︽︿ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ |
ᠲᠣᠭᠲᠠᠭᠠᠯ﹀ ᠲᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠣᠭᠲᠠᠭᠠᠯ︾ ︵ |
ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2021 ᠣᠨ ᠤ 15 ᠳ᠋ᠤᠭᠠᠷ ᠲᠣᠭᠠᠲᠤ︶ ᠤᠨ |
ᠳᠥᠴᠢᠳᠦᠭᠡᠷ ᠵᠦᠢᠯ ᠤᠨ ᠲᠣᠭᠲᠠᠭᠠᠯ ᠳᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠡᠵᠡᠩᠨᠡᠯᠲᠡ ᠶᠢᠨ |
ᠶᠠᠪᠤᠴᠠ ᠳᠤ᠂ ᠤᠯᠤᠰ ᠤᠨ ᠵᠢᠯᠣᠭᠤᠴᠢ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ |
ᠶᠣᠰᠣ ᠮᠣᠷᠠᠯ᠂ ᠦᠢᠯᠡᠴᠢᠯᠡᠭᠡᠨ ᠤ ᠵᠢᠷᠤᠮᠵᠢᠯ᠂ ᠠᠮᠤᠷ ᠲᠦᠪᠰᠢᠨ ᠢᠶᠠᠷ ᠡᠵᠡᠩᠨᠡᠬᠦ ᠵᠡᠷᠭᠡ ᠲᠠᠯ᠎ᠠ ᠶᠢᠨ ᠬᠢᠷᠢ ᠬᠡᠮ ᠤᠨ |
ᠲᠣᠭᠲᠠᠭᠠᠯ ᠢ ᠵᠢᠷᠤᠮᠯᠠᠵᠤ᠂ ᠪᠣᠯᠪᠠᠰᠤᠨ ᠢᠶᠠᠷ ᠲᠡᠷᠭᠡ ᠵᠢᠯᠣᠭᠤᠳᠬᠤ᠂ ᠴᠢᠨᠠᠷ ᠰᠠᠶᠢᠲᠠᠶ ᠦᠢᠯᠡᠴᠢᠯᠡᠬᠦ ᠬᠡᠷᠡᠭᠲᠡᠶ ᠭᠡᠵᠦ |
ᠲᠣᠭᠲᠠᠭᠠᠪᠠ᠃ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠣᠤᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠵᠤ |
ᠪᠣᠯᠬᠤ ᠦᠭᠡᠶ᠄ ᠁ ︵ᠲᠠᠪᠤ︶ ᠲᠣᠭᠲᠠᠭᠠᠯ ᠶᠣᠰᠣᠭᠠᠷ ᠵᠣᠬᠢᠴᠠᠩᠭᠤᠶ ᠲᠡᠷᠭᠡᠨ ᠤ ᠰᠦᠢᠳᠬᠡᠯ ᠤᠨ ᠫᠢᠶᠣᠣ |
ᠪᠠᠷᠢᠮᠲᠠ ᠥᠭᠬᠦ ᠦᠭᠡᠢ︔ ᠁ . ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠤᠨ᠂ ᠲᠦᠷᠢᠶᠡᠰᠦᠨ |
ᠮᠠᠰᠢᠨ ᠲᠡᠷᠭᠡᠨ ᠤ ᠵᠢᠯᠣᠭᠤᠴᠢ ᠠᠷᠪᠠᠨ ᠵᠢᠷᠭᠤᠳᠤᠭᠠᠷ ᠵᠦᠢᠯ᠂ ᠳᠥᠴᠢᠳᠦᠭᠡᠷ ᠵᠦᠢᠯ ᠤᠨ ᠲᠣᠭᠲᠠᠭᠠᠯ ᠢ |
ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠲᠦᠷᠢᠶᠡᠰᠦᠨ ᠮᠠᠰᠢᠨ ᠲᠡᠷᠭᠡᠨ ᠤ ᠵᠠᠰᠠᠭ |
ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ 200 |
ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ |