︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ |
ᠬᠠᠷᠢᠭᠤᠴᠠᠯᠭᠠᠲᠠᠨ᠂ ᠲᠥᠷᠥᠯ ᠵᠦᠶᠯ ᠤᠨ ᠬᠠᠷᠢᠭᠤᠴᠠᠯᠭᠠᠲᠠᠨ ᠪᠠ ᠠᠶᠦᠯᠭᠦᠢ ᠦᠶᠯᠡᠳᠪᠦᠷᠢᠯᠡᠯ ᠤᠨ ᠬᠠᠮᠢᠶᠠᠷᠤᠯᠲᠠ |
ᠶᠢᠨ ᠲᠤᠰᠬᠠᠶ ᠠᠵᠢᠯᠲᠠᠨ ᠤ ᠠᠶᠦᠯᠭᠦᠢ ᠦᠶᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ |
︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2024 ᠣᠨ ᠤ 2 ᠳ᠋ᠤᠭᠠᠷ ᠲᠣᠭᠠᠲᠤ︶ ︵ᠳᠣᠷᠣᠭᠰᠢ |
︽ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠪᠠ ︽ᠵᠠᠮ ᠬᠠᠷᠢᠯᠴᠠᠭ᠎ᠠ ᠲᠡᠭᠡᠭᠡᠪᠦᠷᠢ |
ᠶᠢᠨ ᠶᠠᠮᠤᠨ ᠤ ᠠᠯᠪᠠᠨ ᠲᠢᠩᠬᠢᠮ ᠤᠨ ︿ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ |
ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠠᠶᠦᠯᠭᠦᠢ ᠦᠢᠯᠡᠳᠪᠦᠷᠢᠯᠡᠯ |
ᠤᠨ ᠬᠠᠮᠢᠶᠠᠷᠤᠯᠲᠠ ᠶᠢᠨ ᠲᠤᠰᠬᠠᠢ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ |
ᠶᠢᠨ ᠠᠷᠭ᠎ᠠ﹀ ᠶᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠠᠵᠢᠯ ᠤᠨ ᠮᠡᠳᠡᠭᠳᠡᠯ ︵ᠵᠠᠮ ᠬᠠᠷᠢᠯᠴᠠᠭ᠎ᠠ ᠲᠡᠭᠡᠭᠡᠪᠦᠷᠢ |
ᠶᠢᠨ ᠶᠠᠮᠤᠨ ᠤ ᠠᠯᠪᠠᠨ ᠲᠢᠩᠬᠢᠮ ᠤᠨ ᠠᠶᠦᠯᠭᠦᠢ ᠦᠢᠯᠡᠳᠪᠦᠷᠢᠯᠡᠯ ᠤᠨ ᠬᠢᠨᠠᠯᠲᠠ ᠲᠠᠯᠪᠢᠬᠤ ﹇2024﹈ 13 |
ᠳ᠋ᠤᠭᠠᠷ ᠲᠣᠭᠠᠲᠤ︶ ᠢ ᠦᠨᠳᠦᠰᠦᠯᠡᠵᠦ᠂ ᠮᠠᠨ ᠤ ᠲᠢᠩᠬᠢᠮ 2024 ᠣᠨ ᠤ ᠬᠤᠶᠠᠳᠤᠭᠠᠷ ᠪᠦᠯᠦᠭ ᠵᠠᠮ |
ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ |
ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠦᠶᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠶᠢ ᠥᠷᠨᠢᠭᠦᠯᠬᠦ ᠪᠠᠷ |
ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ |
ᠨᠢᠭᠡ᠂ ᠨᠡᠷ᠎ᠡ ᠮᠡᠳᠡᠭᠦᠯᠬᠦ ᠴᠠᠭ ᠵᠢᠴᠢ ᠠᠷᠭ᠎ᠠ ᠮᠠᠶ᠋ᠢᠭ |
ᠨᠡᠷ᠎ᠡ ᠮᠡᠳᠡᠭᠦᠯᠬᠦ ᠴᠠᠭ᠄ 2024 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠤᠨ 9᠄ 00 -11 ᠳ᠋ᠦ᠋ᠭᠡᠷ |
ᠰᠠᠷ᠎ᠠ ᠶᠢᠨ 9 ᠤ ᠡᠳᠦᠷ ᠤᠨ 17᠄ 00 |
ᠨᠡᠷ᠎ᠡ ᠮᠡᠳᠡᠭᠦᠯᠬᠦ ᠠᠷᠭ᠎ᠠ ᠮᠠᠶ᠋ᠢᠭ᠄ ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠠᠴᠠ |
ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠶᠦᠯᠭᠦᠢ ᠦᠶᠯᠡᠳᠪᠦᠷᠢᠯᠡᠯ ᠤᠨ |
ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠦᠶᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ |
︵ᠳᠣᠷᠣᠭᠰᠢ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠭᠡᠵᠦ ᠲᠣᠪᠴᠢᠯᠠᠨ᠎ᠠ︶ ᠢᠶᠠᠷ ᠳᠠᠮᠵᠢᠭᠤᠯᠤᠨ |
ᠨᠢᠭᠡᠳᠦᠯᠲᠡᠶ ᠨᠡᠷ᠎ᠡ ᠮᠡᠳᠡᠭᠦᠯᠦᠨ᠎ᠡ᠃ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠬᠠᠶ᠋ᠢᠭ᠄ |
http᠄ // nmg.safetyams.cn᠃ |
ᠬᠤᠶᠠᠷ᠂ ᠰᠢᠯᠭᠠᠯᠲᠠ ᠳᠤ ᠡᠷᠬᠡᠪᠰᠢ ᠮᠡᠳᠡᠬᠦ ᠵᠦᠢᠯ |
ᠰᠢᠯᠭᠠᠯᠲᠠ ᠶᠢᠨ ᠡᠳᠦᠷ ᠬᠤᠭᠤᠴᠠᠭ᠎ᠠ᠄ 2024 ᠣᠨ ᠤ 11 ᠳ᠋ᠦ᠋ᠭᠡᠷ ᠰᠠᠷ᠎ᠠ ᠶᠢᠨ ᠬᠤᠷᠢᠳ᠃ ᠪᠣᠳᠠᠲᠠᠶ |
ᠰᠢᠯᠭᠠᠬᠤ ᠴᠠᠭ ᠢ ᠬᠢᠨᠠᠨ ᠰᠢᠯᠭᠠᠬᠤ ᠬᠠᠮᠢᠶᠠᠷᠤᠯᠲᠠ ᠶᠢᠨ ᠰᠢᠰᠲ᠋ᠧᠮ ᠠᠴᠠ ᠳᠠᠷᠤᠮᠠᠯᠯᠠᠭᠰᠠᠨ ᠰᠢᠯᠭᠠᠭᠤᠯᠬᠤ ᠶᠢ |
ᠵᠥᠪᠰᠢᠶᠡᠷᠡᠭᠰᠡᠨ ᠭᠡᠷᠡᠴᠢ ᠪᠠᠷ ᠪᠠᠷᠢᠮᠵᠢᠶ᠎ᠠ ᠪᠣᠯᠭᠠᠨ᠎ᠠ ︵11 ᠳ᠋ᠦ᠋ᠭᠡᠷ ᠰᠠᠷ᠎ᠠ ᠶᠢᠨ 14 ᠤ ᠡᠳᠦᠷ ᠠᠴᠠ 11 ᠳ᠋ᠦ᠋ᠭᠡᠷ |
ᠰᠠᠷ᠎ᠠ ᠶᠢᠨ 18 ᠤ ᠡᠳᠦᠷ ᠪᠣᠯᠲᠠᠯ᠎ᠠ ᠳᠠᠷᠤᠮᠠᠯᠯᠠᠨ᠎ᠠ︶᠃ |
ᠰᠢᠯᠭᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ |
ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ︵ᠬᠥᠬᠡᠬᠤᠲᠠ ᠶᠢᠨ ᠰᠢᠨ᠎ᠡ |
ᠬᠤᠲᠠ ᠲᠣᠭᠤᠷᠢᠭ ᠤᠨ ᠬᠥᠯᠥᠨ ᠪᠣᠶᠢᠷ ᠬᠤᠶᠢᠲᠤ ᠵᠠᠮ ᠤᠨ 105 ᠳ᠋ᠤᠭᠠᠷ︶ ᠠᠯᠤᠰ ᠬᠢᠴᠢᠶᠡᠯ ᠤᠨ ᠬᠡᠷ᠃ |
ᠰᠢᠯᠭᠠᠯᠲᠠ ᠶᠢᠨ ᠴᠠᠭ᠄ 90 ᠮᠢᠨᠦ᠋ᠲ ︵ᠣᠯᠠᠨ ᠤᠳᠠᠭ᠎ᠠ ᠰᠡᠳᠦᠪ ᠬᠠᠷᠢᠭᠤᠯᠵᠤ ᠪᠣᠯᠤᠨ᠎ᠠ︶ ᠃ |
ᠬᠢᠷᠢ ᠪᠦᠲᠦᠮᠵᠢ ᠶᠢ ᠬᠢᠨᠠᠨ ᠲᠣᠭᠲᠠᠭᠠᠬᠤ᠄ ᠪᠦᠷᠢᠨ ᠬᠤᠪᠢ ᠨᠢ 100 ᠬᠤᠪᠢ᠂ 70 ᠬᠤᠪᠢ ᠵᠢᠴᠢ ᠲᠡᠭᠦᠨ |
ᠠᠴᠠ ᠳᠡᠭᠡᠭᠰᠢ ᠪᠣᠯ ᠬᠢᠷᠢ ᠲᠡᠩᠴᠡᠭᠰᠡᠨ ᠢᠶᠠᠷ ᠪᠤᠳᠤᠨ᠎ᠠ᠃ |
ᠭᠤᠷᠪᠠ᠂ ᠰᠢᠯᠭᠠᠯᠲᠠ ᠶᠢᠨ ᠠᠭᠤᠯᠭ᠎ᠠ |
ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ |
ᠪᠠᠷᠢᠯᠭ᠎ᠠ ᠪᠠᠷᠢᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠶᠯ ᠤᠨ ᠬᠠᠷᠢᠭᠤᠴᠠᠯᠭᠠᠲᠠᠨ ᠪᠣᠯᠤᠨ |
ᠠᠶᠦᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠠᠵᠢᠯᠲᠠᠨ ᠤ ᠠᠶᠦᠯᠭᠦᠢ ᠦᠶᠯᠡᠳᠪᠦᠷᠢᠯᠡᠯ ᠤᠨ |
ᠰᠢᠯᠭᠠᠯᠲᠠ ᠶᠢᠨ ᠬᠥᠲᠥᠯᠪᠦᠷᠢ︾ ︵ᠳᠠᠭᠠᠯᠳᠤᠭᠤᠯᠤᠯ ᠳᠤ ᠦᠵᠡ︶ ᠶᠢ ᠦᠨᠳᠦᠰᠦᠯᠡᠨ᠂ ᠭᠤᠤᠯ ᠰᠢᠯᠭᠠᠯᠲᠠ ᠶᠢᠨ |
ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠢᠮ ᠲᠣᠭᠲᠠᠭᠠᠯ ᠤᠨ ᠵᠢᠷᠤᠮᠵᠢᠯ᠂ ᠠᠶᠦᠯᠭᠦᠢ |
ᠦᠶᠯᠡᠳᠪᠦᠷᠢᠯᠡᠯ ᠤᠨ ᠬᠠᠮᠢᠶᠠᠷᠤᠯᠲᠠ᠂ ᠠᠶᠦᠯᠭᠦᠢ ᠦᠶᠯᠡᠳᠪᠦᠷᠢᠯᠡᠯ ᠤᠨ ᠮᠡᠷᠭᠡᠵᠢᠯ᠂ ᠶᠡᠷᠦᠩᠬᠡᠶᠢᠯᠡᠭᠰᠡᠨ ᠮᠡᠳᠡᠯᠭᠡ |
ᠪᠣᠯᠤᠨ ᠴᠢᠳᠠᠪᠤᠷᠢ ᠪᠣᠯᠤᠨ᠎ᠠ᠃ |
ᠳᠥᠷᠪᠡ᠂ ᠠᠩᠬᠠᠷᠬᠤ ᠵᠦᠢᠯ |
︵ᠨᠢᠭᠡ︶ ᠪᠠᠷᠢᠯᠭ᠎ᠠ ᠪᠠᠷᠢᠬᠤ ᠨᠢᠭᠡᠴᠢ ᠨᠡᠷ᠎ᠡ ᠮᠡᠳᠡᠭᠦᠯᠬᠦ ᠳᠤ ᠪᠠᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢ |
ᠬᠢᠨᠠᠮᠠᠭᠠᠶ ᠬᠠᠷᠭᠤᠭᠤᠯᠵᠤ᠂ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠰᠢᠯᠭᠠᠭᠤᠯᠬᠤ ᠶᠢ ᠵᠥᠪᠰᠢᠶᠡᠷᠡᠭᠰᠡᠨ |
ᠭᠡᠷᠡᠴᠢ ᠢᠶᠠᠨ ᠳᠠᠷᠤᠮᠠᠯᠯᠠᠬᠤ ᠶᠢᠨ ᠬᠠᠮᠲᠤ ᠲᠣᠰ ᠨᠢᠭᠡᠴᠢ ᠶᠢᠨ ᠢᠶᠠᠨ ᠰᠢᠯᠭᠠᠭᠤᠯᠤᠭᠴᠢ ᠳᠤ ᠮᠡᠳᠡᠭᠳᠡᠬᠦ ᠬᠡᠷᠡᠭᠲᠡᠶ᠃ |
ᠰᠢᠯᠭᠠᠭᠤᠯᠤᠭᠴᠢ ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠣᠭ ᠵᠦᠶᠯ᠂ ᠰᠢᠯᠭᠠᠭᠤᠯᠬᠤ ᠶᠢ ᠵᠥᠪᠰᠢᠶᠡᠷᠡᠭᠰᠡᠨ |
ᠭᠡᠷᠡᠴᠢ ᠢᠶᠠᠨ ᠠᠪᠴᠤ᠂ 30 ᠮᠢᠨᠦ᠋ᠲ ᠤᠷᠢᠳᠴᠢᠯᠠᠨ ᠰᠢᠯᠭᠠᠬᠤ ᠭᠠᠵᠠᠷ ᠲᠤ ᠬᠥᠷᠬᠦ ᠬᠡᠷᠡᠭᠲᠡᠶ᠃ |
︵ᠬᠤᠶᠠᠷ︶ ᠨᠡᠷ᠎ᠡ ᠪᠠᠨ ᠮᠡᠳᠡᠭᠦᠯᠵᠦ ᠳᠡᠶᠢᠯᠦᠭᠰᠡᠨ ᠪᠣᠯᠪᠠᠴᠤ ᠰᠢᠯᠭᠠᠯᠲᠠ ᠳᠤ ᠣᠷᠣᠯᠴᠠᠬᠤ ᠥᠬᠡᠶ |
ᠰᠢᠯᠭᠠᠭᠤᠯᠤᠭᠴᠢ ᠶᠢ ᠰᠢᠰᠲ᠋ᠧᠮ ᠨᠢ ᠰᠢᠯᠭᠠᠯᠲᠠ ᠳᠤ ᠣᠷᠣᠯᠴᠠᠭᠰᠠᠨ ᠦᠭᠡᠢ ᠪᠠᠷ ᠲᠡᠮᠳᠡᠭᠯᠡᠵᠦ᠂ ᠰᠢᠯᠲᠠᠭᠠᠨ |
ᠦᠭᠡᠢ ᠪᠠᠷ ᠰᠢᠯᠭᠠᠯᠲᠠ ᠳᠤ ᠣᠷᠣᠯᠴᠠᠭᠰᠠᠨ ᠦᠭᠡᠢ ᠲᠡᠮᠳᠡᠭᠯᠡᠯ ᠲᠠᠢ ᠰᠢᠯᠭᠠᠭᠤᠯᠤᠭᠴᠢ ᠳᠤ ᠳᠠᠷᠠᠭ᠎ᠠ ᠪᠦᠯᠦᠭ ᠤᠨ |
ᠰᠢᠯᠭᠠᠯᠲᠠ ᠶᠢ ᠲᠣᠬᠢᠷᠠᠭᠤᠯᠬᠤ ᠥᠬᠡᠶ᠃ ᠰᠢᠯᠭᠠᠯᠲᠠ ᠶᠢᠨ ᠳᠤᠮᠳᠠ ᠰᠠᠬᠢᠯᠭ᠎ᠠ ᠪᠠᠲᠤ ᠲᠦᠷᠢᠮ ᠲᠣᠭᠲᠠᠭᠠᠯ ᠢ |
ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠭ᠎ᠠ ᠰᠢᠯᠭᠠᠭᠤᠯᠤᠭᠴᠢ ᠶᠢ ᠪᠠᠶᠢᠴᠠᠭᠠᠨ ᠳᠣᠲᠣᠯᠠᠪᠠᠯ᠂ ᠲᠦᠷᠢᠮ |
ᠲᠣᠭᠲᠠᠭᠠᠯ ᠢᠶᠠᠷ ᠴᠢᠩᠭ᠎ᠠ ᠰᠢᠶᠳᠪᠦᠷᠢᠯᠡᠬᠦ ᠶᠢᠨ ᠬᠠᠮᠲᠤ ᠵᠠᠷᠯᠠᠨ ᠮᠡᠳᠡᠭᠳᠡᠨ᠎ᠡ᠃ |
︵ᠭᠤᠷᠪᠠ︶ ᠰᠢᠯᠭᠠᠭᠤᠯᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠤ ᠳᠠᠷᠠᠭ᠎ᠠ᠂ |
ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠨᠢ ᠰᠢᠯᠭᠠᠨ ᠬᠢᠨᠠᠬᠤ ᠬᠠᠮᠢᠶᠠᠷᠤᠯᠲᠠ ᠶᠢᠨ |
ᠰᠢᠰᠲ᠋ᠧᠮ ᠢᠶᠠᠷ ᠳᠠᠮᠵᠢᠭᠤᠯᠤᠨ ᠠᠶᠦᠯᠭᠦᠢ ᠦᠶᠯᠡᠳᠪᠦᠷᠢᠯᠡᠯ ᠤᠨ ᠰᠢᠯᠭᠠᠨ ᠬᠢᠨᠠᠬᠤ ᠶᠢ ᠭᠤᠶᠤᠴᠢᠯᠠᠵᠤ᠂ ︽ᠰᠢᠯᠭᠠᠨ |
ᠬᠢᠨᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠳᠤ ᠨᠡᠶᠢᠴᠡᠪᠡᠯ᠂ ᠠᠶᠦᠯᠬᠦᠢ ᠦᠶᠯᠡᠳᠪᠦᠷᠢᠯᠡᠯ ᠤᠨ |
ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠨᠡᠮᠯᠡᠯ ᠣᠯᠭᠤᠨ᠎ᠠ᠃ |
︵ᠳᠥᠷᠪᠡ︶ ᠰᠢᠯᠭᠠᠯᠲᠠ ᠨᠢ ᠺᠣᠮᠫᠢᠦ᠋ᠲ᠋ᠧᠷ ᠢ ᠬᠡᠷᠡᠭᠯᠡᠨ ᠰᠦᠯᠵᠢᠶ᠎ᠡ ᠪᠠᠷ ᠰᠡᠳᠦᠪ ᠬᠠᠷᠢᠭᠤᠯᠬᠤ ᠬᠡᠯᠪᠡᠷᠢ ᠶᠢ |
ᠠᠪᠤᠭᠰᠠᠨ ᠠᠴᠠ ᠪᠣᠯᠵᠤ᠂ ᠰᠢᠯᠭᠠᠯᠲᠠ ᠶᠢᠨ ᠶᠠᠪᠤᠴᠠ ᠳᠤ ᠬᠡᠷᠪᠡ ᠰᠢᠰᠲ᠋ᠧᠮ ᠤᠨ ᠰᠠᠭᠠᠳ ᠭᠠᠷᠬᠤ᠂ ᠴᠠᠬᠢᠯᠭᠠᠨ |
ᠲᠠᠰᠤᠷᠠᠬᠤ ᠵᠡᠷᠭᠡ ᠪᠤᠰᠤᠳᠴᠢ ᠬᠤᠷᠢᠭᠯᠠᠭᠳᠠᠰᠢ ᠦᠭᠡᠶ ᠬᠦᠴᠦᠨ ᠵᠦᠢᠯ ᠭᠠᠷᠪᠠᠯ᠂ ᠠᠵᠢᠯᠲᠠᠨ ᠤ |
ᠲᠣᠬᠢᠷᠠᠭᠤᠯᠤᠭᠰᠠᠨ ᠶᠣᠰᠣᠭᠠᠷ ᠰᠢᠶᠳᠪᠦᠷᠢᠯᠡᠨ᠎ᠡ᠃ |
︵ᠲᠠᠪᠤ︶ ᠰᠢᠯᠭᠠᠯᠲᠠ ᠳᠤ ᠰᠦᠢᠳᠬᠡᠯ ᠬᠤᠷᠢᠶᠠᠬᠤ ᠦᠭᠡᠶ᠂ ᠪᠣᠯᠪᠠᠰᠤᠷᠠᠯ ᠢ ᠵᠣᠬᠢᠶᠠᠨ ᠪᠠᠶᠢᠭᠤᠯᠬᠤ ᠦᠭᠡᠶ᠂ |
ᠶᠠᠮᠠᠷ ᠴᠦ ᠰᠢᠯᠭᠠᠯᠲᠠ ᠳᠤ ᠬᠡᠷᠡᠭᠯᠡᠬᠦ ᠨᠣᠮ ᠪᠢᠴᠢᠭ ᠢ ᠵᠢᠭᠠᠨ ᠲᠣᠭᠲᠠᠭᠠᠬᠤ ᠦᠭᠡᠶ᠃ |
ᠲᠠᠪᠤ᠂ ᠬᠠᠷᠢᠯᠴᠠᠬᠤ ᠠᠷᠭ᠎ᠠ ᠮᠠᠶ᠋ᠢᠭ |
ᠬᠠᠷᠢᠯᠴᠠᠬᠤ ᠬᠥᠮᠦᠨ᠄ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ |
ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠯᠢᠦ ᠰᠢᠶᠤᠤ ᠯᠸᠢ |
ᠬᠠᠷᠢᠯᠴᠠᠬᠤ ᠤᠲᠠᠰᠤ᠄ 0471 - 6551886 |
|
ᠳᠠᠭᠠᠯᠳᠤᠭᠤᠯᠤᠯ᠄ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ |
ᠭᠤᠤᠯ ᠬᠠᠷᠢᠭᠤᠴᠠᠯᠭᠠᠲᠠᠨ᠂ ᠲᠥᠷᠥᠯ ᠵᠦᠶᠯ ᠤᠨ ᠬᠠᠷᠢᠭᠤᠴᠠᠯᠭᠠᠲᠠᠨ ᠪᠣᠯᠤᠨ ᠠᠶᠦᠯᠭᠦᠢ ᠦᠶᠯᠡᠳᠪᠦᠷᠢᠯᠡᠯ ᠤᠨ |
ᠬᠠᠮᠢᠶᠠᠷᠤᠯᠲᠠ ᠶᠢᠨ ᠲᠤᠰᠬᠠᠶ ᠠᠵᠢᠯᠲᠠᠨ ᠤ ᠠᠶᠦᠯᠭᠦᠢ ᠦᠶᠯᠡᠳᠪᠦᠷᠢᠯᠡᠯ ᠤᠨ ᠰᠢᠯᠭᠠᠯᠲᠠ ᠶᠢᠨ ᠬᠥᠲᠥᠯᠪᠦᠷᠢ |
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2024 ᠣᠨ ᠤ 10 ᠳ᠋ᠤᠭᠠᠷ ᠰᠠᠷ᠎ᠠ ᠶᠢᠨ 28 ᠤ ᠡᠳᠦᠷ |