| ︽︿ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ |
ᠲᠣᠭᠲᠠᠭᠠᠯ﹀ ᠲᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠯ︾ |
︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 15 ᠳ᠋ᠤᠭᠠᠷ ᠲᠣᠭᠠᠲᠤ︶ ᠤᠨ |
ᠳᠥᠴᠢᠳᠦᠭᠡᠷ ᠵᠦᠢᠯ ᠳᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠡᠵᠡᠩᠨᠡᠯᠲᠡ ᠶᠢᠨ ᠶᠠᠪᠤᠴᠠ ᠳᠤ᠂ |
ᠤᠯᠤᠰ ᠤᠨ ᠵᠢᠯᠣᠭᠤᠴᠢ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ |
ᠦᠢᠯᠡᠴᠢᠯᠡᠭᠡᠨ ᠤ ᠵᠢᠷᠤᠮᠵᠢᠯ᠂ ᠠᠮᠤᠷ ᠲᠦᠪᠰᠢᠨ ᠢᠶᠠᠷ ᠡᠵᠡᠩᠨᠡᠬᠦ ᠵᠡᠷᠭᠡ ᠲᠠᠯ᠎ᠠ ᠶᠢᠨ ᠬᠢᠷᠢ ᠬᠡᠮ ᠤᠨ ᠲᠣᠭᠲᠠᠭᠠᠯ ᠢ |
ᠵᠢᠷᠤᠮᠯᠠᠵᠤ᠂ ᠪᠣᠯᠪᠠᠰᠤᠨ ᠢᠶᠠᠷ ᠲᠡᠷᠭᠡ ᠵᠢᠯᠣᠭᠤᠳᠬᠤ᠂ ᠴᠢᠨᠠᠷ ᠰᠠᠶᠢᠲᠠᠶ ᠦᠢᠯᠡᠴᠢᠯᠡᠬᠦ ᠬᠡᠷᠡᠭᠲᠡᠶ ᠭᠡᠵᠦ ᠲᠣᠭᠲᠠᠭᠠᠪᠠ᠃ |
ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠨᠠᠷ ᠳᠣᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ |
ᠦᠭᠡᠶ᠄ ︵ᠨᠢᠭᠡ︶ ᠵᠠᠮ ᠳᠤᠮᠳᠠ ᠠᠶᠠᠨᠴᠢᠳ ᠢ ᠬᠠᠶᠠᠵᠤ ᠣᠷᠬᠢᠬᠤ ᠪᠤᠶᠤ ᠵᠣᠷᠢᠭᠤᠳᠠ ᠲᠣᠭᠤᠷᠢᠤ ᠵᠠᠮ ᠢᠶᠠᠷ |
ᠶᠠᠪᠤᠭᠤᠯᠤᠨ᠎ᠠ︔ ᠁ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠳᠤ᠂ ᠲᠦᠷᠢᠶᠡᠰᠦᠨ ᠮᠠᠰᠢᠨ ᠲᠡᠷᠭᠡᠨ ᠤ |
ᠵᠢᠯᠣᠭᠤᠴᠢ ᠠᠷᠪᠠᠨ ᠵᠢᠷᠭᠤᠳᠤᠭᠠᠷ ᠵᠦᠢᠯ᠂ ᠳᠥᠴᠢᠳᠦᠭᠡᠷ ᠵᠦᠢᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ |
ᠰᠢᠶᠠᠨ ᠤ ᠱᠠᠲᠤᠨ ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ |
ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ 200 ᠲᠥᠭᠦᠷᠢᠭ ᠠᠴᠠ ᠳᠡᠭᠡᠭᠰᠢ |
500 ᠲᠥᠭᠦᠷᠢᠭ ᠠᠴᠠ ᠳᠣᠷᠣᠭᠰᠢ ᠵᠣᠭᠤᠰ ᠲᠣᠷᠭᠠᠵᠤ ᠰᠢᠢᠳᠭᠡᠨ᠎ᠡ᠃ ᠪᠣᠳᠠᠲᠠᠶ ᠵᠠᠭᠠᠯᠳᠤᠬᠤ ᠰᠠᠨᠠᠭᠤᠯᠭ᠎ᠠ ᠶᠢ |
ᠬᠠᠮᠢᠶ᠎ᠠ ᠪᠥᠬᠦᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ |
ᠰᠢᠯᠵᠢᠭᠦᠯᠦᠨ ᠬᠢᠨᠠᠨ ᠬᠠᠷᠭᠤᠭᠤᠯᠵᠤ ᠰᠢᠢᠳᠪᠦᠷᠢᠯᠡᠭᠦᠯᠦᠨ᠎ᠡ᠃ |