| ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ |
ᠪᠠᠶᠢᠭᠤᠯᠤᠯᠲᠠ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠬᠤᠳᠠᠯᠳᠤᠭᠠᠴᠢᠨ |
ᠤᠷᠢᠵᠤ ᠪᠡᠯᠡ ᠣᠷᠣᠭᠤᠯᠬᠤ ᠶᠢ ᠠᠬᠢᠭᠤᠯᠤᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠯᠬᠢᠨ |
ᠠᠬᠢᠭᠤᠯᠬᠤ ᠶᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ ᠤ ᠬᠢᠵᠠᠭᠠᠷ ᠳᠣᠲᠣᠷᠠᠬᠢ ᠵᠠᠰᠠᠭ ᠤᠨ ᠣᠷᠳᠣᠨ |
ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢᠨ ᠵᠠᠭᠪᠤᠷ ᠢ ᠬᠡᠷᠡᠭᠯᠡᠨ ᠠᠬᠢᠭᠤᠯᠬᠤ ᠳᠤ |
ᠨᠡᠶᠢᠴᠡᠬᠦ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠢ ᠨᠡᠶᠢᠲᠡᠯᠡᠵᠦ᠂ ᠡᠯ᠎ᠡ ᠲᠠᠯ᠎ᠠ ᠶᠢᠨ ᠨᠡᠶᠢᠭᠡᠮ ᠤᠨ |
ᠬᠥᠷᠥᠩᠭᠡ ᠶᠢᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠨ᠎ᠠ᠃ |
ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠣᠰ ᠭᠠᠵᠠᠷ ᠣᠷᠣᠨ ᠤ ᠲᠥᠷᠥᠯ |
ᠵᠦᠢᠯ ᠤᠨ ᠪᠣᠳᠠᠲᠠᠶ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠮᠠᠨ ᠤ ᠲᠢᠩᠬᠢᠮ ᠲᠥᠷᠥᠯ ᠵᠦᠢᠯ ᠢ ᠵᠣᠬᠢᠴᠠᠭᠤᠯᠤᠨ |
ᠠᠬᠢᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠨ᠎ᠠ᠃ ᠡᠯ᠎ᠡ ᠲᠥᠷᠥᠯ ᠵᠦᠢᠯ ᠤᠨ ᠪᠣᠳᠠᠲᠠᠶ ᠪᠠᠶᠢᠳᠠᠯ ᠢ ᠠᠰᠠᠭᠤᠨ |
ᠯᠠᠪᠯᠠᠬᠤ ᠪᠤᠶᠤ ᠬᠠᠮᠢᠶ᠎ᠠ ᠪᠥᠬᠦᠶ ᠤᠴᠢᠷ ᠶᠠᠪᠤᠳᠠᠯ ᠢ ᠵᠣᠯᠭᠠᠭᠤᠯᠬᠤ ᠪᠠᠶᠢᠪᠠᠯ᠂ ᠡᠯ᠎ᠡ ᠠᠶᠢᠮᠠᠭ ᠬᠤᠲᠠ ᠶᠢᠨ ᠵᠠᠮ |
ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ︵ᠲᠥᠷᠥᠯ ᠵᠦᠢᠯ ᠤᠨ ᠪᠠᠶᠢᠳᠠᠯ |
ᠵᠢᠴᠢ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠯ ᠳᠤ ᠦᠵᠡ︶ ᠲᠠᠢ ᠰᠢᠭᠤᠳ ᠬᠠᠷᠢᠯᠴᠠᠭᠠᠷᠠᠢ᠃ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠯᠴᠠᠬᠤ ᠬᠥᠮᠦᠨ᠄ |
ᠯᠢ ᠫᠧᠩ᠂ 0471 - 6936992 |
ᠴᠢᠶᠣᠤ ᠸᠧᠨ ᠲᠢᠩ᠂ ᠮᠠ ᠮᠢᠩ ᠭᠦ᠋᠂ 0471 - 6261831 |
ᠳᠠᠭᠠᠯᠳᠤᠭᠤᠯᠤᠯ᠄ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ |
ᠲᠣᠭᠲᠠᠴᠠ ᠶᠢ ᠶᠢ ᠬᠡᠷᠡᠭᠯᠡᠨ ᠠᠬᠢᠭᠤᠯᠬᠤ ᠳᠤ ᠨᠡᠶᠢᠴᠡᠬᠦ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ |
ᠨᠠᠷᠢᠨ ᠳᠠᠩᠰᠠ᠂ xls |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2024 ᠣᠨ ᠤ 2 ᠳ᠋ᠤᠭᠠᠷ ᠰᠠᠷ᠎ᠠ ᠶᠢᠨ 26 ᠤ ᠡᠳᠦᠷ |
|