| ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ |
ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ 2021 ᠣᠨ ᠳᠤ ︽ᠵᠠᠰᠠᠮᠠᠯ ᠵᠠᠮ ᠠᠷᠠᠴᠢᠯᠠᠨ ᠬᠠᠮᠠᠭᠠᠯᠠᠬᠤ |
ᠠᠵᠢᠯ ᠤᠨ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ |
ᠶᠠᠮᠤᠨ ᠤ ᠵᠠᠷᠯᠢᠭ 2021 ᠣᠨ ᠤ 22 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ᠵᠠᠰᠠᠮᠠᠯ ᠵᠠᠮ |
ᠠᠷᠠᠴᠢᠯᠠᠨ ᠬᠠᠮᠠᠭᠠᠯᠠᠬᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠵᠢᠯᠣᠭᠤᠳᠤᠨ ᠵᠢᠷᠤᠮᠵᠢᠭᠤᠯᠪᠠ᠃ ᠡᠭᠦᠨ ᠤ ᠬᠠᠮᠲᠤ᠂ |
ᠡᠯ᠎ᠡ ᠮᠤᠵᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ |
ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ |
ᠪᠣᠳᠣᠯᠭ᠎ᠠ ᠶᠢ ᠲᠣᠭᠲᠠᠭᠠᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠮᠠᠨ ᠤ |
ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ 2021 ᠣᠨ ᠤ ᠡᠴᠦᠰ ᠲᠤ ︽ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠤᠨ |
ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠭᠦᠯᠬᠦ |
ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠤᠷᠰᠢᠨ ᠬᠡᠷᠡᠭᠵᠢᠭᠦᠯᠬᠦ |
ᠬᠤᠭᠤᠴᠠᠭ᠎ᠠ ᠨᠢ 2 ᠵᠢᠯ᠂ ᠡᠨᠡ ᠵᠢᠯ ᠬᠤᠭᠤᠴᠠᠭ᠎ᠠ ᠨᠢ ᠲᠤᠯᠪᠠ᠃ ᠮᠠᠨ ᠤ ᠣᠷᠣᠨ ᠤ ᠵᠠᠰᠠᠮᠠᠯ ᠵᠠᠮ ᠠᠷᠠᠴᠢᠯᠠᠨ |
ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠭᠡᠮ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ |
ᠴᠢᠩᠭᠠᠳᠬᠠᠬᠤ ᠶᠢᠨ ᠲᠤᠰᠠᠳᠠ᠂ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ︽ᠬᠡᠷᠡᠭᠵᠢᠭᠦᠯᠬᠦ ᠨᠠᠷᠢᠨ |
ᠳᠦᠷᠢᠮ︾ ᠳᠤ ᠵᠠᠰᠠᠪᠤᠷᠢ ᠣᠷᠣᠭᠤᠯᠪᠠ᠃ |
ᠬᠤᠶᠠᠷ᠂ ᠵᠠᠰᠠᠪᠤᠷᠢ ᠣᠷᠣᠭᠤᠯᠤᠭᠰᠠᠨ ᠭᠤᠤᠯ ᠦᠨᠳᠦᠰᠦᠯᠡᠯ |
︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ |
︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ |
︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ |
ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ |
ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ |
ᠭᠤᠷᠪᠠ᠂ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ |
ᠲᠣᠰ ᠤᠳᠠᠭ᠎ᠠ ᠶᠢᠨ ᠵᠠᠰᠠᠪᠤᠷᠢ ᠣᠷᠣᠭᠤᠯᠤᠭᠰᠠᠨ ᠳᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ |
ᠨᠢᠭᠡᠴᠢ ᠶᠢᠨ ᠬᠢᠷᠢ ᠬᠡᠮ ᠤᠨ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ᠂ ᠬᠦᠴᠦᠨ ᠥᠬᠡᠶ |
ᠪᠣᠯᠭᠠᠬᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠠᠭᠤᠯᠭ᠎ᠠ ᠶᠢ ᠨᠡᠮᠡᠵᠦ᠂ ᠵᠥᠪᠰᠢᠶᠡᠷᠡᠯ ᠥᠬᠡᠶ |
ᠵᠢᠴᠢ ᠵᠥᠪᠰᠢᠶᠡᠷᠡᠯ ᠢ ᠬᠦᠴᠦᠨ ᠥᠬᠡᠶ ᠪᠣᠯᠭᠠᠬᠤ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠡᠭᠡᠭᠰᠡᠨ |
ᠦᠨᠡᠮᠯᠡᠯ ᠢ ᠨᠥᠬᠦᠵᠦ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠪᠡ᠃ |
ᠳᠥᠷᠪᠡ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠭᠤᠣᠯ ᠬᠡᠰᠡᠭ |
ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠡᠷᠡᠭᠵᠢᠭᠦᠯᠬᠦ ᠨᠠᠷᠢᠨ ᠲᠦᠷᠢᠮ︾ ᠳᠤ ᠶᠡᠷᠦᠩᠬᠡᠶ ᠲᠦᠷᠢᠮ᠂ ᠬᠢᠷᠢ |
ᠬᠡᠮ ᠤᠨ ᠠᠩᠭᠢᠯᠠᠯ ᠬᠢᠭᠡᠳ ᠨᠥᠬᠦᠴᠡᠯ᠂ ᠬᠢᠷᠢ ᠬᠡᠮ ᠤᠨ ᠭᠤᠶᠤᠴᠢᠯᠠᠯ ᠪᠠ ᠵᠦᠪᠰᠢᠶᠡᠷᠡᠯ᠂ ᠦᠷᠭᠦᠯᠵᠢᠯᠡᠭᠦᠯᠬᠦ |
ᠲᠥᠷᠥᠯ ᠵᠦᠢᠯ ᠨᠡᠮᠡᠬᠦ ᠬᠢᠭᠡᠳ ᠬᠤᠪᠢᠷᠠᠭᠤᠯᠬᠤ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠯ ᠳᠦᠷᠢᠮ ᠵᠡᠷᠭᠡ 6 |
ᠪᠦᠯᠦᠭ ᠨᠡᠶᠢᠲᠡ 27 ᠵᠦᠢᠯ ᠪᠠᠭᠲᠠᠨ᠎ᠠ᠂ ᠭᠤᠤᠯ ᠠᠭᠤᠯᠭ᠎ᠠ ᠨᠢ ᠳᠣᠤᠷᠠᠬᠢ ᠮᠡᠲᠦ᠄ |
ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠡᠶᠢᠲᠡ 4 ᠵᠦᠢᠯ᠃ ᠭᠤᠤᠯᠳᠠᠭᠤ ᠬᠠᠤᠯᠢ ᠴᠠᠭᠠᠵᠠ ᠶᠢᠨ |
ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠦᠨᠳᠦᠰᠦᠨ |
ᠵᠠᠷᠴᠢᠮ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ |
ᠬᠤᠶᠠᠳᠤᠭᠠᠷ ᠪᠦᠯᠦᠭ ᠨᠢ ᠬᠢᠷᠢ ᠬᠡᠮ ᠤᠨ ᠬᠤᠪᠢᠶᠠᠷᠢᠯᠠᠯ ᠬᠢᠭᠡᠳ ᠨᠥᠬᠦᠴᠡᠯ᠂ ᠨᠡᠶᠢᠲᠡ 8 ᠵᠦᠢᠯ᠃ |
ᠭᠤᠣᠯᠳᠠᠭᠤ ᠡᠯ᠎ᠡ ᠲᠥᠷᠥᠯ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠬᠢᠷᠢ ᠬᠡᠮ ᠢ ᠭᠤᠶᠤᠴᠢᠯᠠᠬᠤ |
ᠠᠵᠤ ᠠᠬᠤᠶᠢᠯᠠᠯ ᠤᠨ ᠠᠵᠢᠯᠲᠠᠨ ᠂ ᠲᠣᠨᠤᠭ ᠲᠥᠬᠦᠭᠡᠷᠦᠮᠵᠢ᠂ ᠠᠵᠢᠯ ᠤᠨ ᠠᠮᠵᠢᠯᠲᠠ ᠵᠡᠷᠭᠡ ᠦᠨᠳᠦᠰᠦᠨ |
ᠨᠥᠬᠦᠴᠡᠯ ᠤᠨ ᠱᠠᠭᠠᠷᠳᠠᠯᠭ᠎ᠠ ᠶᠢ ᠲᠣᠭᠲᠠᠭᠠᠪᠠ᠃ |
ᠭᠤᠷᠪᠠᠳᠤᠭᠠᠷ ᠪᠦᠯᠦᠭ ᠨᠢ ᠬᠢᠷᠢ ᠬᠡᠮ ᠤᠨ ᠭᠤᠶᠤᠴᠢᠯᠠᠯ ᠪᠠ ᠵᠦᠪᠰᠢᠶᠡᠷᠡᠯ᠂ ᠨᠡᠶᠢᠲᠡ 6 ᠵᠦᠢᠯ᠃ |
ᠭᠤᠤᠯᠳᠠᠭᠤ ᠵᠦᠪᠰᠢᠶᠡᠷᠡᠯ ᠢ ᠬᠢᠨᠠᠨ ᠵᠦᠪᠰᠢᠶᠡᠷᠡᠬᠦ ᠲᠠᠰ ᠳᠠᠷᠠᠭᠠᠯᠠᠯ᠂ ᠭᠤᠶᠤᠴᠢᠯᠠᠬᠤ ᠮᠠᠲ᠋ᠧᠷᠢᠶᠠᠯ᠂ ᠢᠯᠡ ᠪᠣᠯᠭᠠᠬᠤ |
ᠲᠦᠷᠢᠮ᠂ ᠵᠥᠪᠰᠢᠶᠡᠷᠡᠬᠦ ᠴᠠᠭ ᠤᠨ ᠬᠢᠵᠠᠭᠠᠷ᠂ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠵᠡᠷᠭᠡ ᠬᠠᠮᠢᠶ᠎ᠠ ᠪᠥᠬᠦᠶ |
ᠱᠠᠭᠠᠷᠳᠠᠯᠭ᠎ᠠ ᠶᠢ ᠲᠣᠭᠲᠠᠭᠠᠪᠠ᠃ |
ᠳᠥᠷᠪᠡᠳᠦᠭᠡᠷ ᠪᠦᠯᠦᠭ ᠨᠢ ᠦᠷᠭᠦᠯᠵᠢᠯᠡᠭᠦᠯᠬᠦ᠂ ᠲᠥᠷᠥᠯ ᠵᠦᠢᠯ ᠨᠡᠮᠡᠬᠦ ᠪᠠ ᠬᠤᠪᠢᠷᠠᠭᠤᠯᠬᠤ᠂ ᠨᠡᠶᠢᠲᠡ 3 |
ᠵᠦᠢᠯ᠃ ᠭᠤᠤᠯᠳᠠᠭᠤ ᠠᠵᠤ ᠠᠬᠤᠶᠢᠯᠠᠯ ᠤᠨ ᠬᠢᠷᠢ ᠬᠡᠮ ᠢ ᠦᠷᠭᠦᠯᠵᠢᠯᠡᠭᠦᠯᠬᠦ᠂ ᠲᠠᠰ ᠳᠡᠪᠰᠢᠭᠦᠯᠬᠦ᠂ ᠲᠥᠷᠥᠯ |
ᠵᠦᠢᠯ ᠨᠡᠮᠡᠬᠦ᠂ ᠬᠤᠪᠢᠷᠠᠭᠤᠯᠬᠤ᠂ ᠨᠡᠶᠢᠯᠡᠭᠦᠯᠵᠦ ᠰᠠᠯᠭᠠᠬᠤ᠂ ᠭᠡᠭᠡᠭᠰᠡᠨ ᠢ ᠨᠥᠬᠦᠵᠦ ᠭᠦᠢᠴᠡᠳᠬᠡᠬᠦ ᠵᠡᠷᠭᠡ ᠬᠠᠮᠢᠶ᠎ᠠ |
ᠪᠥᠬᠦᠶ ᠵᠦᠢᠯᠡᠰ ᠵᠢᠴᠢ ᠱᠠᠭᠠᠷᠳᠠᠯᠭ᠎ᠠ ᠶᠢ ᠲᠣᠭᠲᠠᠭᠠᠪᠠ᠃ |
ᠲᠠᠪᠤᠳᠤᠭᠠᠷ ᠪᠦᠯᠦᠭ ᠨᠢ ᠬᠢᠨᠠᠯᠲᠠ ᠬᠠᠮᠢᠶᠠᠷᠤᠯᠲᠠ᠂ ᠨᠡᠶᠢᠲᠡ 5 ᠵᠦᠢᠯ᠃ ᠭᠤᠣᠯᠳᠠᠭᠤ ᠬᠢᠨᠠᠯᠲᠠ ᠲᠠᠯᠪᠢᠵᠤ |
ᠪᠠᠶᠢᠴᠠᠭᠠᠬᠤ ᠠᠷᠭ᠎ᠠ ᠮᠠᠶ᠋ᠢᠭ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠭᠲᠠᠭᠠᠭᠰᠠᠨ ᠪᠥᠭᠡᠳ ᠬᠠᠤᠯᠢ ᠶᠢ |
ᠵᠥᠷᠢᠴᠡᠭᠰᠡᠨ ᠪᠠᠶᠢᠳᠠᠯ ᠢ ᠰᠢᠢᠳᠪᠦᠷᠢᠯᠡᠬᠦ ᠪᠠ ᠢᠲᠡᠭᠡᠮᠵᠢ ᠶᠢᠨ ᠬᠠᠮᠢᠶᠠᠷᠤᠯᠲᠠ ᠵᠡᠷᠭᠡ ᠵᠦᠢᠯᠡᠰ ᠢ ᠲᠣᠳᠣᠷᠬᠠᠶᠢᠯᠠᠪᠠ᠃ |
ᠵᠢᠷᠭᠤᠳᠤᠭᠠᠷ ᠪᠦᠯᠦᠭ ᠨᠢ ᠳᠠᠭᠠᠯᠳᠤᠭᠤᠯᠤᠯ ᠳᠦᠷᠢᠮ᠂ ᠨᠡᠶᠢᠲᠡ 1 ᠵᠦᠢᠯ᠃ ᠭᠤᠣᠯᠳᠠᠭᠤ ᠲᠠᠶᠢᠯᠪᠤᠷᠢᠯᠠᠬᠤ |
ᠨᠢᠭᠡᠴᠢ ᠪᠣᠯᠤᠨ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ ᠵᠦᠢᠯᠡᠰ ᠢ ᠲᠣᠭᠲᠠᠭᠠᠪᠠ᠃ |