ᠨᠢᠭᠡ᠂ ᠪᠢᠴᠢᠭ ᠮᠠᠲ᠋ᠧᠷᠢᠶᠠᠯ ᠢ ᠲᠣᠭᠲᠠᠭᠠᠭᠰᠠᠨ ᠠᠬᠤᠶ ᠪᠠᠶᠢᠳᠠᠯ᠂ ᠴᠢᠬᠤᠯᠠ ᠴᠢᠨᠠᠷ ᠵᠢᠴᠢ ᠪᠣᠯᠤᠮᠵᠢᠲᠤ ᠴᠢᠨᠠᠷ |
|
ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ |
ᠨᠢᠭᠡᠳᠦᠯᠲᠡᠶ ᠲᠦᠷᠢᠮ ᠪᠠᠶᠢᠬᠤ ᠥᠬᠡᠶ᠂ ᠡᠮᠬᠢ ᠵᠢᠷᠤᠮ ᠥᠬᠡᠶ ᠦᠷᠢᠰᠦᠯᠳᠦᠬᠦ᠂ ᠬᠢᠨᠠᠯᠲᠠ ᠬᠠᠮᠢᠶᠠᠷᠤᠯᠲᠠ |
ᠳᠤᠲᠠᠭᠳᠠᠬᠤ ᠵᠡᠷᠭᠡ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ |
ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ |
ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ |
ᠠᠵᠢᠯᠯᠠᠭ᠎ᠠ ᠶᠢ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠤᠬᠠᠢ ᠶᠢᠨ ᠬᠥᠮᠦᠨ ᠤ |
ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ |
ᠳᠤ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠰᠠᠶᠢᠲᠤᠷ |
ᠲᠤᠯᠭᠠᠭᠤᠷᠢᠯᠠᠬᠤ ᠶᠢᠨ ᠲᠥᠯᠥᠭᠡ ᠶᠤᠮ᠃ |
ᠬᠤᠶᠠᠷ᠂ ᠲᠣᠭᠲᠠᠭᠠᠭᠰᠠᠨ ᠦᠨᠳᠦᠰᠦᠯᠡᠯ |
︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ |
ᠬᠦᠯᠢᠶᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ |
ᠳᠠᠭᠠᠭᠠᠴᠢᠯᠠᠯᠲᠠ ᠬᠦᠯᠢᠶᠡᠬᠦ ᠬᠠᠤᠯᠢ ᠶᠢᠨ ᠬᠡᠷᠡᠭᠵᠢᠭᠦᠯᠬᠦ ᠳᠦᠷᠢᠮ︾᠂ ︽ᠵᠠᠰᠠᠮᠠᠯ ᠵᠠᠮ ᠤᠨ ᠪᠠᠷᠢᠯᠭ᠎ᠠ ᠶᠢᠨ |
ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ |
ᠬᠠᠮᠢᠶᠠᠷᠤᠯᠲᠠ ᠶᠢᠨ ᠠᠷᠭ᠎ᠠ︾᠂ ︽ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ |
ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾᠂ |
︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠤ ᠡᠷᠬᠡ ᠲᠡᠭᠰᠢ ᠥᠷᠢᠰᠥᠯᠳᠦᠭᠡᠨ ᠢ ᠬᠢᠨᠠᠨ |
ᠪᠠᠶᠢᠴᠠᠭᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ |
ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ |
ᠬᠠᠮᠢᠶᠠᠷᠤᠯᠲᠠ ᠶᠢᠨ ᠬᠡᠷᠡᠭᠵᠢᠭᠦᠯᠬᠦ ᠳᠦᠷᠢᠮ︾᠂ ︽ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ |
ᠲᠣᠭᠲᠠᠭᠠᠯ ᠤᠨ ᠳᠦᠷᠢᠮ ᠢ ᠴᠢᠩᠭ᠎ᠠ ᠬᠡᠷᠡᠭᠵᠢᠭᠦᠯᠵᠦ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠭᠤᠣᠯ |
ᠴᠣᠭᠴᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠪᠠ |
ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠰᠠᠨᠠᠯ ᠤᠳ︾ ᠵᠡᠷᠭᠡ ᠬᠠᠤᠯᠢ ᠴᠠᠭᠠᠵᠠ ᠬᠠᠤᠯᠢ |
ᠲᠣᠭᠲᠠᠭᠠᠯ ᠲᠥᠷᠢᠮ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ |
ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ︽ |
ᠠᠷᠭ᠎ᠠ︾ ᠶᠢ ᠲᠣᠭᠲᠠᠭᠠᠪᠠ᠃ |
ᠭᠤᠷᠪᠠ᠂ ᠠᠷᠭ᠎ᠠ ᠶᠢᠨ ᠭᠤᠣᠯ ᠠᠭᠤᠯᠭ᠎ᠠ |
︽ᠠᠷᠭ᠎ᠠ︾ ᠳᠤ ᠨᠡᠶᠢᠲᠡ ᠠᠷᠪᠠᠨ ᠨᠠᠶᠮᠠᠨ ᠵᠦᠶᠯ ᠪᠣᠢ᠂ ᠪᠠᠰᠠ ᠳᠠᠭᠠᠯᠳᠤᠭᠤᠯᠤᠯ 1᠄ ︽ᠥᠪᠥᠷ ᠮᠣᠩᠭᠤᠯ |
ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ |
ᠶᠢᠨ ᠲᠥᠷᠥᠯ ᠵᠦᠶᠯ ᠤᠨ ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠢᠲᠡᠭᠡᠮᠵᠢ ᠶᠢ ᠦᠨᠡᠯᠡᠬᠦ |
ᠬᠡᠷᠡᠭᠵᠢᠭᠦᠯᠬᠦ ᠨᠠᠷᠢᠨ ᠲᠦᠷᠢᠮ︾᠂ ᠳᠠᠭᠠᠯᠳᠤᠭᠤᠯᠤᠯ 2᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ |
ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ |
ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠢᠲᠡᠭᠡᠮᠵᠢ ᠶᠢᠨ ᠦᠶᠯᠡ ᠠᠵᠢᠯᠯᠠᠭ᠎ᠠ ᠶᠢ ᠦᠨᠡᠯᠡᠨ |
ᠲᠣᠭᠲᠠᠭᠠᠬᠤ ᠪᠠᠷᠢᠮᠵᠢᠶ᠎ᠠ︾᠂ ᠳᠠᠭᠠᠯᠳᠤᠭᠤᠯᠤᠯ 3᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ |
ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠢᠲᠡᠭᠡᠮᠵᠢ ᠶᠢ ᠦᠨᠡᠯᠡᠨ ᠪᠤᠳᠤᠬᠤ ᠠᠷᠭ᠎ᠠ︾ ᠪᠠᠶᠢᠨ᠎ᠠ᠃ |
|
1. ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠡᠯ᠎ᠡ ᠱᠠᠲᠤᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠵᠠᠮ ᠬᠠᠷᠢᠯᠴᠠᠭᠠᠨ ᠤ ᠪᠦᠯᠦᠭᠯᠡᠯ ᠤᠨ |
ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠬᠢᠭᠡᠳ ᠢᠲᠡᠭᠡᠮᠵᠢ ᠶᠢ ᠦᠨᠡᠯᠡᠬᠦ ᠬᠡᠪᠴᠢᠶ᠎ᠡ ᠶᠢ |
ᠲᠣᠳᠣᠷᠬᠠᠶᠢᠯᠠᠪᠠ᠃ |
2. ᠳᠠᠭᠠᠭᠠᠴᠢᠯᠠᠯᠲᠠ ᠵᠠᠷᠯᠠᠭᠴᠢ ᠶᠢᠨ ᠢᠯᠡ ᠪᠠᠷ ᠳᠠᠭᠠᠭᠠᠴᠢᠯᠠᠯᠲᠠ ᠵᠠᠷᠯᠠᠬᠤ᠂ ᠬᠡᠯᠡᠯᠴᠡᠭᠡᠷ ᠬᠢᠬᠦ᠂ ᠯᠠᠪᠯᠠᠨ |
ᠠᠳᠠᠯᠢᠳᠬᠠᠬᠤ ᠵᠡᠷᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠵᠠᠷᠯᠠᠬᠤ ᠶᠢ ᠣᠷᠤᠯᠠᠬᠤ |
ᠪᠠᠶᠢᠭᠤᠯᠤᠮᠵᠢ ᠶᠢᠨ ᠰᠢᠯᠢᠳᠡᠭ ᠠᠴᠠ ᠨᠢ ᠰᠣᠩᠭᠤᠬᠤ ᠶᠢ ᠵᠣᠷᠢᠭᠵᠢᠭᠤᠯᠬᠤ ᠶᠢ ᠲᠣᠳᠣᠷᠬᠠᠶᠢᠯᠠᠪᠠ᠃ |
3. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠪᠦᠷᠢᠯᠳᠦᠭᠦᠯᠪᠡᠰᠦ ᠵᠣᠬᠢᠬᠤ ᠦᠨᠳᠦᠰᠦᠨ |
ᠨᠥᠬᠦᠴᠡᠯ ᠢ ᠲᠣᠳᠣᠷᠬᠠᠶᠢᠯᠠᠪᠠ᠃ |
4. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠡᠭᠦᠷᠭᠡᠯᠡᠬᠦ ᠴᠢᠬᠤᠯᠠᠲᠠᠶ ᠠᠵᠢᠯ ᠢ |
ᠲᠣᠳᠣᠷᠬᠠᠶᠢᠯᠠᠪᠠ᠃ |
5. ᠢᠲᠡᠭᠡᠮᠵᠢ ᠶᠢ ᠦᠨᠡᠯᠡᠬᠦ ᠳᠡᠰ ᠤᠨ ᠬᠤᠪᠢᠶᠠᠷᠢᠯᠠᠯ ᠢ ᠲᠣᠳᠣᠷᠬᠠᠶᠢᠯᠠᠪᠠ᠂ ᠨᠡᠶᠢᠲᠡ ᠲᠠᠪᠤᠨ ᠳᠡᠰ᠄ AA᠂ A᠂ |
B᠂ C᠂ D᠃ ᠠᠳᠠᠯᠢ ᠪᠤᠰᠤ ᠲᠡᠰ ᠤᠨ ᠣᠷᠤᠯᠠᠬᠤ ᠪᠠᠶᠢᠭᠤᠯᠤᠮᠵᠢ ᠶᠢ ᠰᠣᠩᠭᠤᠬᠤ ᠳᠤ ᠬᠢᠨᠠᠨ ᠬᠠᠮᠢᠶᠠᠷᠬᠤ |
ᠠᠭᠤᠯᠭ᠎ᠠ ᠨᠢ ᠠᠳᠠᠯᠢ ᠦᠭᠡᠢ ᠪᠠᠶᠢᠳᠠᠭ᠃ |
6. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢᠨ ᠢᠲᠡᠭᠡᠮᠵᠢ ᠪᠠᠨ ᠰᠡᠷᠭᠦᠭᠡᠬᠦ ᠬᠤᠭᠤᠴᠠᠭ᠎ᠠ |
ᠬᠢᠵᠠᠭᠠᠷ ᠤᠨ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠪᠠ᠃ |
7. ᠳᠠᠭᠠᠭᠠᠴᠢᠯᠠᠯᠲᠠ ᠵᠠᠷᠯᠠᠬᠤ ᠶᠢ ᠣᠷᠤᠯᠠᠬᠤ ᠪᠠᠶᠢᠭᠤᠯᠤᠮᠵᠢ ᠶᠢ ᠬᠥᠳᠡᠯᠦᠩᠭᠦᠶ ᠪᠠᠷ ᠬᠢᠨᠠᠨ ᠬᠠᠮᠢᠶᠠᠷᠬᠤ ᠠᠷᠭ᠎ᠠ |
ᠬᠡᠯᠪᠡᠷᠢ ᠶᠢ ᠲᠣᠳᠣᠷᠬᠠᠶᠢᠯᠠᠪᠠ᠃ |
ᠲᠣᠰ ︽ᠠᠷᠭ᠎ᠠ︾ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |