︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ ᠶᠢᠨ ᠲᠣᠭᠲᠠᠭᠠᠯ︾ |
︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ |
2019 ᠣᠨ ᠤ 19 ᠳ᠋ᠦ᠋ᠭᠡᠷ ᠲᠣᠭᠠᠲᠤ︶ ᠤᠨ ᠳᠣᠯᠣᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠵᠠᠮ |
ᠲᠡᠭᠡᠭᠡᠪᠦᠷᠢ ᠶᠢᠨ ᠡᠵᠡᠩᠨᠡᠯᠲᠡ ᠬᠢᠵᠦ ᠪᠠᠶᠢᠭ᠎ᠠ ᠲᠡᠷᠭᠡ ᠬᠥᠰᠬᠡ ᠨᠢ ᠳᠣᠤᠷᠠᠬᠢ ᠮᠡᠲᠦ ᠮᠡᠷᠭᠡᠵᠢᠯ ᠤᠨ ᠱᠠᠭᠠᠷᠳᠠᠯᠭ᠎ᠠ |
ᠳᠤ ᠨᠡᠶᠢᠴᠡᠭᠰᠡᠨ ᠪᠠᠶᠢᠬᠤ ᠬᠡᠷᠡᠭᠲᠡᠶ᠄ ︵ᠨᠢᠭᠡ︶ ᠲᠡᠷᠭᠡ ᠬᠥᠰᠬᠡ ᠶᠢᠨ ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ |
ᠤᠨ ᠳᠠᠭᠠᠭᠠᠴᠠ ᠪᠣᠯᠤᠨ ᠬᠠᠮᠤᠭ ᠤᠨ ᠶᠡᠭᠡ ᠵᠥᠪᠰᠢᠶᠡᠷᠡᠭᠰᠡᠨ ᠶᠡᠷᠦᠩᠬᠡᠶ ᠮᠠᠰ ᠨᠢ ︽ᠵᠠᠮ ᠤᠨ ᠲᠡᠷᠭᠡ ᠬᠥᠰᠬᠡ ᠶᠢᠨ |
ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ ᠵᠢᠴᠢ ᠮᠠᠰ ᠤᠨ ᠬᠢᠵᠠᠭᠠᠷᠲᠤ ᠬᠡᠮᠵᠢᠭᠳᠡᠯ︾ |
︵GB 1589︶ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ︵ᠬᠤᠶᠠᠷ︶ ᠲᠡᠷᠭᠡ ᠬᠥᠰᠬᠡ ᠶᠢᠨ |
ᠮᠡᠷᠭᠡᠵᠢᠯ ᠤᠨ ᠰᠢᠨᠵᠢ ᠴᠢᠳᠠᠯ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠰᠢᠨᠵᠢ |
ᠴᠢᠳᠠᠯ ᠤᠨ ᠱᠠᠭᠠᠷᠳᠠᠯᠭ᠎ᠠ ᠪᠣᠯᠤᠨ ᠰᠢᠯᠭᠠᠨ ᠪᠠᠶᠢᠴᠠᠭᠠᠬᠤ ᠠᠷᠭ᠎ᠠ︾ ︵GB 18565︶ ᠶᠢᠨ ᠱᠠᠭᠠᠷᠳᠠᠯᠭ᠎ᠠ ᠳᠤ |
ᠨᠡᠶᠢᠴᠡᠭᠰᠡᠨ ᠪᠠᠶᠢᠬᠤ ᠬᠡᠷᠡᠭᠲᠡᠶ︔ ︵ᠭᠤᠷᠪᠠ︶ ᠲᠡᠷᠭᠡᠨ ᠬᠡᠯᠪᠡᠷᠢ ᠶᠢᠨ ᠲᠦᠯᠡᠰᠢᠨ ᠤ ᠬᠤᠷᠣᠭᠳᠠᠯ ᠤᠨ |
ᠬᠡᠮᠵᠢᠶ᠎ᠡ ᠶᠢᠨ ᠬᠢᠵᠠᠭᠠᠷᠲᠤ ᠬᠡᠮᠵᠢᠭᠳᠡᠯ ᠨᠢ ︽ᠲᠡᠭᠡᠭᠡᠪᠦᠷᠢ ᠡᠵᠡᠩᠨᠡᠵᠦ ᠪᠠᠶᠢᠭ᠎ᠠ ᠠᠶᠠᠨᠴᠢᠳ ᠤᠨ ᠲᠡᠷᠭᠡ ᠶᠢᠨ |
ᠲᠦᠯᠡᠰᠢᠨ ᠤ ᠬᠤᠷᠣᠭᠳᠠᠯ ᠤᠨ ᠬᠡᠮᠵᠢᠶ᠎ᠡ ᠶᠢᠨ ᠬᠢᠵᠠᠭᠠᠷᠲᠤ ᠬᠡᠮᠵᠢᠭᠳᠡᠯ ᠵᠢᠴᠢ ᠬᠡᠮᠵᠢᠬᠦ ᠠᠷᠭ᠎ᠠ︾ ︵JT 711︶᠂ |
︽ᠲᠡᠭᠡᠭᠡᠪᠦᠷᠢ ᠡᠵᠡᠩᠨᠡᠵᠦ ᠪᠠᠶᠢᠭ᠎ᠠ ᠪᠠᠷᠠᠭᠠᠨ ᠤ ᠲᠡᠷᠭᠡ ᠶᠢᠨ ᠲᠦᠯᠡᠰᠢᠨ ᠤ ᠬᠤᠷᠣᠭᠳᠠᠯ ᠤᠨ ᠬᠡᠮᠵᠢᠶ᠎ᠡ ᠶᠢᠨ |
ᠬᠢᠵᠠᠭᠠᠷᠲᠤ ᠬᠡᠮᠵᠢᠭᠳᠡᠯ ᠵᠢᠴᠢ ᠬᠡᠮᠵᠢᠬᠦ ᠠᠷᠭ᠎ᠠ︾ ︵JT 719︶ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ |
ᠬᠡᠷᠡᠭᠲᠡᠶ᠃ ︵ᠳᠥᠷᠪᠡ︶ ᠲᠡᠷᠭᠡ ᠬᠥᠰᠬᠡ ᠶᠢᠨ ᠮᠡᠷᠭᠡᠵᠢᠯ ᠤᠨ ᠳᠡᠰ ᠨᠢ ᠬᠤᠶᠠᠳᠤᠭᠠᠷ ᠳᠡᠰ ᠠᠴᠠ ᠳᠡᠭᠡᠭᠰᠢ |
ᠬᠦᠷᠦᠭᠰᠡᠨ ᠪᠠᠶᠢᠬᠤ ᠬᠡᠷᠡᠭᠲᠡᠶ᠃ ᠠᠶᠤᠯᠲᠠᠢ ᠪᠠᠷᠠᠭᠠᠨ ᠤ ᠲᠡᠭᠡᠭᠡᠪᠦᠷᠢ ᠶᠢᠨ ᠲᠡᠷᠭᠡ᠂ ᠣᠯᠠᠨ ᠤᠯᠤᠰ ᠤᠨ ᠵᠠᠮ |
ᠲᠡᠭᠡᠭᠡᠪᠦᠷᠢ ᠶᠢᠨ ᠲᠡᠷᠭᠡ ᠬᠥᠰᠬᠡ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ |
ᠡᠵᠡᠩᠨᠡᠯᠲᠡ ᠶᠢᠨ ᠵᠠᠮ ᠱᠤᠭᠤᠮ ᠤᠨ ᠤᠷᠲᠤ ᠨᠢ 800 ᠺᠢᠯᠣᠮᠧᠲᠷ ᠠᠴᠠ ᠳᠡᠭᠡᠭᠰᠢᠬᠢ ᠠᠶᠠᠨᠴᠢᠳ ᠤᠨ ᠲᠡᠷᠭᠡ ᠶᠢᠨ |
ᠮᠡᠷᠭᠡᠵᠢᠯ ᠤᠨ ᠳᠡᠰ ᠨᠢ ᠨᠢᠭᠡᠳᠦᠭᠡᠷ ᠳᠡᠰ ᠲᠤ ᠬᠦᠷᠦᠭᠰᠡᠨ ᠪᠠᠶᠢᠬᠤ ᠬᠡᠷᠡᠭᠲᠡᠶ᠃ ᠮᠡᠷᠭᠡᠵᠢᠯ ᠤᠨ ᠳᠡᠰ ᠢ ᠦᠨᠡᠯᠡᠨ |
ᠲᠣᠭᠲᠠᠭᠠᠬᠤ ᠠᠷᠭ᠎ᠠ ᠨᠢ ᠤᠯᠤᠰ ᠤᠨ ᠬᠤᠯᠪᠣᠭᠳᠠᠯ ᠪᠦᠬᠦᠢ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ |
ᠤᠨ ᠲᠠᠰ ᠤᠨ ᠬᠤᠪᠢᠶᠠᠷᠢᠯᠠᠯ ᠪᠣᠯᠤᠨ ᠦᠨᠡᠯᠡᠨ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ |
︵ᠲᠠᠪᠤ︶ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠶᠠᠨᠴᠢᠳ ᠤᠨ ᠵᠥᠭᠡᠭᠡᠪᠦᠷᠢ᠂ ᠲᠡᠷᠭᠡ ᠳᠠᠭᠠᠭᠠᠴᠢᠯᠠᠭᠰᠠᠨ |
ᠠᠶᠠᠨᠴᠢᠳ ᠤᠨ ᠵᠥᠭᠡᠭᠡᠪᠦᠷᠢ᠂ ᠣᠯᠠᠨ ᠤᠯᠤᠰ ᠤᠨ ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠡᠵᠡᠩᠨᠡᠯᠲᠡ ᠶᠢᠨ |
ᠵᠠᠮ ᠱᠤᠭᠤᠮ ᠤᠨ ᠤᠷᠲᠤ ᠶᠢᠨ ᠬᠡᠮᠵᠢᠶ᠎ᠡ ᠨᠢ 800 ᠺᠢᠯᠣᠮᠧᠲᠷ ᠠᠴᠠ ᠳᠡᠭᠡᠭᠰᠢᠬᠢ ᠠᠶᠠᠨᠴᠢᠳ ᠤᠨ ᠲᠡᠷᠭᠡ ᠶᠢᠨ |
ᠲᠥᠷᠥᠯ ᠬᠡᠯᠪᠡᠷᠢ ᠳᠡᠰ ᠨᠢ ᠳᠤᠮᠳᠠ ᠵᠡᠷᠭᠡ ᠠᠴᠠ ᠳᠡᠭᠡᠭᠰᠢ ᠬᠦᠷᠦᠭᠰᠡᠨ ᠪᠠᠶᠢᠬᠤ ᠬᠡᠷᠡᠭᠲᠡᠶ᠃ ᠲᠡᠭᠦᠨ ᠤ ᠲᠥᠷᠥᠯ |
ᠬᠡᠯᠪᠡᠷᠢ ᠶᠢ ᠬᠤᠪᠢᠶᠠᠷᠢᠯᠠᠬᠤ ᠪᠠ ᠳᠡᠰ ᠢ ᠦᠨᠡᠯᠡᠨ ᠲᠣᠭᠲᠠᠭᠠᠬᠤ ᠨᠢ ᠤᠯᠤᠰ ᠤᠨ ᠬᠤᠯᠪᠣᠭᠳᠠᠯ ᠪᠦᠬᠦᠢ ᠲᠡᠭᠡᠭᠡᠪᠦᠷᠢ |
ᠡᠵᠡᠩᠨᠡᠬᠦ ᠠᠶᠠᠨᠴᠢᠳ ᠤᠨ ᠲᠡᠷᠭᠡ ᠶᠢᠨ ᠲᠥᠷᠥᠯ ᠬᠡᠯᠪᠡᠷᠢ ᠶᠢ ᠬᠤᠪᠢᠶᠠᠷᠢᠯᠠᠬᠤ ᠵᠢᠴᠢ ᠳᠡᠰ ᠢ ᠦᠨᠡᠯᠡᠨ ᠲᠣᠭᠲᠠᠭᠠᠬᠤ |
ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ︵ᠵᠢᠷᠭᠤᠭ᠎ᠠ︶ ᠠᠶᠤᠯᠲᠠᠢ ᠪᠠᠷᠠᠭᠠᠨ ᠤ ᠲᠡᠭᠡᠭᠡᠪᠦᠷᠢ ᠶᠢᠨ |
ᠲᠡᠷᠭᠡ ᠨᠢ ︽ᠮᠠᠰᠢᠨ ᠲᠡᠷᠭᠡ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠳᠦᠷᠢᠮ︾ ︵JT 622︶ ᠤᠨ ᠱᠠᠭᠠᠷᠳᠠᠯᠭ᠎ᠠ |
ᠳᠤ ᠨᠡᠶᠢᠴᠡᠭᠰᠡᠨ ᠪᠠᠶᠢᠬᠤ ᠬᠡᠷᠡᠭᠲᠡᠶ᠃ |