︽ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ ᠠᠷᠭ᠎ᠠ︾ |
︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ |
2021 ᠣᠨ ᠤ 22 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 ᠣᠨ ᠤ |
ᠬᠤᠶᠠᠳᠤᠭᠠᠷ ᠬᠤᠭᠤᠴᠠᠭᠠᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠤᠨ |
ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ |
|
ᠨᠢᠭᠡ᠂ ᠵᠠᠷᠯᠠᠬᠤ ᠬᠤᠭᠤᠴᠠᠭ᠎ᠠ ᠨᠢ 2024 ᠣᠨ ᠤ 12 ᠳ᠋ᠤᠭᠠᠷ ᠰᠠᠷ᠎ᠠ ᠶᠢᠨ 17 ᠤ ᠡᠳᠦᠷ ᠠᠴᠠ |
2024 ᠣᠨ ᠤ 12 ᠳ᠋ᠤᠭᠠᠷ ᠰᠠᠷ᠎ᠠ ᠶᠢᠨ 23 ᠤ ᠡᠳᠦᠷ ︵ᠲᠠᠪᠤᠨ ᠠᠵᠢᠯᠯᠠᠬᠤ ᠡᠳᠦᠷ︶ ᠪᠣᠯᠲᠠᠯ᠎ᠠ᠂ ᠵᠠᠷᠯᠠᠬᠤ |
ᠬᠤᠭᠤᠴᠠᠭᠠᠨ ᠳᠤ᠂ ᠶᠠᠮᠠᠷᠪᠠ ᠨᠢᠭᠡᠴᠢ ᠪᠣᠯᠣᠨ ᠬᠤᠪᠢ ᠬᠥᠮᠦᠨ ᠠᠴᠠ ᠴᠥᠮ ᠵᠠᠷᠯᠠᠭᠰᠠᠨ ᠠᠵᠤ ᠠᠬᠤᠶᠢᠯᠠᠯ ᠤᠨ |
ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠵᠠᠭᠠᠯᠳᠤᠯᠭ᠎ᠠ ᠬᠢᠵᠦ ᠪᠣᠯᠤᠨ᠎ᠠ᠂ ᠬᠤᠭᠤᠴᠠᠭ᠎ᠠ |
ᠥᠩᠭᠡᠷᠡᠪᠡᠯ ᠭᠥᠯᠢᠶᠡᠨ ᠠᠪᠴᠤ ᠰᠢᠶᠳᠪᠦᠷᠢᠯᠡᠬᠦ ᠥᠬᠡᠶ ︵ᠰᠢᠦᠳᠠᠨ ᠢᠶᠠᠷ ᠢᠯᠡᠭᠡᠭᠰᠡᠨ ᠮᠠᠲ᠋ᠧᠷᠢᠶᠠᠯ ᠢ ᠪᠣᠯ ᠰᠢᠦᠳᠠᠨ |
ᠤ ᠲᠠᠮᠠᠭ᠎ᠠ ᠳᠠᠷᠤᠭᠰᠠᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶᠂ ᠪᠢᠴᠢᠭ ᠢᠶᠠᠷ ᠭᠤᠮᠣᠳᠠᠯ |
ᠲᠣᠭᠠᠴᠢᠬᠤ ᠳᠤ ᠭᠤᠮᠣᠳᠠᠯ ᠲᠣᠭᠠᠴᠢᠬᠤ ᠵᠦᠶᠯᠡᠰ᠂ ᠤᠴᠢᠷ ᠰᠢᠯᠲᠠᠭᠠᠨ᠂ ᠦᠨᠳᠦᠰᠦᠯᠡᠯ ᠵᠢᠴᠢ ᠬᠠᠮᠢᠶ᠎ᠠ ᠪᠥᠬᠦᠶ |
ᠭᠡᠷᠡᠴᠢ ᠮᠠᠲ᠋ᠧᠷᠢᠶᠠᠯ ᠢ ᠪᠠᠭᠲᠠᠭᠠᠬᠤ ᠬᠡᠷᠡᠭᠲᠡᠶ᠃ |
ᠬᠤᠶᠠᠷ᠂ ᠨᠢᠭᠡᠴᠢ ᠶᠢᠨ ᠬᠢᠨ ᠭᠤᠮᠣᠳᠠᠯ ᠲᠣᠭᠠᠴᠢᠬᠤ ᠳᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ |
ᠡᠷᠬᠡ ᠣᠯᠭᠤᠭᠰᠠᠨ ᠣᠷᠣᠯᠠᠭᠴᠢ ᠭᠠᠷ ᠤᠨ ᠦᠰᠦᠭ ᠵᠢᠷᠤᠵᠤ᠂ ᠨᠢᠭᠡᠴᠢ ᠶᠢᠨ ᠬᠢᠨ ᠠᠯᠪᠠᠨ ᠲᠠᠮᠠᠭ᠎ᠠ ᠪᠠᠨ ᠳᠠᠷᠤᠵᠤ᠂ |
ᠦᠨᠡᠨ ᠪᠣᠳᠠᠲᠠᠢ ᠤᠪᠤᠭ ᠨᠡᠷ᠎ᠡ ᠪᠠᠨ ᠪᠢᠴᠢᠵᠦ᠂ ᠨᠢᠭᠡᠴᠢ ᠶᠢᠨ ᠨᠡᠷᠡᠶᠢᠳᠦᠯ᠂ ᠬᠦᠴᠦᠨ ᠪᠦᠬᠦᠢ ᠬᠠᠷᠢᠯᠴᠠᠬᠤ |
ᠤᠲᠠᠰᠤ ᠪᠠ ᠬᠠᠷᠢᠯᠴᠠᠬᠤ ᠬᠠᠶ᠋ᠢᠭ ᠢᠶᠠᠨ ᠬᠠᠩᠭᠠᠬᠤ ᠬᠡᠷᠡᠭᠲᠡᠢ︔ ᠬᠤᠪᠢ ᠬᠥᠮᠦᠨ ᠭᠤᠮᠣᠳᠠᠯ ᠲᠣᠭᠠᠴᠢᠬᠤ ᠳᠤ ᠪᠠᠨ |
ᠡᠷᠬᠡᠪᠰᠢ ᠦᠨᠡᠨ ᠪᠣᠳᠠᠲᠠᠢ ᠤᠪᠤᠭ ᠨᠡᠷ᠎ᠡ ᠪᠠᠨ ᠪᠢᠴᠢᠵᠦ᠂ ᠬᠦᠴᠦᠨ ᠪᠦᠬᠦᠢ ᠬᠠᠷᠢᠯᠴᠠᠬᠤ ᠤᠲᠠᠰᠤ ᠪᠠ ᠬᠠᠷᠢᠯᠴᠠᠬᠤ |
ᠬᠠᠶ᠋ᠢᠭ ᠢᠶᠠᠨ ᠬᠠᠩᠭᠠᠬᠤ ᠬᠡᠷᠡᠭᠲᠡᠢ ᠃ |
ᠭᠤᠷᠪᠠ᠂ ᠵᠠᠭᠠᠯᠳᠤᠭᠰᠠᠨ ᠨᠢᠭᠡᠴᠢ ᠪᠣᠯᠣᠨ ᠬᠤᠪᠢ ᠬᠥᠮᠦᠨ ᠠᠴᠠ ᠵᠠᠭᠠᠯᠳᠤᠭᠰᠠᠨ ᠵᠦᠢᠯᠡᠰ ᠯᠦᠭᠡ ᠰᠢᠭᠤᠳ |
ᠠᠰᠢᠭ ᠬᠤᠣᠷ ᠤᠨ ᠬᠠᠷᠢᠴᠠᠭ᠎ᠠ ᠲᠠᠢ ᠪᠠᠶᠢᠵᠤ᠂ ᠪᠣᠳᠠᠲᠠᠢ ᠰᠦᠪᠡᠭᠴᠢ ᠬᠠᠩᠭᠠᠬᠤ ᠪᠥᠭᠡᠳ ᠢᠯᠡᠴᠢᠯᠡᠨ |
ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠢ᠂ ᠳᠡᠭᠡᠷᠡᠬᠢ ᠨᠥᠬᠦᠴᠡᠯ ᠳᠤ |
ᠨᠡᠶᠢᠴᠡᠬᠦ ᠦᠭᠡᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃ |
ᠳᠥᠷᠪᠡ᠂ ᠬᠦᠯᠢᠶᠡᠨ ᠠᠪᠴᠤ ᠰᠢᠶᠳᠪᠦᠷᠢᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠮᠠᠯ ᠵᠠᠮ ᠤᠨ ᠭᠠᠵᠠᠷ ᠪᠣᠯᠤᠨ᠎ᠠ᠃ ᠮᠠᠲ᠋ᠧᠷᠢᠶᠠᠯ ᠢᠯᠡᠭᠡᠬᠦ ᠬᠠᠶ᠋ᠢᠭ |
ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ |
ᠰᠢᠨᠵᠢᠯᠡᠭᠡᠨ ᠤ ᠲᠣᠪᠴᠢᠶᠠᠨ ᠤ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ᠂ ᠰᠢᠦᠳᠠᠨ ᠤ ᠨᠣᠮᠧᠷ᠄ 010020᠂ |
ᠤᠲᠠᠰᠤ᠄ 0471 - 6267737᠃ |
ᠲᠠᠪᠤ᠂ ᠠᠰᠠᠭᠤᠨ ᠯᠠᠪᠯᠠᠬᠤ ᠤᠲᠠᠰᠤ 0471 - 6962049᠃ |
ᠳᠠᠭᠠᠯᠳᠤᠭᠤᠯᠤᠯ᠄2024 ᠣᠨ ᠤ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠢ ᠬᠢᠨᠠᠨ |
ᠪᠠᠶᠢᠴᠠᠭᠠᠭᠰᠠᠨ ᠦᠷ᠎ᠡ ᠳ᠋ᠦᠩ ᠤᠨ ᠬᠤᠷᠢᠶᠠᠩᠭᠤᠶᠢᠯᠠᠭᠰᠠᠨ ᠬᠦᠰᠦᠨᠦᠭᠲᠦ |
|