2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠶᠡᠷᠦᠩᠬᠡᠢ ᠲᠣᠭᠠᠨ ᠤ ᠮᠡᠳᠡᠭᠡ ᠵᠠᠩᠭᠢ ᠶᠢᠨ ᠨᠡᠶᠢᠲᠡᠯᠡᠯ
ᠨᠡᠶᠢᠲᠡᠯᠡᠭᠰᠡᠨ ᠴᠠᠭ᠄
2024/12/17
2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠶᠡᠷᠦᠩᠬᠡᠢ ᠲᠣᠭᠠᠨ ᠤ ᠮᠡᠳᠡᠭᠡ ᠵᠠᠩᠭᠢ ᠶᠢᠨ ᠨᠡᠶᠢᠲᠡᠯᠡᠯ
202412181912.jpg
ᠲᠠᠶᠢᠯᠪᠤᠷᠢ᠄ 1. ᠣᠯᠭᠤᠬᠤ ᠶᠣᠰᠣᠲᠠᠶ ᠴᠠᠯᠢᠩ ᠤᠨ ᠶᠡᠷᠦᠩᠬᠡᠶ ᠲᠤᠭ᠎ᠠ ᠭᠡᠳᠡᠭ ᠨᠢ ᠠᠵᠤ ᠠᠬᠤᠶᠢᠯᠠᠯ ᠮᠡᠳᠡᠭᠦᠯᠦᠯᠲᠡ ᠶᠢᠨ ᠬᠤᠭᠤᠴᠠᠭᠠᠨ ᠳᠣᠲᠣᠷ᠎ᠠ ᠲᠤᠰ ᠠᠵᠤ ᠠᠬᠤᠶᠢᠯᠠᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠳᠤ ᠣᠯᠭᠤᠬᠤ ᠬᠥᠳᠡᠯᠮᠦᠷᠢ ᠶᠢᠨ ᠣᠯᠭᠤᠮᠵᠢ ᠶᠢᠨ ᠶᠡᠷᠦᠩᠬᠡᠶ ᠲᠤᠭ᠎ᠠ ᠶᠢ ᠵᠢᠭᠠᠵᠤ ᠪᠤᠶ᠂ ᠡᠭᠦᠨ ᠳᠤ ᠴᠠᠯᠢᠩ᠂ ᠱᠠᠩᠨᠠᠯ ᠤᠨ ᠮᠥᠩᠭᠦ᠂ ᠨᠡᠮᠡᠭᠦᠷᠢ᠂ ᠨᠥᠬᠦᠪᠥᠷᠢ᠂ ᠴᠠᠭ ᠨᠡᠮᠡᠵᠦ ᠠᠵᠢᠯᠯᠠᠭᠰᠠᠨ ᠴᠠᠯᠢᠩ᠂ ᠣᠨᠴᠣᠭᠤᠶ ᠪᠠᠶᠢᠳᠠᠯ ᠤᠨ ᠳᠣᠤᠷ᠎ᠠ ᠥᠭᠬᠦ ᠴᠠᠯᠢᠩ ᠵᠡᠷᠭᠡ ᠪᠠᠭᠲᠠᠨ᠎ᠠ᠃ 2. ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠭᠡᠳᠡᠭ ᠪᠣᠯ ᠠᠵᠤ ᠠᠬᠤᠶᠢᠯᠠᠯ ᠯᠤᠭ᠎ᠠ ᠬᠥᠳᠡᠯᠮᠦᠷᠢ ᠶᠢᠨ ᠬᠠᠷᠢᠴᠠᠭ᠎ᠠ ᠪᠠᠶᠢᠭᠤᠯᠤᠭᠰᠠᠨ ᠪᠦᠬᠦ ᠠᠵᠢᠯᠲᠠᠨ ᠠᠵᠢᠯᠴᠢᠨ ᠢ ᠵᠢᠭᠠᠵᠤ ᠪᠤᠶ᠂ ᠡᠭᠦᠨ ᠳᠤ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠳᠣᠲᠣᠭᠠᠳᠤ ᠳᠤ ᠪᠠᠨ ᠠᠵᠢᠯ ᠠᠴᠠ ᠪᠠᠨ ᠰᠠᠯᠤᠭᠰᠠᠨ ᠠᠵᠢᠯᠲᠠᠨ ᠠᠵᠢᠯᠴᠢᠨ ︵ᠠᠵᠢᠯ ᠠᠴᠠ ᠪᠠᠨ ᠰᠠᠯᠵᠤ ᠬᠥᠳᠡᠯᠮᠦᠷᠢ ᠶᠢᠨ ᠬᠠᠷᠢᠴᠠᠭ᠎ᠠ ᠶᠢ ᠦᠯᠡᠳᠡᠭᠡᠭᠰᠡᠨ ᠠᠵᠢᠯᠲᠠᠨ ᠠᠵᠢᠯᠴᠢᠨ︶ ᠪᠠᠭᠲᠠᠨ᠎ᠠ᠃ 3. ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠬᠦᠮᠦᠨ ᠤ ᠲᠤᠭ᠎ᠠ ᠨᠢ ᠮᠡᠳᠡᠭᠦᠯᠦᠯᠲᠡ ᠶᠢᠨ ᠬᠤᠭᠤᠴᠠᠭᠠᠨ ᠳᠣᠲᠣᠷᠠᠬᠢ 12 ᠰᠠᠷ᠎ᠠ ᠶᠢᠨ ᠳᠤᠮᠳᠠᠴᠢ ᠠᠵᠢᠯ ᠤᠨ ᠪᠠᠶᠢᠷᠢ ᠳᠤ ᠪᠠᠶᠢᠬᠤ ᠠᠵᠢᠯᠲᠠᠨ ᠠᠵᠢᠯᠴᠢᠨ ᠤ ᠲᠤᠭ᠎ᠠ ᠪᠣᠯᠤᠨ᠎ᠠ᠃ ᠵᠢᠯ ᠤᠨ ᠳᠤᠮᠳᠠᠴᠢ ᠬᠥᠮᠦᠨ ᠤ ᠲᠤᠭ᠎ᠠ = ᠮᠡᠳᠡᠭᠦᠯᠦᠯᠲᠡ ᠶᠢᠨ ᠬᠤᠭᠤᠴᠠᠭᠠᠨ ᠳᠣᠲᠣᠷᠠᠬᠢ 12 ᠰᠠᠷ᠎ᠠ ᠶᠢᠨ ᠳᠤᠮᠳᠠᠴᠢ ᠬᠥᠮᠦᠨ ᠤ ᠲᠤᠭ᠎ᠠ ᠶᠢᠨ ᠨᠡᠶᠢᠯᠡᠪᠦᠷᠢ / 12 ᠪᠣᠯᠤᠨ᠎ᠠ︔ ᠰᠠᠷ᠎ᠠ ᠶᠢᠨ ᠳᠤᠮᠳᠠᠴᠢ ᠬᠥᠮᠦᠨ ᠤ ᠲᠤᠭ᠎ᠠ = ︵ᠰᠠᠷ᠎ᠠ ᠶᠢᠨ ᠡᠬᠢᠨ ᠤ ᠬᠥᠮᠦᠨ ᠤ ᠲᠤᠭ᠎ᠠ + ᠰᠠᠷ᠎ᠠ ᠶᠢᠨ ᠰᠡᠭᠦᠯᠴᠢ ᠶᠢᠨ ᠬᠥᠮᠦᠨ ᠤ ᠲᠤᠭ᠎ᠠ︶ /2 ᠪᠣᠯᠤᠨ᠎ᠠ᠃ 4. ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠴᠠᠯᠢᠩ ᠪᠣᠯ ᠮᠡᠳᠡᠭᠦᠯᠦᠯᠲᠡ ᠶᠢᠨ ᠬᠤᠭᠤᠴᠠᠭᠠᠨ ᠳᠣᠲᠣᠷᠠᠬᠢ ᠣᠯᠭᠤᠬᠤ ᠶᠣᠰᠣᠲᠠᠶ ᠴᠠᠯᠢᠩ ᠤᠨ ᠶᠡᠷᠦᠩᠬᠡᠶ ᠲᠤᠭ᠎ᠠ ᠬᠢᠭᠡᠳ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠵᠢᠯ ᠤᠨ ᠳᠤᠮᠳᠠᠴᠢ ᠬᠥᠮᠦᠨ ᠤ ᠲᠤᠭ᠎ᠠ ᠶᠢᠨ ᠬᠠᠷᠢᠴᠠᠯ ᠪᠣᠯᠤᠨ᠎ᠠ᠃
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map