨᠢᠭᠤᠷᠲᠠᠨ ᠰᠢᠯᠭᠠᠬᠤ ᠴᠠᠭ ᠨᠢ 2024 ᠣᠨ ᠤ 10 ᠳ᠋ᠤᠭᠠᠷ ᠰᠠᠷ᠎ᠠ ᠶᠢᠨ 20 ᠤ ᠡᠳᠦᠷ ᠪᠠᠶᠢᠵᠤ᠂ ᠪᠣᠳᠠᠲᠠᠶ |
ᠨᠠᠷᠢᠨ ᠪᠠᠶᠢᠳᠠᠯ ᠢ ᠨᠢᠭᠤᠷᠲᠠᠨ ᠰᠢᠯᠭᠠᠬᠤ ᠵᠥᠪᠰᠢᠶᠡᠷᠡᠯ ᠤᠨ ᠦᠨᠡᠮᠯᠡᠯ ᠢ ᠦᠵᠡᠭᠡᠷᠡᠢ᠂ ᠨᠢᠭᠤᠷᠲᠠᠨ ᠰᠢᠯᠭᠠᠬᠤ |
ᠵᠥᠪᠰᠢᠶᠡᠷᠡᠯ ᠤᠨ ᠦᠨᠡᠮᠯᠡᠯ ᠳᠠᠷᠤᠮᠠᠯᠯᠠᠬᠤ ᠴᠠᠭ᠄ 2024 ᠣᠨ ᠤ 10 ᠳ᠋ᠤᠭᠠᠷ ᠰᠠᠷ᠎ᠠ ᠶᠢᠨ 16 ᠤ ᠡᠳᠦᠷ ᠤᠨ |
9᠄ 00 - 10 ᠳ᠋ᠤᠭᠠᠷ ᠰᠠᠷ᠎ᠠ ᠶᠢᠨ 20 ᠤ ᠡᠳᠦᠷ ᠤᠨ 7᠄ 00᠃ http://www.bfrsks. |
com/third_login ᠳᠤ ᠭᠠᠷᠴᠤ ᠥᠪᠡᠷᠲᠡᠭᠡᠨ ᠨᠢᠭᠤᠷᠳᠠᠨ ᠰᠢᠯᠭᠠᠬᠤ ᠵᠥᠪᠰᠢᠶᠡᠷᠡᠯ ᠤᠨ ᠦᠨᠡᠮᠯᠡᠯ ᠢ |
ᠳᠠᠷᠤᠮᠠᠯᠯᠠᠭᠠᠷᠠᠢ᠃ |
ᠭᠤᠷᠪᠠ᠂ ᠮᠡᠷᠭᠡᠵᠢᠯ ᠤᠨ ᠵᠥᠪᠯᠡᠯᠭᠡ ᠥᠭᠬᠦ |
ᠤᠲᠠᠰᠤ᠄ 0471 - 5186945 ︵ᠠᠵᠢᠯᠯᠠᠬᠤ ᠴᠠᠭ᠄ ᠦᠳᠡ ᠶᠢᠨ ᠡᠮᠦᠨ᠎ᠡ 8᠄ 30 - 12᠄ 00᠂ |
ᠦᠳᠡ ᠶᠢᠨ ᠬᠤᠶᠢᠨ᠎ᠠ 14᠄ 00-17᠄ 30︶ |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2024 ᠣᠨ ᠤ 10 ᠳ᠋ᠤᠭᠠᠷ ᠰᠠᠷ᠎ᠠ ᠶᠢᠨ 10 ᠤ ᠡᠳᠦᠷ |
|