| ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠳᠡᠭᠡᠷ᠎ᠡ ᠤᠰᠤᠨ ᠳᠣᠣᠷ᠎ᠠ ᠠᠵᠢᠯᠯᠠᠵᠤ |
ᠠᠶᠠᠯᠠᠯ ᠨᠡᠪᠲᠡᠷᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ︵2019 ᠣᠨ ᠤ 2 ᠳ᠋ᠤᠭᠠᠷ |
ᠲᠣᠭᠠᠲᠤ︶ ᠤᠨ ᠬᠤᠷᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ᠪᠠᠷᠢᠯᠭ᠎ᠠ ᠶᠢᠨ ᠨᠢᠭᠡᠴᠢ ᠪᠠ |
ᠠᠵᠢᠯᠯᠠᠭᠰᠠᠳ ᠤᠰᠤᠨ ᠳᠡᠭᠡᠷ᠎ᠡ ᠤᠰᠤᠨ ᠳᠣᠣᠷ᠎ᠠ ᠠᠵᠢᠯᠯᠠᠬᠤ ᠶᠠᠪᠤᠴᠠ ᠳᠤ ᠳᠣᠣᠷᠠᠬᠢ ᠲᠣᠭᠲᠠᠭᠠᠯ ᠢ ᠵᠢᠷᠤᠮᠯᠠᠬᠤ |
ᠬᠡᠷᠡᠭᠲᠡᠢ᠄ ︵ᠨᠢᠭᠡ︶ ᠳᠠᠯᠠᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠥᠪᠰᠢᠶᠡᠷᠡᠭᠰᠡᠨ ᠠᠵᠢᠯ |
ᠤᠨ ᠠᠭᠤᠯᠭ᠎ᠠ᠂ ᠬᠢᠨᠠᠨ ᠲᠣᠭᠲᠠᠭᠠᠭᠰᠠᠨ ᠤᠰᠤᠨ ᠣᠷᠣᠨ ᠤ ᠬᠡᠪᠴᠢᠶ᠎ᠡ ᠪᠠ ᠬᠢᠨᠠᠨ ᠵᠥᠪᠰᠢᠶᠡᠷᠡᠭᠰᠡᠨ ᠣᠩᠭᠤᠴᠠ |
ᠰᠠᠯ ᠢ ᠬᠡᠷᠡᠭᠯᠡᠨ ᠠᠵᠢᠯᠯᠠᠵᠤ᠂ ᠪᠤᠰᠤᠳ ᠣᠩᠭᠤᠴᠠ ᠰᠠᠯ ᠤᠨ ᠬᠡᠪ ᠤᠨ ᠠᠶᠠᠯᠠᠯ ᠢ ᠬᠠᠷᠰᠢᠯᠠᠵᠤ ᠪᠣᠯᠬᠤ ᠦᠭᠡᠢ︔ |
︵ᠬᠤᠶᠠᠷ︶ ᠲᠡᠯᠡᠢ ᠶᠢᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠪᠠᠷᠢᠯᠭ᠎ᠠ ᠶᠢᠨ ᠠᠬᠢᠴᠠ ᠵᠢᠴᠢ |
ᠲᠥᠯᠥᠪᠯᠡᠭᠡ ᠪᠠᠨ ᠴᠠᠭ ᠲᠤᠬᠠᠢ ᠳᠤ ᠨᠢ ᠮᠡᠳᠡᠭᠳᠡᠬᠦ ᠶᠢᠨ ᠬᠠᠮᠲᠤ ᠪᠠᠷᠢᠯᠭ᠎ᠠ ᠶᠢᠨ ᠤᠰᠦᠠ ᠣᠷᠣᠨ ᠤ ᠠᠶᠠᠯᠠᠯ |
ᠨᠡᠪᠲᠡᠷᠡᠬᠦ ᠰᠡᠶᠢᠠ ᠰᠠᠶᠢᠬᠠᠨ ᠣᠷᠴᠢᠨ ᠨᠥᠬᠦᠴᠡᠯ ᠢ ᠪᠠᠲᠤᠯᠠᠨ᠎ᠠ︔ ︵ᠭᠤᠷᠪᠠ︶ ᠣᠩᠭᠤᠴᠠ ᠰᠠᠯ᠂ ᠬᠥᠪᠦᠮᠡᠯ |
ᠲᠥᠬᠦᠭᠡᠷᠦᠮᠵᠢ ᠶᠢᠨ ᠠᠶᠤᠯᠭᠦᠢ ᠠᠶᠠᠯᠠᠬᠤ᠂ ᠵᠣᠭᠰᠣᠬᠤ ᠪᠤᠶᠤ ᠬᠤᠯᠪᠣᠭᠳᠠᠯ ᠪᠦᠬᠦᠢ ᠠᠵᠢᠯᠯᠠᠭ᠎ᠠ ᠬᠢᠬᠦ ᠪᠠᠶᠢᠳᠠᠯ ᠢ |
ᠲᠣᠬᠢᠷᠠᠮᠵᠢᠲᠠᠢ ᠪᠠᠶᠢᠯᠭᠠᠨ᠎ᠠ︔ ︵ᠲᠦᠷᠪᠡ︶ ᠪᠠᠷᠢᠯᠭ᠎ᠠ ᠶᠢᠨ ᠠᠵᠢᠯ ᠬᠢᠬᠦ ᠪᠤᠶᠤ ᠠᠵᠢᠯᠯᠠᠬᠤ ᠣᠩᠭᠤᠴᠠ ᠰᠠᠯ᠂ |
ᠲᠥᠬᠦᠭᠡᠷᠦᠮᠵᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣ ᠪᠠᠷ ᠡᠳᠦᠷ ᠰᠥᠨᠢ ᠶᠢᠨ ᠲᠤᠬᠢᠶᠡᠠ ᠳ᠋ᠧᠩ ᠪᠠ |
ᠲᠤᠬᠢᠶᠡᠠ ᠳ᠋ᠧᠩ ᠤᠨ ᠬᠡᠯᠪᠡᠷᠢ ᠪᠠᠶᠢᠬᠤ ᠬᠡᠷᠡᠭᠲᠡᠢ᠃ ᠲᠤᠬᠠᠶ ᠶᠢᠨ ᠲᠠᠯᠠᠪᠠᠶ ᠳᠤ ᠠᠵᠢᠯᠯᠠᠬᠤ ᠣᠩᠭᠤᠴᠠ ᠰᠠᠯ ᠪᠤᠶᠤ |
ᠰᠡᠷᠡᠮᠵᠢᠯᠡᠭᠦᠯᠬᠦ ᠣᠩᠭᠤᠴᠠᠨ ᠳᠡᠭᠡᠷ᠎ᠡ ᠬᠦᠴᠦᠨ ᠪᠥᠬᠦᠶ ᠴᠢᠮᠡᠭᠡ ᠬᠤᠯᠪᠣᠭᠠᠨ ᠤ ᠲᠥᠬᠦᠭᠡᠷᠦᠮᠵᠢ ᠳᠣᠭᠢᠷᠠᠭᠤᠯᠬᠤ᠂ |
ᠪᠠᠷᠢᠯᠭ᠎ᠠ ᠶᠢᠨ ᠠᠵᠢᠯ ᠬᠢᠬᠦ ᠪᠤᠶᠤ ᠠᠵᠢᠯᠯᠠᠬᠤ ᠬᠤᠭᠤᠴᠠᠭᠠᠨ ᠳᠤ ᠲᠤᠰᠬᠠᠶ ᠬᠥᠮᠦᠨ ᠲᠣᠮᠢᠯᠠᠨ ᠰᠡᠷᠡᠮᠵᠢᠯᠡᠭᠦᠯᠬᠦ ᠶᠢᠨ |
ᠬᠠᠮᠲᠤ ᠲᠣᠭᠲᠠᠭᠠᠭᠰᠠᠨ ᠲᠠᠪᠲᠠᠭ ᠳᠡᠭᠡᠷ᠎ᠡ ᠰᠠᠬᠢᠨ ᠰᠣᠨᠣᠰᠣᠨ᠎ᠠ︔ |