︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ︾ ︽ᠵᠠᠮ ᠢᠶᠠᠷ ᠠᠶᠤᠯᠲᠤ ᠡᠳ᠋ ᠪᠠᠷᠠᠭ᠎ᠠ |
ᠲᠡᠭᠡᠭᠡᠪᠦᠷᠢᠯᠡᠬᠦ ᠶᠢ ᠬᠠᠮᠢᠶᠠᠷᠬᠤ ᠲᠣᠭᠲᠠᠭᠠᠯ︾ ᠤᠨ ᠬᠤᠷᠢᠨ ᠭᠤᠷᠪᠠᠳᠤᠭᠠᠷ ᠵᠦᠶᠯ ᠤᠨ ᠲᠣᠭᠲᠠᠭᠠᠯ ᠢ |
ᠦᠨᠳᠦᠰᠦᠯᠡᠪᠡᠯ᠂ ᠲᠤᠰᠬᠠᠶ ᠬᠡᠷᠡᠭᠯᠡᠬᠦ ᠲᠡᠷᠭᠡ ᠬᠥᠰᠬᠡ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ |
ᠲᠤᠬᠠᠶ ᠲᠣᠭᠲᠠᠭᠠᠯ ᠪᠣᠯᠤᠨ᠎ᠠ᠃ ᠲᠤᠰᠬᠠᠶ ᠬᠡᠷᠡᠭᠯᠡᠬᠦ ᠲᠡᠷᠭᠡ ᠬᠥᠰᠬᠡ ᠶᠢ ᠬᠢᠨᠠᠨ ᠰᠢᠯᠭᠠᠬᠤ ᠭᠤᠤᠯ ᠴᠣᠭᠴᠠ ᠨᠢ |
ᠲᠤᠰ ᠵᠦᠶᠯ ᠤᠨ ᠲᠣᠭᠲᠠᠭᠠᠯ ᠢ ᠥᠨᠳᠥᠰᠦᠯᠡᠪᠡᠯ ᠲᠣᠭᠤᠷᠢᠭ ᠲᠣᠬᠢᠷᠠᠭᠤᠯᠤᠭᠰᠠᠨ ᠬᠤᠲᠠ ᠶᠢᠨ ᠱᠠᠲᠤᠨ ᠤ ᠵᠠᠮ |
ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ᠎ᠠ᠂ ᠪᠣᠳᠠᠲᠠᠶ ᠭᠡᠳᠡᠭ ᠨᠢ ᠲᠡᠷᠭᠡ ᠬᠥᠰᠬᠡ ᠳᠤ ︽ᠵᠠᠮ |
ᠲᠡᠭᠡᠭᠡᠪᠦᠷᠢ ᠶᠢᠨ ᠦᠨᠡᠮᠯᠡᠯ 》 ᠣᠯᠭᠤᠭᠰᠠᠨ ᠲᠣᠭᠤᠷᠢᠭ ᠲᠣᠬᠢᠷᠠᠭᠤᠯᠤᠭᠰᠠᠨ ᠬᠤᠲᠠ ᠶᠢᠨ ᠱᠠᠲᠤᠨ ᠤ ᠵᠠᠮ |
ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠢᠭᠠᠵᠤ ᠪᠤᠶ᠃ ᠬᠢᠨᠠᠨ ᠰᠢᠯᠭᠠᠬᠤ ᠦᠶᠡᠯᠡᠯ ᠨᠢ ᠨᠢᠭᠡ ᠵᠢᠯ᠃ |
ᠵᠢᠱᠢᠶᠡᠯᠡᠪᠡᠯ ᠬᠤᠲᠠ ᠶᠢᠨ ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠨᠢᠭᠡᠨ |
ᠲᠤᠰᠬᠠᠶ ᠬᠡᠷᠡᠭᠯᠡᠬᠦ ᠲᠡᠷᠭᠡ ᠬᠥᠰᠬᠡ ᠶᠢ ᠬᠢᠨᠠᠨ ᠰᠢᠯᠭᠠᠵᠤ ᠴᠣᠬᠤᠯᠪᠣᠷᠢᠯᠠᠨ ᠲᠣᠳᠣᠷᠬᠠᠶᠢᠯᠠᠭᠰᠠᠨ ᠤ ᠳᠡᠷᠠᠭ᠎ᠠ ᠬᠢᠷᠢ |
ᠲᠡᠩᠴᠡᠭᠰᠡᠨ ᠢᠶᠠᠷ ᠬᠢᠨᠠᠨ ᠰᠢᠯᠭᠠᠭᠰᠠᠨ ᠡᠳᠦᠷ ᠨᠢ 2012 ᠣᠨ ᠤ 12 ᠳ᠋ᠤᠭᠠᠷ ᠰᠠᠷ᠎ᠠ ᠶᠢᠨ 31 ᠤ ᠡᠳᠦᠷ |
ᠪᠠᠶᠢᠪᠠᠯ᠂ ᠬᠢᠨᠠᠨ ᠰᠢᠯᠭᠠᠬᠤ ᠬᠦᠴᠦᠨ ᠲᠠᠢ ᠬᠤᠭᠤᠴᠠᠭ᠎ᠠ ᠨᠢ 2012 ᠣᠨ ᠤ 12 ᠳ᠋ᠤᠭᠠᠷ ᠰᠠᠷ᠎ᠠ ᠶᠢᠨ 31 ᠤ |
ᠡᠳᠦᠷ ᠠᠴᠠ 2013 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠣᠯᠣᠨ᠎ᠠ᠂ ᠬᠤᠲᠠ ᠶᠢᠨ |
ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠤᠰᠬᠠᠶ ᠬᠡᠷᠡᠭᠯᠡᠬᠦ ᠲᠡᠷᠭᠡ ᠬᠥᠰᠬᠡ ᠪᠠᠨ |
ᠳᠠᠬᠢᠨ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ |
ᠪᠠᠶᠢᠭᠤᠯᠤᠮᠵᠢ ᠨᠤᠭᠤᠳ ᠬᠢᠨᠠᠨ ᠰᠢᠯᠭᠠᠬᠤ ᠠᠵᠢᠯ ᠤᠨ ᠳᠤᠮᠳᠠ ᠪᠠᠨ ᠬᠢᠨᠠᠨ ᠰᠢᠯᠭᠠᠬᠤ ᠳᠤ ᠬᠤᠯᠪᠣᠭᠳᠠᠬᠤ ᠳᠠᠩᠰᠠ |
ᠡᠪᠬᠡᠮᠡᠯ ᠢ ᠬᠠᠳᠠᠭᠠᠯᠠᠬᠤ ᠠᠵᠢᠯ ᠢ ᠰᠠᠶᠢᠲᠤᠷ ᠬᠢᠬᠦ ᠶᠢ ᠠᠩᠬᠠᠷᠤᠨ᠎ᠠ᠃ ᠠᠶᠤᠯᠲᠤ ᠡᠳ᠋ ᠪᠠᠷᠠᠭ᠎ᠠ ᠲᠡᠭᠡᠭᠡᠪᠦᠷᠢᠯᠡᠬᠦ |
ᠲᠡᠷᠭᠡ ᠬᠥᠰᠬᠡ ᠶᠢᠨ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠡᠩ ᠤᠨ ᠱᠠᠭᠠᠷᠳᠠᠯᠭ᠎ᠠ ᠭᠡᠳᠡᠭ ᠨᠢ |
ᠲᠡᠷᠭᠡ ᠬᠥᠰᠬᠡ ᠨᠢ ︽ᠵᠠᠮ ᠲᠡᠭᠡᠭᠡᠪᠦᠷᠢ ᠶᠢᠨ ᠪᠠᠷᠠᠭ᠎ᠠ ᠲᠡᠭᠡᠭᠡᠪᠦᠷᠢᠯᠡᠬᠦ ᠵᠢᠴᠢ ᠥᠷᠲᠡᠭᠡ ᠲᠠᠯᠠᠪᠠᠢ ᠶᠢᠨ ᠬᠠᠮᠢᠶᠠᠷᠤᠯᠲᠠ |
ᠶᠢᠨ ᠲᠣᠭᠲᠠᠭᠠᠯ︾ ᠤᠨ ᠬᠤᠷᠢᠳᠤᠭᠠᠷ ᠵᠦᠢᠯ ᠳᠤ ᠲᠣᠭᠲᠠᠭᠠᠭᠰᠠᠨ ᠬᠢᠨᠠᠨ ᠰᠢᠯᠭᠠᠬᠤ ᠠᠭᠤᠯᠭ᠎ᠠ ᠶᠢᠨ ᠲᠣᠭᠲᠠᠭᠠᠯ |
ᠳᠤ ᠨᠡᠶᠢᠴᠡᠬᠦ ᠶᠢ ᠵᠢᠭᠠᠵᠤ ᠪᠤᠶ᠂ ᠲᠤᠬᠠᠶᠢᠯᠠᠪᠠᠯ ︽ᠬᠢᠨᠠᠨ ᠰᠢᠯᠭᠠᠬᠤ ᠠᠭᠤᠯᠭ᠎ᠠ ᠳᠤ ᠲᠡᠷᠭᠡ ᠬᠥᠰᠬᠡ ᠶᠢᠨ ᠮᠡᠷᠭᠡᠵᠢᠯ |
ᠤᠨ ᠳᠠᠩᠰᠠ ᠡᠪᠬᠡᠮᠡᠯ᠂ ᠲᠡᠷᠭᠡ ᠬᠥᠰᠬᠡ ᠶᠢᠨ ᠪᠦᠲᠦᠴᠡ ᠵᠢᠴᠢ ᠬᠡᠮᠵᠢᠶ᠎ᠡ ᠶᠢᠨ ᠬᠤᠪᠢᠷᠠᠯᠲᠠ ᠶᠢᠨ ᠪᠠᠶᠢᠳᠠᠯ ᠪᠣᠯᠤᠨ |
ᠳᠦᠷᠢᠮ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠭᠲᠠᠨ᠎ᠠ᠃ ᠬᠢᠨᠠᠨ ᠰᠢᠯᠭᠠᠭᠠᠳ ᠱᠠᠭᠠᠷᠳᠠᠯᠭ᠎ᠠ ᠳᠤ ᠨᠡᠶᠢᠴᠡᠭᠰᠡᠨ |
ᠪᠣᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ︽ᠵᠠᠮ ᠲᠡᠭᠡᠭᠡᠪᠦᠷᠢ ᠶᠢᠨ ᠦᠨᠡᠮᠯᠡᠯ︾ ᠢ ᠬᠢᠨᠠᠨ |
ᠰᠢᠯᠭᠠᠭᠰᠠᠨ ᠲᠡᠮᠳᠡᠭᠯᠡᠯ ᠳᠤ ᠪᠠᠨ ᠲᠣᠳᠣᠷᠬᠠᠶᠢᠯᠠᠬᠤ ᠬᠡᠷᠡᠭᠲᠡᠶ︔ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ |
ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠪᠤᠶᠤ ᠬᠤᠪᠢᠷᠠᠭᠤᠯᠬᠤ ᠭᠠᠷ ᠭᠦᠢᠴᠡᠳᠬᠡᠯ |
ᠬᠢᠯᠭᠡᠬᠦ ᠬᠡᠷᠡᠭᠲᠡᠢ︾᠃ ︵1︶ ᠲᠡᠷᠭᠡ ᠬᠥᠰᠬᠡ ᠶᠢᠨ ᠮᠡᠷᠭᠡᠵᠢᠯ ᠤᠨ ᠲᠠᠩᠰᠠ ᠡᠪᠬᠡᠮᠡᠯ ᠳᠤ ᠲᠡᠷᠭᠡ ᠬᠥᠰᠬᠡ ᠶᠢᠨ |
ᠮᠡᠷᠭᠡᠵᠢᠯ ᠤᠨ ᠲᠠᠰ ᠤᠨ ᠬᠤᠪᠢᠷᠠᠯᠲᠠ ᠶᠢᠨ ᠪᠠᠶᠢᠳᠠᠯ᠂ ᠲᠡᠷᠭᠡ ᠬᠥᠰᠬᠡ ᠶᠢᠨ ᠮᠡᠷᠭᠡᠵᠢᠯ ᠤᠨ ᠨᠥᠬᠦᠴᠡᠯ ᠵᠡᠷᠭᠡ ᠶᠢ |
ᠪᠠᠭᠲᠠᠭᠠᠬᠤ ᠬᠡᠷᠡᠭᠲᠡᠶ︔ ︵2︶ ᠲᠡᠷᠭᠡᠨ ᠤ ᠪᠦᠲᠦᠴᠡ᠂ ᠮᠤᠬᠤᠳᠠᠭ ᠬᠤᠪᠢᠷᠠᠯᠲᠠ ᠭᠡᠳᠡᠭ ᠨᠢ ᠵᠥᠪᠰᠢᠶᠡᠷᠡᠯ |
ᠣᠯᠤᠭᠰᠠᠨ ᠥᠬᠡᠶ ᠪᠠᠷ ᠲᠡᠷᠭᠡ ᠬᠦᠰᠭᠡ ᠪᠠᠨ ᠬᠠᠤᠯᠢ ᠪᠤᠰᠤ ᠪᠠᠷ ᠥᠭᠡᠷᠡᠴᠢᠯᠡᠨ ᠲᠤᠨᠤᠭᠯᠠᠭᠰᠠᠨ ᠡᠰᠡᠬᠦ ᠂ ᠬᠠᠤᠯᠢ |
ᠶᠣᠰᠣᠭᠠᠷ ᠥᠭᠡᠷᠡᠴᠢᠯᠡᠨ ᠲᠤᠨᠤᠭᠯᠠᠭᠰᠠᠨ ᠴᠤ᠂ ᠥᠭᠡᠷᠡᠴᠢᠯᠡᠨ ᠲᠤᠨᠤᠭᠯᠠᠭᠰᠠᠨ ᠤ ᠳᠠᠷᠠᠭ᠎ᠠ ᠬᠤᠯᠪᠣᠭᠳᠠᠯ ᠪᠥᠬᠦᠶ |
ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠬᠢᠨᠠᠨ ᠰᠢᠯᠭᠠᠨ᠎ᠠ︔ ︵3︶ ᠲᠡᠷᠭᠡ ᠬᠥᠰᠬᠡ ᠶᠢᠨ ᠲᠦᠷᠢᠮ ᠢ ᠵᠥᠷᠢᠴᠡᠭᠰᠡᠨ |
ᠲᠡᠮᠳᠡᠭᠯᠡᠯ ᠭᠡᠳᠡᠭ ᠨᠢ ᠬᠢᠨᠠᠨ ᠰᠢᠯᠭᠠᠬᠤ ᠣᠨ ᠤ ᠳᠣᠲᠣᠷ᠎ᠠ ᠲᠡᠷᠭᠡ ᠬᠥᠰᠬᠡ ᠶᠢᠨ ᠲᠦᠷᠢᠮ ᠢ ᠵᠥᠷᠢᠴᠡᠭᠰᠡᠨ ᠪᠠᠶᠢᠳᠠᠯ |
ᠢ ᠵᠢᠭᠠᠵᠤ ᠪᠠᠶᠢᠨ᠎ᠠ᠃ ᠡᠭᠦᠨ ᠠᠴᠠ ᠭᠠᠳᠠᠨ᠎ᠠ ︽ᠵᠠᠮ ᠢᠶᠠᠷ ᠠᠶᠤᠯᠲᠤ ᠡᠳ᠋ ᠪᠠᠷᠠᠭ᠎ᠠ ᠲᠡᠭᠡᠭᠡᠪᠦᠷᠢᠯᠡᠬᠦ ᠶᠢ ᠬᠠᠮᠢᠶᠠᠷᠬᠤ |
ᠲᠣᠭᠲᠠᠭᠠᠯ︾ ᠤᠨ ᠬᠤᠷᠢᠨ ᠭᠤᠷᠪᠠᠳᠤᠭᠠᠷ ᠵᠦᠶᠯ ᠳᠤ ᠤᠤᠯ ᠤᠨ ︽ᠲᠣᠭᠲᠠᠭᠠᠯ 》 ᠤᠨ ᠰᠠᠭᠤᠷᠢᠨ ᠳᠡᠭᠡᠷ᠎ᠡ |
ᠬᠢᠨᠠᠨ ᠰᠢᠯᠭᠠᠬᠤ ᠲᠥᠷᠥᠯ ᠵᠦᠶᠯ ᠢ ᠵᠢᠷᠤᠭ ᠲᠥᠯᠥᠪᠯᠡᠬᠦ ᠭᠤᠷᠪᠠᠨ ᠵᠦᠢᠯ ᠢ ᠰᠢᠨ᠎ᠡ ᠪᠠᠷ ᠨᠡᠮᠡᠪᠡ᠃ ︵1︶ |
ᠲᠤᠰᠬᠠᠢ ᠬᠡᠷᠡᠭᠯᠡᠬᠦ ᠲᠡᠷᠭᠡ ᠬᠥᠰᠬᠡ ᠶᠢᠨ ᠳᠠᠭᠠᠳᠬᠠᠯ ᠳᠤ ᠣᠷᠣᠭᠰᠠᠨ ᠠᠶᠤᠯᠲᠤ ᠡᠳ᠋ ᠪᠠᠷᠠᠭ᠎ᠠ ᠶᠢ ᠳᠠᠭᠠᠭᠠᠨ |
ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠪᠠᠶᠢᠳᠠᠯ᠃ ︵3︶ ᠴᠢᠬᠤᠯᠠ ᠪᠦᠬᠦᠢ ᠪᠠᠴᠢᠮ |
ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠭᠠᠵᠢ ᠬᠡᠷᠡᠭᠰᠡᠯ ᠪᠠ ᠠᠶᠤᠯᠭᠦᠢ ᠶᠢᠨ ᠬᠠᠮᠠᠭᠠᠯᠠᠯᠲᠠ ᠶᠢᠨ ᠪᠡᠯᠡᠳᠬᠡᠮᠵᠢ |
ᠲᠥᠬᠦᠭᠡᠷᠦᠮᠵᠢ ᠶᠢ ᠳᠤᠬᠢᠷᠠᠭᠤᠯᠤᠭᠰᠠᠨ ᠪᠠᠶᠢᠳᠠᠯ᠃ ︵3︶ ᠠᠶᠠᠯᠠᠭᠰᠠᠨ ᠢ ᠲᠡᠮᠳᠡᠭᠯᠡᠬᠦ ᠴᠢᠳᠠᠪᠤᠷᠢ ᠲᠠᠢ ᠳᠠᠭᠠᠭᠤᠯᠢ |
ᠣᠳᠣᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ ᠲᠣᠬᠢᠷᠠᠭᠤᠯᠤᠭᠰᠠᠨ ᠪᠠᠶᠢᠳᠠᠯ᠃ |