︽︿ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ |
ᠬᠠᠮᠢᠶᠠᠷᠤᠯᠲᠠ ᠶᠢᠨ ᠲᠣᠭᠲᠠᠭᠠᠯ﹀︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ |
17 ᠳ᠋ᠤᠭᠠᠷ ᠲᠣᠭᠠᠲᠤ︶ ᠤᠨ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ᠵᠠᠮ ᠤᠨ |
ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠬᠢᠬᠦ ᠪᠠᠷ ᠭᠤᠶᠤᠴᠢᠯᠠᠬᠤ ᠳᠤ᠂ ᠳᠣᠣᠷᠠᠬᠢ ᠮᠠᠲ᠋ᠧᠷᠢᠶᠠᠯ ᠤᠳ ᠢ |
ᠬᠠᠩᠭᠠᠬᠤ ᠬᠡᠷᠡᠭᠲᠡᠢ᠄ ︵ᠨᠢᠭᠡ︶ ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠭᠤᠶᠤᠴᠢᠯᠠᠯ ᠤᠨ |
ᠬᠦᠰᠦᠨᠦᠭᠲᠦ︾ ︵ᠳᠠᠭᠠᠯᠳᠤᠭᠤᠯᠤᠯ 1 ᠶᠢ ᠦᠵᠡ︶︔ ︵ᠬᠤᠶᠠᠷ︶ ᠠᠵᠤ ᠠᠬᠤᠶᠢᠯᠠᠯ ᠤᠨ ᠬᠠᠤᠯᠢ ᠶᠣᠰᠤᠨ ᠤ |
ᠲᠥᠯᠥᠭᠡᠯᠡᠭᠴᠢ ᠪᠤᠶᠤ ᠬᠤᠪᠢ ᠶᠢᠨ ᠡᠵᠡᠩᠨᠡᠭᠴᠢ ᠶᠢᠨ ᠪᠡᠶ᠎ᠡ ᠶᠢᠨ ᠦᠨᠡᠮᠯᠡᠯ᠂ ᠭᠠᠷᠳᠡᠠ ᠭᠦᠢᠴᠡᠳᠭᠡᠭᠴᠢ ᠶᠢᠨ |
ᠪᠡᠶ᠎ᠡ ᠶᠢᠨ ᠦᠨᠡᠮᠯᠡᠯ ᠪᠠ ᠨᠠᠶᠢᠳᠠᠯᠭ᠎ᠠ ᠶᠢᠨ ᠪᠢᠴᠢᠭ︔ ︵ᠭᠤᠷᠪᠠ︶ ᠠᠶᠤᠯᠭᠦᠢ ᠦᠢᠯᠡᠳᠪᠦᠷᠢᠯᠡᠯ ᠤᠨ |
ᠬᠠᠮᠢᠶᠠᠷᠤᠯᠲᠠ ᠶᠢᠨ ᠳᠦᠷᠢᠮ ᠤᠨ ᠲᠣᠪᠬᠢᠮᠠᠯ︔ ︵ᠳᠥᠷᠪᠡ︶ ᠣᠷᠣᠭᠤᠯᠬᠤ ᠪᠠᠷ ᠪᠠᠶᠢᠭ᠎ᠠ ᠲᠡᠷᠭᠡ ᠬᠥᠰᠬᠡ ᠪᠠ |
ᠤᠷᠢᠵᠤ ᠬᠡᠷᠡᠭᠯᠡᠬᠦ ᠵᠢᠯᠣᠭᠤᠴᠢ ᠶᠢᠨ ᠠᠮᠠᠯᠠᠯᠲᠠ᠂ ᠡᠭᠦᠨ ᠳᠤ ᠠᠶᠠᠨᠴᠢᠳ ᠤᠨ ᠲᠡᠷᠭᠡ ᠶᠢᠨ ᠲᠤᠭ᠎ᠠ ᠬᠡᠮᠵᠢᠶ᠎ᠡ᠂ |
ᠲᠥᠷᠥᠯ ᠵᠦᠢᠯ ᠤᠨ ᠵᠡᠷᠭᠡ ᠳᠡᠰ᠂ ᠮᠡᠷᠭᠡᠵᠢᠯ ᠤᠨ ᠵᠡᠷᠭᠡ ᠳᠡᠰ᠂ ᠤᠷᠢᠵᠤ ᠬᠡᠷᠡᠭᠯᠡᠭᠰᠡᠨ ᠵᠢᠯᠣᠭᠤᠴᠢ ᠨᠢ ᠠᠵᠢᠯ |
ᠡᠷᠬᠢᠯᠡᠬᠦ ᠬᠢᠷᠢ ᠬᠡᠮ ᠲᠠᠢ ᠪᠠᠶᠢᠬᠤ ᠪᠠᠭᠲᠠᠨ᠎ᠠ᠃ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ |
ᠱᠤᠭᠤᠮ ᠤᠨ ᠡᠵᠡᠩᠨᠡᠯᠲᠡ ᠶᠢ ᠭᠤᠶᠤᠴᠢᠯᠠᠬᠤ ᠳᠤ᠂ ᠪᠠᠰᠠ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ |
︵ᠨᠢᠭᠡ︶ ︽ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠯᠲᠡ ᠶᠢᠨ |
ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 2 ᠢ ᠦᠵᠡ︶︔ ︵ᠬᠤᠶᠠᠷ︶ ᠠᠰᠢᠭᠯᠠᠯᠲᠠ ᠳᠤ |
ᠣᠷᠣᠭᠤᠯᠬᠤ ᠠᠴᠠ ᠡᠮᠦᠨ᠎ᠡ᠂ ᠡᠬᠢᠯᠡᠯ ᠲᠡᠭᠦᠰᠦᠯ ᠭᠠᠵᠠᠷ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠠ |
ᠵᠠᠮ ᠤᠨ ᠳᠤᠮᠳᠠ ᠪᠠᠨ ᠵᠣᠭᠰᠣᠬᠤ ᠭᠠᠵᠠᠷ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠯᠦᠭᠡ ᠥᠷᠲᠡᠭᠡᠨ ᠳᠤ |
ᠣᠷᠣᠬᠤ ᠵᠥᠪᠯᠡᠯᠴᠡᠭᠡᠷ ᠲᠣᠭᠲᠠᠬᠤ ᠪᠠᠷ ᠠᠮᠠᠯᠳᠠᠨ᠎ᠠ ︵ᠬᠥᠳᠡᠭᠡ ᠲᠣᠰᠬᠤᠨ ᠤ ᠵᠠᠮ ᠤᠨ ᠠᠶᠠᠨᠴᠢᠳ ᠤᠨ |
ᠲᠡᠭᠡᠭᠡᠪᠦᠷᠢ ᠶᠢᠨ ᠡᠭᠡᠯᠵᠢ ᠶᠢᠨ ᠱᠤᠭᠤᠮ ᠨᠢ ᠬᠥᠳᠡᠭᠡ ᠲᠣᠰᠬᠤᠨ ᠤ ᠨᠢᠭᠡ ᠦᠵᠦᠭᠦᠷ ᠲᠤ ᠠᠶᠠᠨᠴᠢᠳ ᠤᠨ |
ᠲᠡᠭᠡᠭᠡᠪᠦᠷᠢ ᠶᠢᠨ ᠥᠷᠲᠡᠭᠡ ᠪᠠᠶᠢᠬᠤ ᠦᠭᠡᠢ ᠪᠣᠯ᠂ ᠲᠣᠰ ᠦᠵᠦᠭᠦᠷ ᠤᠨ ᠥᠷᠲᠡᠭᠡᠨ ᠳᠤ ᠣᠷᠣᠬᠤ ᠠᠮᠠᠯᠠᠯᠲᠠ ᠬᠢᠬᠦ |
ᠦᠭᠡᠢ︶︔ ︵ᠭᠤᠷᠪᠠ︶ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠠᠮᠠᠯᠠᠯᠲᠠ ᠶᠢᠨ ᠪᠢᠴᠢᠭ᠃ |
|
|
|