︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠳᠥᠴᠢᠨ |
ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠵᠠᠰᠠᠮᠠᠯ ᠵᠠᠮ ᠢ |
ᠳᠤᠷ᠎ᠠ ᠪᠠᠷ ᠢᠶᠠᠨ ᠡᠵᠡᠯᠡᠨ ᠬᠡᠷᠡᠭᠯᠡᠵᠦ᠂ ᠮᠠᠯᠲᠠᠵᠤ ᠪᠣᠯᠬᠤ ᠦᠭᠡᠶ᠃ |
ᠳᠠᠯᠠᠨ ᠵᠢᠷᠭᠤᠳᠤᠭᠠᠷ ᠵᠦᠢᠯ ᠤᠨ ︵ᠨᠢᠭᠡ︶ ᠳ᠋ᠦᠭᠡᠷ ᠵᠤᠷᠪᠤᠰ ᠲᠤ ᠳᠣᠤᠷᠠᠬᠢ ᠮᠡᠲᠦ ᠬᠠᠤᠯᠢ ᠠᠴᠠ |
ᠵᠥᠷᠢᠴᠡᠭᠰᠡᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ |
ᠮᠥᠴᠢᠷ ᠠᠴᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠤᠷᠪᠠᠨ |
ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠄ ︵ᠨᠢᠭᠡ︶ ᠲᠤᠰ ᠬᠠᠤᠯᠢ ᠶᠢᠨ ᠳᠥᠴᠢᠨ |
ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠨ᠂ ᠵᠠᠰᠠᠮᠠᠯ ᠵᠠᠮ ᠢ ᠳᠤᠷ᠎ᠠ ᠪᠠᠷ ᠢᠶᠠᠨ |
ᠡᠵᠡᠯᠡᠨ ᠬᠡᠷᠡᠭᠯᠡᠭᠰᠡᠨ᠂ ᠮᠠᠯᠲᠠᠭᠰᠠᠨ᠃ |
︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠬᠤᠷᠢᠨ ᠳᠣᠯᠣᠳᠤᠭᠠᠷ ᠵᠦᠢᠯ ᠤᠨ |
︵ᠨᠢᠭᠡ︶ ᠳ᠋ᠦᠭᠡᠷ ᠵᠤᠷᠪᠤᠰ ᠲᠤ ᠳᠣᠤᠷᠠᠬᠢ ᠮᠡᠲᠦ ᠵᠠᠮ ᠲᠠᠢ ᠬᠤᠯᠪᠣᠭᠳᠠᠬᠤ ᠪᠠᠷᠢᠯᠭ᠎ᠠ ᠶᠢᠨ ᠠᠵᠢᠯᠯᠠᠭ᠎ᠠ ᠶᠢ ᠬᠢᠬᠦ ᠳᠤ᠂ |
ᠪᠦᠲᠦᠭᠡᠨ ᠪᠠᠶᠢᠭᠤᠯᠬᠤ ᠨᠢᠭᠡᠴᠢ ᠨᠢ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠭᠤᠶᠤᠴᠢᠯᠠᠯ |
ᠳᠤᠷᠠᠳᠬᠤ ᠬᠡᠷᠡᠭᠲᠡᠶ᠄ ︵ᠨᠢᠭᠡ︶ ᠲᠡᠮᠦᠷ ᠵᠠᠮ᠂ ᠨᠢᠰᠬᠡᠯ ᠤᠨ ᠪᠠᠭᠤᠳᠠᠯ᠂ ᠴᠠᠬᠢᠯᠭᠠᠨ ᠬᠠᠩᠭᠠᠬᠤ᠂ ᠤᠰᠤᠨ |
ᠠᠰᠢᠭᠯᠠᠯᠲᠠ᠂ ᠴᠢᠮᠡᠭᠡ ᠬᠤᠯᠪᠣᠭ᠎ᠠ ᠵᠠᠰᠠᠨ ᠪᠠᠶᠢᠭᠤᠯᠬᠤ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠠᠴᠠ |
ᠪᠣᠯᠵᠤ ᠵᠠᠰᠠᠮᠠᠯ ᠵᠠᠮ᠂ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠵᠠᠰᠠᠮᠠᠯ ᠵᠠᠮ ᠤᠨ |
ᠱᠤᠭᠤᠮ ᠢ ᠥᠭᠡᠷᠡᠴᠢᠯᠡᠬᠦ ᠴᠢᠬᠤᠯᠠᠲᠠᠢ᠃ |
ᠵᠢᠷᠠᠨ ᠬᠤᠶᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠵᠥᠪᠰᠢᠶᠡᠷᠡᠯ ᠦᠭᠡᠶ ᠪᠠᠷ ᠲᠤᠰ |
ᠳᠦᠷᠢᠮ ᠤᠨ ᠬᠤᠷᠢᠨ ᠳᠣᠯᠣᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠲᠤ |
ᠲᠣᠭᠲᠠᠭᠠᠭᠰᠠᠨ ᠵᠠᠮ ᠳᠤ ᠬᠤᠯᠪᠣᠭᠳᠠᠭᠰᠠᠨ ᠪᠠᠷᠢᠯᠭ᠎ᠠ ᠶᠢᠨ ᠠᠵᠢᠯᠯᠠᠭ᠎ᠠ ᠬᠢᠭᠰᠡᠨ ᠪᠣᠯ ᠵᠠᠰᠠᠮᠠᠯ ᠵᠠᠮ ᠤᠨ |
ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ 3 ᠲᠦᠮᠡᠨ ᠲᠥᠭᠦᠷᠢᠭ ᠠᠴᠠ ᠳᠣᠷᠣᠭᠰᠢ |
ᠵᠣᠭᠤᠰ ᠢᠶᠠᠷ ᠲᠣᠷᠭᠠᠵᠤ ᠪᠣᠯᠤᠨ᠎ᠠ᠂ ᠵᠥᠪᠰᠢᠶᠡᠷᠡᠯ ᠦᠭᠡᠶ ᠪᠠᠷ ᠲᠤᠰ ᠳᠦᠷᠢᠮ ᠤᠨ ᠬᠤᠷᠢᠨ ᠳᠣᠯᠣᠳᠤᠭᠠᠷ |
ᠵᠦᠢᠯ ᠤᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠵᠠᠮ ᠳᠤ ᠬᠤᠯᠪᠣᠭᠳᠠᠭᠰᠠᠨ ᠪᠠᠷᠢᠯᠭ᠎ᠠ ᠶᠢᠨ ᠠᠵᠢᠯᠯᠠᠭ᠎ᠠ |
ᠬᠢᠭᠰᠡᠨ ᠪᠣᠯ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠵᠤ᠂ 5 ᠲᠦᠮᠡᠨ |
ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ |