|
ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠥᠷᠲᠡᠭᠡ ᠨᠢ ᠵᠠᠰᠠᠮᠠᠯ ᠵᠠᠮ ᠤᠨ ᠵᠠᠮ |
ᠬᠠᠷᠢᠯᠴᠠᠭᠠᠨ ᠤ ᠪᠠᠷᠢᠯᠭ᠎ᠠ ᠪᠣᠯᠤᠨ ᠵᠠᠮ ᠳᠠᠭᠠᠤ ᠲᠥᠬᠦᠭᠡᠷᠦᠮᠵᠢ ᠳᠤ ᠬᠠᠷᠢᠶᠠᠯᠠᠭᠳᠠᠨ᠎ᠠ᠃ ︽ᠪᠦᠭᠦᠳᠡ ᠨᠠᠶᠢᠷᠠᠮᠳᠠᠬᠤ |
ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠲᠠᠪᠢᠨ ᠳᠥᠷᠪᠡᠳᠦᠭᠡᠷ ᠵᠦᠢᠯ ᠳᠤ᠂ ︽ᠶᠠᠮᠠᠷᠪᠠ |
ᠨᠢᠭᠡᠴᠢ ᠪᠣᠯᠤᠨ ᠬᠤᠪᠢ ᠬᠥᠮᠦᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ |
ᠵᠠᠰᠠᠭ ᠤᠨ ᠣᠷᠳᠣᠨ ᠤ ᠵᠠᠮ ᠬᠠᠷᠢᠯᠴᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ |
ᠵᠥᠪᠰᠢᠶᠡᠷᠡᠭᠦᠯᠦᠭᠡᠳᠦᠶ ᠪᠣᠯ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠵᠠᠰᠠᠮᠠᠯ ᠵᠠᠮ ᠤᠨ |
ᠲᠡᠮᠳᠡᠭ ᠠᠴᠠ ᠪᠤᠰᠤᠳ ᠲᠡᠮᠳᠡᠭ ᠲᠠᠯᠪᠢᠵᠤ ᠪᠣᠯᠬᠤ ᠦᠭᠡᠶ︾ ᠭᠡᠵᠡᠢ᠃ |
|