ᠥᠪᠥᠷ ᠮᠣᠩᠭᠤᠯ ᠤᠨ ᠲᠣᠭᠠᠴᠢᠯᠠᠭᠰᠠᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ |
ᠵᠡᠷᠭᠡ15 ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠤᠨ |
ᠲᠤᠬᠠᠶ ᠥᠪᠥᠷᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠢᠩᠬᠢᠮ ᠤᠨ ᠠᠯᠪᠠᠨ ᠵᠠᠷᠯᠠᠯ |
|
ᠨᠡᠶᠢᠭᠡᠮ ᠨᠡᠶᠢᠲᠡ ᠳᠤ᠄ |
︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾᠂ ︽ᠪᠠᠷᠢᠯᠭ᠎ᠠ ᠶᠢᠨ |
ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾᠂ ︽ᠪᠠᠷᠢᠯᠭ᠎ᠠ ᠶᠢᠨ |
ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ |
ᠪᠠᠷᠢᠮᠵᠢᠶ᠎ᠠ ᠶᠢᠨ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ |
ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ |
ᠪᠠᠶᠢᠭᠤᠯᠤᠯᠲᠠ ᠶᠢᠨ ᠲᠢᠩᠬᠢᠮ ᠢ ᠬᠠᠮᠵᠢᠨ ᠵᠠᠰᠠᠮᠠᠯ ᠵᠠᠮ ᠤᠨ ᠪᠠᠷᠢᠯᠭ᠎ᠠ ᠶᠢᠨ ᠬᠠᠮᠢᠶ᠎ᠠ ᠪᠥᠬᠦᠶ ᠬᠢᠷᠢ ᠬᠡᠮ ᠤᠨ |
ᠭᠤᠶᠤᠴᠢᠯᠠᠨ ᠮᠡᠳᠡᠭᠦᠯᠬᠦ ᠮᠠᠲ᠋ᠧᠷᠢᠶᠠᠯ ᠳᠤ ᠠᠵᠢᠯ ᠲᠥᠷᠥᠯ ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ |
ᠮᠣᠩᠭᠤᠯ ᠤᠨ ᠲᠣᠭᠠᠴᠢᠯᠠᠭᠰᠠᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 15 |
ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ |
ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃ |
ᠵᠠᠷᠯᠠᠨ ᠨᠡᠶᠢᠲᠡᠯᠡᠬᠦ ᠴᠠᠭ ᠨᠢ 2024 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ ᠠᠴᠠ 2024 ᠣᠨ ᠤ 11 |
ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ ᠶᠠᠪᠤᠭᠳᠠᠨ᠎ᠠ᠃ |
ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ |
ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ |
ᠪᠢᠴᠢᠭ ᠤᠨ ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠂ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ |
ᠰᠢᠢᠳᠪᠦᠷᠢᠯᠡᠬᠦ ᠦᠭᠡᠶ ︵ᠰᠢᠦᠳᠠᠨ ᠢᠶᠠᠷ ᠢᠯᠡᠭᠡᠬᠦ ᠮᠠᠲ᠋ᠧᠷᠢᠶᠠᠯ ᠨᠢ ᠰᠢᠦᠳᠠᠨ ᠤ ᠲᠠᠮᠠᠭ᠎ᠠ ᠶᠢᠨ ᠡᠳᠦᠷ |
ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠃ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ |
ᠲᠥᠯᠥᠭᠡ᠂ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ |
ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢ ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ |
ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ |
ᠭᠠᠷ ᠤᠨ ᠥᠰᠥᠭ ᠵᠢᠷᠤᠬᠤ ᠬᠡᠷᠡᠭᠲᠡᠶ᠃ |
ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ |
ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ |
ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020 |
ᠬᠠᠷᠢᠯᠴᠠᠬᠤ ᠬᠥᠮᠥᠨ᠄ ᠸᠠᠩ ᠹᠠᠩ ᠶᠠᠩ ᠯᠢ ᠱᠢ |
ᠬᠠᠷᠢᠯᠴᠠᠬᠤ ᠤᠲᠠᠰᠤ᠄ 0471 - 6969040 |
ᠢᠮᠧᠯ᠄ nmgjtjsc@126.com᠃ |
|
ᠳᠠᠭᠠᠯᠳᠤᠭᠤᠯᠤᠯ᠄ᠵᠠᠰᠠᠮᠠᠯ ᠵᠠᠮ ᠤᠨ ᠪᠠᠷᠢᠯᠭ᠎ᠠ ᠶᠢᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠬᠢᠷᠢ ᠬᠡᠮ ᠤᠨ |
ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ᠂ xls |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2024 ᠣᠨ ᠤ 11 ᠳ᠋ᠦ᠋ᠭᠡᠷ ᠰᠠᠷ᠎ᠠ ᠶᠢᠨ 11 ᠤ ᠡᠳᠦᠷ |
|