︽ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ |
ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 |
ᠳ᠋ᠤᠭᠠᠷ ᠲᠣᠭᠠᠲᠤ︶ ᠤᠨ ᠠᠷᠪᠠᠨ ᠨᠢᠭᠡᠳᠦᠭᠡᠷ ᠵᠦᠶ᠋ᠯ ᠤᠨ ᠲᠣᠭᠲᠠᠭᠠᠯ ᠢ ᠦᠨᠳᠦᠰᠦᠯᠡᠪᠡᠯ᠄ ᠵᠠᠰᠠᠮᠠᠯ ᠵᠠᠮ ᠤᠨ |
ᠠᠶᠠᠨᠴᠢᠳ ᠤᠨ ᠵᠥᠭᠡᠭᠡᠪᠦᠷᠢ ᠡᠵᠡᠩᠨᠡᠬᠦ ᠪᠠᠷ ᠭᠤᠶᠤᠴᠢᠯᠠᠬᠤ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ |
︵ᠨᠢᠭᠡ︶ ᠲᠡᠭᠦᠨ ᠤ ᠡᠵᠡᠩᠨᠡᠬᠦ ᠲᠤᠬᠠᠶᠢᠯᠠᠭᠰᠠᠨ ᠠᠵᠢᠯ ᠲᠠᠢ ᠪᠠᠨ ᠵᠣᠬᠢᠴᠠᠭᠰᠠᠨ ᠪᠥᠭᠡᠳ ᠪᠠᠶᠢᠴᠠᠭᠠᠨ ᠬᠡᠮᠵᠢᠭᠡᠳ |
ᠬᠢᠷᠢ ᠲᠡᠩᠴᠡᠭᠰᠡᠨ ᠠᠶᠠᠨᠴᠢᠳ ᠤᠨ ᠲᠡᠷᠭᠡ ᠲᠠᠢ ᠪᠠᠶᠢᠬᠤ ᠬᠡᠷᠡᠭᠲᠡᠶ᠄ 1. ᠠᠶᠠᠨᠴᠢᠳ ᠤᠨ ᠲᠡᠷᠭᠡ ᠶᠢᠨ ᠮᠡᠷᠭᠡᠵᠢᠯ |
ᠤᠨ ᠱᠠᠭᠠᠷᠳᠠᠯᠭ᠎ᠠ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ ᠶᠢᠨ |
ᠲᠣᠭᠲᠠᠭᠠᠯ︾ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ 2. ᠠᠶᠠᠨᠴᠢᠳ ᠤᠨ |
ᠲᠡᠷᠭᠡ ᠶᠢᠨ ᠳᠦᠷᠦᠯ ᠬᠡᠯᠪᠡᠷᠢ ᠳᠡᠰ ᠤᠨ ᠱᠠᠭᠠᠷᠳᠠᠯᠭ᠎ᠠ᠄ ᠨᠢᠭᠡᠳᠦᠭᠡᠷ ᠳᠦᠷᠦᠯ᠂ ᠬᠤᠶᠠᠳᠤᠭᠠᠷ ᠳᠦᠷᠦᠯ ᠤᠨ |
ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠪᠠ ᠲᠡᠷᠭᠡ ᠬᠦᠯᠦᠰᠦᠯᠡᠭᠰᠡᠨ ᠠᠶᠠᠨᠴᠢᠳ ᠤᠨ ᠲᠡᠷᠭᠡ ᠶᠢᠨ |
ᠳᠦᠷᠦᠯ ᠬᠡᠯᠪᠡᠷᠢ ᠳᠡᠰ ᠨᠢ ᠳᠤᠮᠳᠠ ᠵᠡᠷᠭᠡ ᠠᠴᠠ ᠳᠡᠭᠡᠭᠰᠢ ᠬᠦᠷᠦᠭᠰᠡᠨ ᠪᠠᠶᠢᠬᠤ ᠬᠡᠷᠡᠭᠲᠡᠢ᠃ 3. ᠠᠶᠠᠨᠴᠢᠳ ᠤᠨ |
ᠲᠡᠷᠭᠡᠨ ᠤ ᠲᠤᠭ᠎ᠠ ᠬᠡᠮᠵᠢᠶ᠎ᠡ ᠶᠢᠨ ᠱᠠᠭᠠᠷᠳᠠᠯᠭ᠎ᠠ᠄ ︵1︶ ᠨᠢᠭᠡᠳᠦᠭᠡᠷ ᠲᠥᠷᠥᠯ ᠤᠨ ᠠᠶᠠᠨᠴᠢᠳ ᠤᠨ ᠵᠥᠭᠡᠭᠡᠪᠦᠷᠢ |
ᠶᠢᠨ ᠡᠭᠡᠯᠵᠢ ᠶᠢᠨ ᠱᠤᠭᠤᠮ ᠢ ᠡᠵᠡᠩᠨᠡᠬᠦ ᠡᠭᠡᠯᠵᠢ ᠶᠢᠨ ᠲᠡᠷᠭᠡ ᠶᠢᠨ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ |
ᠬᠤᠪᠢᠨ ᠤ ᠡᠵᠡᠩᠨᠡᠯᠲᠡ ᠶᠢᠨ ᠠᠶᠠᠨᠴᠢᠳ ᠤᠨ ᠲᠡᠷᠭᠡ 100 ᠠᠴᠠ ᠳᠡᠭᠡᠭᠰᠢ ᠪᠠᠶᠢᠵᠤ᠂ ᠡᠭᠦᠨ ᠳᠤ ᠳᠡᠭᠡᠳᠦ ᠵᠡᠷᠭᠡ |
ᠶᠢᠨ ᠠᠶᠠᠨᠴᠢᠳ ᠤᠨ ᠲᠡᠷᠭᠡ 30 ᠠᠴᠠ ᠳᠡᠭᠡᠭᠰᠢ ᠪᠠᠶᠢᠬᠤ ᠬᠡᠷᠡᠭᠲᠡᠶ︔ ᠡᠰᠡᠬᠦᠯ᠎ᠡ ᠬᠤᠪᠢᠨ ᠤ ᠳᠡᠭᠡᠳᠤ ᠵᠡᠷᠭᠡ ᠶᠢᠨ |
ᠡᠵᠡᠩᠨᠡᠯᠲᠡ ᠶᠢᠨ ᠠᠶᠠᠨᠴᠢᠳ ᠤᠨ ᠲᠡᠷᠭᠡ 40 ᠠᠴᠠ ᠳᠡᠭᠡᠭᠰᠢ ᠪᠠᠶᠢᠬᠤ ᠬᠡᠷᠡᠭᠲᠡᠶ︔ ︵2︶ ᠬᠤᠶᠠᠳᠤᠭᠠᠷ ᠲᠥᠷᠥᠯ |
ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠡᠭᠡᠯᠵᠢ ᠶᠢᠨ ᠲᠡᠷᠭᠡ ᠶᠢᠨ ᠠᠶᠠᠨᠴᠢᠳ |
ᠤᠨ ᠵᠥᠭᠡᠭᠡᠪᠦᠷᠢ ᠶᠢᠨ ᠡᠵᠡᠩᠨᠡᠭᠴᠢ ᠬᠤᠪᠢᠨ ᠤ ᠡᠵᠡᠩᠨᠡᠯᠲᠡ ᠶᠢᠨ ᠠᠶᠠᠨᠴᠢᠳ ᠤᠨ ᠲᠡᠷᠭᠡ 50 ᠠᠴᠠ ᠳᠡᠭᠡᠭᠰᠢ |
ᠪᠠᠶᠢᠵᠤ᠂ ᠡᠭᠦᠨ ᠳᠤ ᠳᠤᠮᠳᠠ ᠳᠡᠭᠡᠳᠦ ᠵᠡᠷᠭᠡ ᠶᠢᠨ ᠠᠶᠠᠨᠴᠢᠳ ᠤᠨ ᠲᠡᠷᠭᠡ 15 ᠠᠴᠠ ᠳᠡᠭᠡᠭᠰᠢ ᠪᠠᠶᠢᠬᠤ ᠬᠡᠷᠡᠭᠲᠡᠶ︔ |
ᠡᠰᠡᠬᠦᠯ᠎ᠡ ᠬᠤᠪᠢᠨ ᠤ ᠳᠡᠭᠡᠳᠤ ᠵᠡᠷᠭᠡ ᠶᠢᠨ ᠡᠵᠡᠩᠨᠡᠯᠲᠡ ᠶᠢᠨ ᠠᠶᠠᠨᠴᠢᠳ ᠤᠨ ᠲᠡᠷᠭᠡ 20 ᠠᠴᠠ ᠳᠡᠭᠡᠭᠰᠢ ᠪᠠᠶᠢᠬᠤ |
ᠬᠡᠷᠡᠭᠲᠡᠶ︔ ︵3︶ ᠭᠤᠷᠪᠠᠳᠤᠭᠠᠷ ᠲᠥᠷᠥᠯ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ |
ᠡᠵᠡᠩᠨᠡᠬᠦ ᠡᠭᠡᠯᠵᠢ ᠶᠢᠨ ᠲᠡᠷᠭᠡ ᠶᠢᠨ ᠠᠶᠠᠨᠴᠢᠳ ᠤᠨ ᠵᠥᠭᠡᠭᠡᠪᠦᠷᠢ ᠶᠢᠨ ᠡᠵᠡᠩᠨᠡᠭᠴᠢ ᠬᠤᠪᠢᠨ ᠤ ᠡᠵᠡᠩᠨᠡᠯᠲᠡ ᠶᠢᠨ |
ᠠᠶᠠᠨᠴᠢᠳ ᠤᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠶ︔ ︵4︶ ᠳᠥᠷᠪᠡᠳᠦᠭᠡᠷ ᠲᠥᠷᠥᠯ ᠤᠨ ᠠᠶᠠᠨᠴᠢᠳ |
ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠡᠵᠡᠩᠨᠡᠬᠦ ᠡᠭᠡᠯᠵᠢ ᠶᠢᠨ ᠲᠡᠷᠭᠡ ᠶᠢᠨ ᠠᠶᠠᠨᠴᠢᠳ ᠤᠨ ᠵᠥᠭᠡᠭᠡᠪᠦᠷᠢ |
ᠶᠢᠨ ᠡᠵᠡᠩᠨᠡᠭᠴᠢ ᠬᠤᠪᠢᠨ ᠤ ᠡᠵᠡᠩᠨᠡᠯᠲᠡ ᠶᠢᠨ ᠠᠶᠠᠨᠴᠢᠳ ᠤᠨ ᠲᠡᠷᠭᠡ 1 ᠠᠴᠠ ᠳᠡᠭᠡᠭᠰᠢ ᠪᠠᠶᠢᠬᠤ ᠬᠡᠷᠡᠭᠲᠡᠶ︔ |
︵5︶ ᠮᠤᠵᠢ ᠶᠢᠨ ᠬᠤᠭᠤᠷᠣᠨᠳᠣ ᠲᠡᠷᠭᠡ ᠬᠦᠯᠦᠰᠦᠯᠡᠭᠰᠡᠨ ᠠᠶᠠᠨᠴᠢᠳ ᠤᠨ ᠵᠥᠭᠡᠭᠡᠪᠦᠷᠢ ᠡᠵᠡᠩᠨᠡᠬᠦ |
ᠡᠵᠡᠩᠨᠡᠭᠴᠢ ᠬᠤᠪᠢᠨ ᠤ ᠳᠤᠮᠳᠠ ᠳᠡᠭᠡᠳᠦ ᠲᠠᠰ ᠤᠨ ᠠᠶᠠᠨᠴᠢᠳ ᠤᠨ ᠲᠡᠷᠭᠡ 20 ᠠᠴᠠ ᠳᠡᠭᠡᠭᠰᠢ ᠪᠠᠶᠢᠬᠤ ᠬᠡᠷᠡᠭᠲᠡᠶ︔ |
︵6︶ ᠮᠤᠵᠢ ᠶᠢᠨ ᠳᠣᠲᠣᠷᠠᠬᠢ ᠲᠡᠷᠭᠡ ᠬᠦᠯᠦᠰᠦᠯᠡᠭᠰᠡᠨ ᠠᠶᠠᠨᠴᠢᠳ ᠤᠨ ᠵᠥᠭᠡᠭᠡᠪᠦᠷᠢ ᠡᠵᠡᠩᠨᠡᠬᠦ ᠡᠵᠡᠩᠨᠡᠭᠴᠢ |
ᠬᠤᠪᠢᠨ ᠤ ᠡᠵᠡᠩᠨᠡᠯᠲᠡ ᠶᠢᠨ ᠠᠶᠠᠨᠴᠢᠳ ᠤᠨ ᠲᠡᠷᠭᠡ 10 ᠠᠴᠠ ᠳᠡᠭᠡᠭᠰᠢ ᠪᠠᠶᠢᠬᠤ ᠬᠡᠷᠡᠭᠲᠡᠢ᠃ ︵ᠬᠤᠶᠠᠷ︶ |
ᠠᠶᠠᠨᠴᠢᠳ ᠤᠨ ᠵᠥᠭᠡᠭᠡᠪᠦᠷᠢ ᠡᠵᠡᠩᠨᠡᠬᠦ ᠵᠢᠯᠣᠭᠤᠴᠢ ᠨᠢ ︽ᠵᠠᠮ ᠲᠡᠭᠡᠭᠡᠪᠦᠷᠢ ᠶᠢᠨ ᠠᠵᠢᠯᠯᠠᠭᠰᠠᠳ ᠢ ᠬᠠᠮᠢᠶᠠᠷᠬᠤ |
ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠭᠤᠷᠪᠠ︶ |
ᠠᠶᠤᠯᠭᠦᠢ ᠦᠢᠯᠡᠳᠪᠦᠷᠢᠯᠡᠯ ᠤᠨ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠥᠷᠢᠮ ᠪᠠᠶᠢᠬᠤ ᠬᠡᠷᠡᠭᠲᠡᠶ᠂ ᠡᠭᠦᠨ ᠳᠤ |
ᠠᠶᠤᠯᠭᠦᠢ ᠦᠢᠯᠡᠳᠪᠦᠷᠢᠯᠡᠯ ᠤᠨ ᠠᠵᠢᠯᠯᠠᠬᠤ ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ |
ᠲᠥᠷᠢᠮ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ᠂ ᠵᠢᠯᠣᠭᠤᠴᠢ ᠪᠠ ᠲᠡᠷᠭᠡ ᠬᠥᠰᠬᠡ ᠶᠢᠨ |
ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠥᠷᠢᠮ ᠪᠠᠭᠲᠠᠨ᠎ᠠ᠃ ᠵᠠᠮ ᠬᠠᠷᠢᠯᠴᠠᠭᠠᠨ ᠤ ᠠᠶᠠᠨᠴᠢᠳ ᠤᠨ |
ᠵᠥᠭᠡᠭᠡᠪᠦᠷᠢ ᠶᠢᠨ ᠡᠭᠡᠯᠵᠢ ᠶᠢᠨ ᠱᠤᠭᠤᠮ ᠡᠵᠡᠩᠨᠡᠬᠦ ᠪᠠᠷ ᠭᠤᠶᠤᠴᠢᠯᠠᠬᠤ ᠳᠤ᠂ ᠪᠠᠰᠠ ᠲᠣᠳᠣᠷᠬᠠᠶ ᠵᠠᠮ ᠱᠤᠭᠤᠮ |
ᠪᠣᠯᠤᠨ ᠥᠷᠲᠡᠭᠡ ᠴᠡᠭ ᠤᠨ ᠲᠥᠰᠦᠯ ᠲᠠᠢ ᠪᠠᠶᠢᠬᠤ ᠬᠡᠷᠡᠭᠲᠡᠶ᠃ |
|