︽ᠮᠠᠰᠢᠨᠲᠤ ᠲᠡᠷᠭᠡ ᠰᠡᠯᠪᠢᠨ ᠵᠠᠰᠠᠬᠤ ᠬᠠᠮᠢᠶᠠᠷᠤᠯᠲᠠ ᠶᠢᠨ ᠲᠣᠭᠲᠠᠭᠠᠯ︾ ︵2015 ᠣᠨ ᠤ 17 ᠳ᠋ᠤᠭᠠᠷ |
ᠲᠣᠭᠠᠲᠤ︶ ᠤᠨ ᠠᠷᠪᠠᠨ ᠨᠢᠭᠡᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠮᠠᠰᠢᠨ ᠲᠡᠷᠭᠡ ᠰᠡᠯᠪᠢᠨ ᠵᠠᠰᠠᠬᠤ |
ᠡᠵᠡᠩᠨᠡᠯᠲᠡ ᠶᠢᠨ ᠲᠤᠬᠠᠶᠢᠯᠠᠭᠰᠠᠨ ᠠᠵᠢᠯ ᠪᠤᠶᠤ ᠪᠤᠰᠤᠳ ᠮᠠᠰᠢᠨ ᠬᠦᠳᠡᠯᠭᠡᠭᠦᠷᠲᠤ ᠲᠡᠷᠭᠡ ᠰᠡᠯᠪᠢᠨ ᠵᠠᠰᠠᠬᠤ |
ᠡᠵᠡᠩᠨᠡᠯᠲᠡ ᠶᠢᠨ ᠲᠤᠬᠠᠶᠢᠯᠠᠭᠰᠠᠨ ᠠᠵᠢᠯ ᠡᠷᠭᠢᠯᠡᠬᠦ ᠪᠠᠷ ᠭᠤᠶᠤᠴᠢᠯᠠᠬᠤ ᠳᠤ᠂ ᠳᠣᠤᠷᠠᠬᠢ ᠨᠥᠬᠦᠴᠡᠯ ᠳᠤ |
ᠨᠡᠶᠢᠴᠡᠭᠰᠡᠨ ᠪᠠᠶᠢᠬᠤ ᠬᠡᠷᠡᠭᠲᠡᠶ᠄ ︵ᠨᠢᠭᠡ︶ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠲᠠᠢ ᠪᠠᠨ ᠲᠣᠬᠢᠷᠠᠯᠴᠠᠭᠰᠠᠨ |
ᠲᠡᠷᠭᠡᠨ ᠵᠣᠭᠰᠣᠭᠠᠯ ᠪᠠ ᠣᠶᠢᠯᠠᠳᠪᠦᠷᠢ ᠶᠢᠨ ᠬᠡᠷ ᠲᠠᠢ ᠪᠠᠶᠢᠬᠤ ᠬᠡᠷᠡᠭᠲᠡᠢ᠃ ᠲᠦᠷᠢᠶᠡᠰᠦᠯᠡᠨ ᠬᠡᠷᠡᠭᠯᠡᠬᠦ ᠭᠠᠵᠠᠷ ᠨᠢ |
ᠪᠢᠴᠢᠭ ᠤᠨ ᠬᠡᠯᠪᠡᠷᠢ ᠶᠢᠨ ᠲᠦᠷᠢᠶᠡᠰᠦᠯᠡᠯ ᠤᠨ ᠭᠡᠷ᠎ᠡ ᠲᠠᠢ ᠪᠠᠶᠢᠬᠤ ᠬᠡᠷᠡᠭᠲᠡᠢ ᠪᠥᠭᠡᠳ ᠲᠦᠷᠢᠶᠡᠰᠦᠯᠡᠬᠦ ᠬᠤᠭᠤᠴᠠᠭ᠎ᠠ |
ᠨᠢ 1 ᠵᠢᠯ ᠠᠴᠠ ᠪᠠᠭ᠎ᠠ ᠪᠠᠶᠢᠵᠤ ᠪᠣᠯᠬᠤ ᠦᠭᠡᠢ᠃ ᠲᠡᠷᠭᠡᠨ ᠵᠣᠭᠰᠣᠭᠠᠯ ᠪᠠ ᠦᠶᠯᠡᠳᠪᠦᠷᠢ ᠶᠢᠨ ᠬᠡᠷ ᠤᠨ ᠲᠠᠯᠠᠪᠠᠶ |
ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾ |
︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ᠃ |
︵ᠬᠤᠶᠠᠷ︶ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠲᠠᠢ ᠵᠣᠬᠢᠴᠠᠯᠳᠤᠭᠰᠠᠨ ᠲᠥᠬᠦᠭᠡᠷᠦᠮᠵᠢ᠂ ᠪᠡᠯᠡᠳᠬᠡᠮᠵᠢ ᠲᠠᠢ |
ᠪᠠᠶᠢᠬᠤ ᠬᠡᠷᠡᠭᠲᠡᠢ᠃ ᠲᠤᠬᠢᠷᠠᠭᠤᠯᠤᠭᠰᠠᠨ ᠬᠡᠮᠵᠢᠯᠲᠡ ᠶᠢᠨ ᠲᠤᠨᠤᠭ ᠲᠥᠬᠦᠭᠡᠷᠦᠮᠵᠢ ᠨᠢ ᠤᠯᠤᠰ ᠤᠨ ᠬᠤᠯᠪᠣᠭᠳᠠᠯ |
ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠬᠠᠤᠯᠢ ᠪᠠᠷ |
ᠲᠣᠭᠲᠠᠭᠠᠭᠰᠠᠨ ᠰᠢᠯᠭᠠᠨ ᠲᠣᠭᠲᠠᠭᠠᠬᠤ ᠪᠠᠶᠢᠭᠤᠯᠤᠮᠵᠢ ᠪᠠᠷ ᠰᠢᠯᠭᠠᠨ ᠲᠣᠭᠲᠠᠭᠠᠯᠭᠠᠭᠠᠳ ᠬᠢᠷᠢ ᠲᠡᠩᠴᠡᠭᠰᠡᠨ |
ᠪᠠᠶᠢᠬᠤ ᠬᠡᠷᠡᠭᠲᠡᠢ᠃ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ |
ᠲᠥᠬᠦᠭᠡᠷᠦᠮᠵᠢ᠂ ᠪᠡᠯᠡᠳᠬᠡᠮᠵᠢ ᠶᠢᠨ ᠪᠣᠳᠠᠲᠠᠶ ᠱᠠᠭᠠᠷᠳᠠᠯᠭ᠎ᠠ ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ |
ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾ ︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ |
ᠲᠣᠭᠲᠠᠭᠠᠯ ᠶᠣᠰᠣ ᠪᠠᠷ ᠬᠡᠷᠡᠭᠵᠢᠭᠦᠯᠦᠨ᠎ᠡ︔ ᠪᠤᠰᠤᠳ ᠮᠠᠰᠢᠨ ᠲᠡᠷᠭᠡ ᠰᠡᠯᠪᠢᠨ ᠵᠠᠰᠠᠬᠤ ᠡᠵᠡᠩᠨᠡᠯᠲᠡ ᠶᠢᠨ |
ᠲᠤᠬᠠᠶᠢᠯᠠᠭᠰᠠᠨ ᠠᠵᠢᠯ ᠡᠷᠬᠢᠯᠡᠬᠦ ᠲᠥᠬᠦᠭᠡᠷᠦᠮᠵᠢ᠂ ᠪᠡᠯᠡᠳᠬᠡᠮᠵᠢ ᠶᠢᠨ ᠪᠣᠳᠠᠲᠠᠶ ᠱᠠᠭᠠᠷᠳᠠᠯᠭ᠎ᠠ ᠶᠢ ᠤᠯᠤᠰ ᠤᠨ |
ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ ᠨᠥᠬᠦᠴᠡᠯ︾ ︵GB/T16739︶ |
ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠂ ᠭᠡᠬᠦ ᠳᠤ ᠪᠠᠨ ᠲᠣᠬᠢᠷᠠᠭᠤᠯᠤᠭᠰᠠᠨ ᠲᠥᠬᠦᠭᠡᠷᠦᠮᠵᠢ᠂ ᠪᠡᠯᠡᠳᠬᠡᠮᠵᠢ ᠨᠢ |
ᠰᠡᠯᠪᠢᠨ ᠵᠠᠰᠠᠬᠤ ᠲᠡᠷᠭᠡᠨ ᠤ ᠬᠡᠯᠪᠡᠷᠢ ᠲᠠᠢ ᠲᠣᠬᠢᠷᠠᠯᠴᠠᠭᠤᠯᠬᠤ ᠬᠡᠷᠡᠭᠲᠡᠶ᠃ ︵ᠭᠤᠷᠪᠠ︶ ᠴᠢᠬᠤᠯᠠ ᠪᠦᠬᠦᠢ |
ᠮᠡᠷᠭᠡᠵᠢᠯ ᠤᠨ ᠠᠵᠢᠯᠲᠠᠨ᠄ 1. ᠨᠢᠭᠡᠳᠦᠭᠡᠷ ᠲᠥᠷᠥᠯ ᠪᠠ ᠬᠤᠶᠠᠳᠤᠭᠠᠷ ᠲᠥᠷᠥᠯ ᠤᠨ ᠰᠡᠯᠪᠢᠨ ᠵᠠᠰᠠᠬᠤ |
ᠲᠤᠬᠠᠶᠢᠯᠠᠭᠰᠠᠨ ᠠᠵᠢᠯ ᠢ ᠡᠷᠬᠢᠯᠡᠬᠦ ᠳᠤ ᠪᠠᠭ᠎ᠠ ᠳᠤ ᠪᠠᠨ 1 ᠮᠡᠷᠭᠡᠵᠢᠯ ᠤᠨ ᠬᠠᠷᠢᠭᠤᠴᠠᠯᠭᠠᠲᠠᠨ ᠪᠠ ᠶᠠᠰᠤ ᠴᠢᠨᠠᠷ ᠢ |
ᠰᠢᠯᠭᠠᠨ ᠪᠠᠶᠢᠴᠠᠭᠠᠬᠤ ᠠᠵᠢᠯᠲᠠᠨ ᠢ ᠲᠣᠬᠢᠷᠠᠭᠤᠯᠬᠤ ᠬᠡᠷᠡᠭᠲᠡᠶ᠃ ᠮᠡᠷᠭᠡᠵᠢᠯ ᠤᠨ ᠬᠠᠷᠢᠭᠤᠴᠠᠯᠭᠠᠲᠠᠨ ᠨᠢ ᠮᠠᠰᠢᠨ |
ᠲᠡᠷᠭᠡ ᠪᠤᠶᠤ ᠪᠤᠰᠤᠳ ᠮᠠᠰᠢᠨ ᠲᠡᠷᠭᠡ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠢ ᠰᠠᠶᠢᠨ ᠮᠡᠳᠡᠬᠦ ᠶᠢᠨ ᠬᠠᠮᠲᠤ |
ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ |
ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠵᠢᠷᠤᠮᠵᠢᠯ ᠢ ᠡᠵᠡᠮᠰᠢᠬᠦ ᠬᠡᠷᠡᠭᠲᠡᠶ︔ ᠶᠠᠰᠤ ᠴᠢᠨᠠᠷ ᠢ ᠰᠢᠯᠭᠠᠨ |
ᠪᠠᠶᠢᠴᠠᠭᠠᠬᠤ ᠠᠵᠢᠯᠲᠠᠨ ᠡᠯ᠎ᠡ ᠲᠥᠷᠥᠯ ᠤᠨ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ |
ᠪᠠᠶᠢᠴᠠᠭᠠᠨ ᠬᠡᠮᠵᠢᠬᠦ ᠠᠵᠢᠯ ᠤᠨ ᠵᠢᠷᠤᠮᠵᠢᠯ ᠢ ᠣᠶᠢᠯᠠᠭᠠᠵᠤ᠂ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡᠨ ᠤ |
ᠰᠡᠯᠪᠢᠨ ᠵᠠᠰᠠᠬᠤ ᠭᠡᠮᠲᠦᠯ ᠢ ᠣᠨᠣᠰᠢᠯᠠᠬᠤ ᠪᠠ ᠶᠠᠰᠤ ᠴᠢᠨᠠᠷ ᠤᠨ ᠪᠠᠶᠢᠴᠠᠭᠠᠨ ᠰᠢᠯᠭᠠᠬᠤ ᠬᠠᠮᠢᠶ᠎ᠠ ᠪᠦᠬᠦᠢ ᠮᠡᠷᠭᠡᠵᠢᠯ |
ᠢ ᠡᠵᠡᠮᠰᠢᠵᠦ᠂ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠦᠶᠯᠡᠴᠢᠯᠡᠭᠡᠨ ᠤ ᠰᠦᠶᠳᠬᠡᠯ |
ᠬᠤᠷᠢᠶᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠮᠡᠷᠭᠡᠵᠢᠯ ᠤᠨ |
ᠵᠢᠷᠤᠮᠵᠢᠯ ᠢ ᠣᠶᠢᠯᠠᠭᠠᠬᠤ ᠬᠡᠷᠡᠭᠲᠡᠶ᠃ ᠮᠡᠷᠭᠡᠵᠢᠯ ᠤᠨ ᠬᠠᠷᠢᠭᠤᠴᠠᠯᠭᠠᠲᠠᠨ ᠪᠠ ᠶᠠᠰᠤ ᠴᠢᠨᠠᠷ ᠢ ᠰᠢᠯᠭᠠᠨ ᠪᠠᠶᠢᠴᠠᠭᠠᠬᠤ |
ᠠᠵᠢᠯᠲᠠᠨ ᠤ ᠶᠡᠷᠦᠩᠬᠡᠶ ᠲᠤᠭ᠎ᠠ ᠶᠢᠨ 60% ᠨᠢ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠬᠢᠷᠢ |
ᠲᠡᠩᠴᠡᠭᠰᠡᠨ ᠪᠠᠶᠢᠬᠤ ᠬᠡᠷᠡᠭᠲᠡᠢ᠃ 2. ᠨᠢᠭᠡᠳᠦᠭᠡᠷ ᠲᠥᠷᠥᠯ ᠪᠠ ᠬᠤᠶᠠᠳᠤᠭᠠᠷ ᠲᠥᠷᠥᠯ ᠤᠨ ᠰᠡᠯᠪᠢᠨ ᠵᠠᠰᠠᠬᠤ |
ᠲᠤᠬᠠᠶᠢᠯᠠᠭᠰᠠᠨ ᠠᠵᠢᠯ ᠢ ᠡᠷᠬᠢᠯᠡᠬᠦ ᠳᠤ ᠪᠠᠭ᠎ᠠ ᠳᠤ ᠪᠠᠨ 1 ᠮᠠᠰᠢᠨ ᠰᠡᠯᠪᠢᠨ ᠵᠠᠰᠠᠬᠤ᠂ ᠴᠠᠬᠢᠯᠭᠠᠨ ᠬᠡᠷᠡᠭᠰᠡᠯ᠂ |
ᠲᠡᠮᠦᠷᠯᠢᠭ ᠬᠠᠪᠲᠠᠰᠤ᠂ ᠰᠢᠷ ᠰᠢᠷᠲᠡᠬᠦ ᠮᠡᠷᠭᠡᠵᠢᠯ ᠤᠨ ᠠᠵᠢᠯᠲᠠᠨ ᠢ ᠲᠣᠬᠢᠷᠠᠭᠤᠯᠬᠤ ᠬᠡᠷᠡᠭᠲᠡᠶ︔ ᠮᠠᠰᠢᠨ ᠰᠡᠯᠪᠢᠨ |
ᠵᠠᠰᠠᠬᠤ᠂ ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯ |
ᠤᠨ ᠠᠵᠢᠯᠲᠠᠨ ᠬᠢᠵᠦ ᠪᠠᠶᠢᠭ᠎ᠠ ᠠᠵᠢᠯ ᠲᠥᠷᠥᠯ ᠤᠨ ᠰᠡᠯᠪᠢᠨ ᠵᠠᠰᠠᠬᠤ ᠮᠡᠷᠭᠡᠵᠢᠯ ᠪᠣᠯᠤᠨ ᠠᠵᠢᠯᠯᠠᠭᠤᠯᠬᠤ ᠵᠢᠷᠤᠮᠵᠢᠯ |
ᠢ ᠰᠠᠶᠢᠨ ᠮᠡᠳᠡᠬᠦ ᠶᠢᠨ ᠬᠠᠮᠲᠤ ᠮᠠᠰᠢᠨ ᠲᠡᠷᠭᠡ ᠪᠤᠶᠤ ᠪᠤᠰᠤᠳ ᠮᠠᠰᠢᠨᠲᠤ ᠲᠡᠷᠭᠡ ᠰᠡᠯᠪᠢᠨ ᠵᠠᠰᠠᠬᠤ ᠵᠢᠴᠢ ᠬᠠᠮᠢᠶ᠎ᠠ |
ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠬᠡᠷᠡᠭᠲᠡᠶ᠃ ᠮᠠᠰᠢᠨ ᠰᠡᠯᠪᠢᠨ ᠵᠠᠰᠠᠬᠤ᠂ |
ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯ ᠤᠨ |
ᠠᠵᠢᠯᠲᠠᠨ ᠤ ᠶᠡᠷᠦᠩᠬᠡᠶ ᠲᠤᠭ᠎ᠠ ᠶᠢᠨ 40% ᠨᠢ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠬᠢᠷᠢ |
ᠲᠡᠩᠴᠡᠭᠰᠡᠨ ᠪᠠᠶᠢᠬᠤ ᠬᠡᠷᠡᠭᠲᠡᠶ᠃ 3. ᠭᠤᠷᠪᠠᠳᠤᠭᠠᠷ ᠲᠥᠷᠥᠯ ᠤᠨ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠢ |
ᠡᠷᠬᠢᠯᠡᠬᠦ ᠳᠤ᠂ ᠲᠡᠭᠦᠨ ᠤ ᠡᠵᠡᠩᠨᠡᠯᠲᠡ ᠶᠢᠨ ᠲᠥᠷᠥᠯ ᠵᠦᠶᠯ ᠤᠨ ᠶᠣᠰᠣ ᠪᠠᠷ ᠵᠣᠬᠢᠬᠤ ᠮᠠᠰᠢᠨ ᠰᠡᠯᠪᠢᠨ ᠵᠠᠰᠠᠬᠤ᠂ |
ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ ᠣᠷᠣᠭᠤᠯᠬᠤ ᠰᠡᠯᠪᠢᠨ ᠵᠠᠰᠠᠬᠤ ᠮᠡᠷᠭᠡᠵᠢᠯᠲᠡᠨ ᠢ ᠲᠣᠰ |
ᠲᠣᠰ ᠲᠤᠨᠢ ᠲᠣᠬᠢᠷᠠᠭᠤᠯᠬᠤ ᠬᠡᠷᠡᠭᠲᠡᠶ︔ ᠬᠥᠳᠡᠯᠭᠡᠭᠦᠷ ᠮᠠᠰᠢᠨ ᠢ ᠰᠡᠯᠪᠢᠨ ᠵᠠᠰᠠᠬᠤ᠂ ᠲᠡᠷᠭᠡᠨ ᠤ ᠪᠡᠶ᠎ᠡ ᠶᠢ ᠰᠡᠯᠪᠢᠨ |
ᠵᠠᠰᠠᠬᠤ᠂ ᠴᠠᠬᠢᠯᠭᠠᠨ ᠤ ᠰᠢᠰᠲ᠋ᠧᠮ ᠢ ᠰᠡᠯᠪᠢᠨ ᠵᠠᠰᠠᠬᠤ᠂ ᠠᠦ᠋ᠲ᠋ᠣ᠋ ᠬᠤᠷᠳᠤᠴᠠ ᠥᠭᠡᠷᠡᠴᠢᠯᠡᠭᠴᠢ ᠶᠢ ᠰᠡᠯᠪᠢᠨ |
ᠵᠠᠰᠠᠬᠤ ᠠᠵᠢᠯ ᠢ ᠡᠷᠬᠢᠯᠡᠬᠦ ᠳᠤ ᠪᠠᠰᠠ ᠮᠡᠷᠭᠡᠵᠢᠯ ᠤᠨ ᠬᠠᠷᠢᠭᠤᠴᠠᠯᠭᠠᠲᠠᠨ ᠪᠠ ᠶᠠᠰᠤ ᠴᠢᠨᠠᠷ ᠢ ᠰᠢᠯᠭᠠᠨ ᠪᠠᠶᠢᠴᠠᠭᠠᠬᠤ |
ᠠᠵᠢᠯᠳᠡᠠ ᠲᠤᠬᠢᠷᠡᠭᠤᠯᠬᠤ ᠬᠡᠷᠡᠭᠲᠡᠢ᠃ ᠮᠡᠷᠭᠡᠵᠢᠯ ᠤᠨ ᠬᠠᠷᠢᠭᠤᠴᠠᠯᠭᠠᠲᠠᠨ᠂ ᠶᠠᠰᠤ ᠴᠢᠨᠠᠷ ᠢ ᠰᠢᠯᠭᠠᠨ ᠪᠠᠶᠢᠴᠠᠭᠠᠬᠤ |
ᠠᠵᠢᠯᠲᠠᠨ ᠵᠢᠴᠢ ᠮᠠᠰᠢᠨ ᠰᠡᠯᠪᠢᠨ ᠵᠠᠰᠠᠬᠤ᠂ ᠴᠠᠬᠢᠯᠭᠠᠨ ᠬᠡᠷᠡᠭᠰᠡᠯ᠂ ᠲᠡᠮᠦᠷᠯᠢᠭ ᠬᠠᠪᠲᠠᠰᠤ᠂ ᠰᠢᠷ ᠪᠤᠳᠤᠭ |
ᠣᠷᠣᠭᠤᠯᠬᠤ ᠰᠡᠯᠪᠢᠨ ᠵᠠᠰᠠᠬᠤ ᠮᠡᠷᠭᠡᠵᠢᠯ ᠤᠨ ᠠᠵᠢᠯᠲᠠᠨ ᠤ ᠶᠡᠷᠦᠩᠬᠡᠶ ᠲᠤᠭ᠎ᠠ ᠶᠢᠨ 40% ᠨᠢ ᠪᠥᠬᠦ ᠤᠯᠤᠰ ᠤᠨ |
ᠨᠢᠭᠡᠳᠦᠯᠲᠡᠶ ᠰᠢᠯᠭᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠃ ︵ᠳᠥᠷᠪᠡ︶ ᠪᠦᠷᠢᠨ ᠲᠥᠬᠦᠷ ᠰᠡᠯᠪᠢᠨ |
ᠵᠠᠰᠠᠬᠤ ᠬᠠᠮᠢᠶᠠᠷᠤᠯᠲᠠ ᠶᠢᠨ ᠳᠦᠷᠢᠮ ᠲᠠᠢ ᠪᠠᠶᠢᠬᠤ ᠬᠡᠷᠡᠭᠲᠡᠢ᠃ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ᠂ |
ᠠᠶᠦᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ᠂ ᠲᠡᠷᠭᠡ ᠬᠥᠰᠬᠡ ᠰᠡᠯᠪᠢᠨ ᠵᠠᠰᠠᠬᠤ ᠲᠠᠩᠰᠠ ᠡᠪᠬᠡᠮᠡᠯ |
ᠤᠨ ᠬᠠᠮᠢᠶᠠᠷᠤᠯᠲᠠ ᠶᠢᠨ ᠲᠦᠷᠢᠮ᠂ ᠠᠵᠢᠯᠲᠠᠨ ᠤ ᠪᠣᠯᠪᠠᠰᠤᠷᠠᠯ ᠤᠨ ᠲᠦᠷᠢᠮ᠂ ᠲᠥᠬᠦᠭᠡᠷᠦᠮᠵᠢ ᠶᠢᠨ |
ᠬᠠᠮᠢᠶᠠᠷᠤᠯᠲᠠ ᠶᠢᠨ ᠲᠦᠷᠢᠮ ᠵᠢᠴᠢ ᠰᠡᠯᠪᠢᠭ ᠲᠣᠨᠤᠭ ᠤᠨ ᠬᠠᠮᠢᠶᠠᠷᠤᠯᠲᠠ ᠶᠢᠨ ᠲᠦᠷᠢᠮ ᠢ ᠪᠠᠭᠲᠠᠭᠠᠨ᠎ᠠ᠃ ᠪᠣᠳᠠᠲᠠᠶ |
ᠱᠠᠭᠠᠷᠳᠠᠯᠭ᠎ᠠ ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ ᠠᠵᠢᠯ ᠡᠬᠢᠯᠡᠬᠦ |
ᠨᠥᠬᠦᠴᠡᠯ︾ ︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ ᠲᠣᠭᠲᠠᠭᠠᠯ ᠶᠣᠰᠣ ᠪᠠᠷ |
ᠬᠡᠷᠡᠭᠵᠢᠭᠦᠯᠦᠨ᠎ᠡ᠃ ︵ᠲᠠᠪᠤ︶ ᠣᠷᠴᠢᠨ ᠠᠬᠤᠢ ᠶᠢ ᠬᠠᠮᠠᠭᠠᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠲᠠᠢ ᠪᠠᠶᠢᠬᠤ |
ᠬᠡᠷᠡᠭᠲᠡᠢ᠃ ᠪᠣᠳᠠᠲᠠᠶ ᠱᠠᠭᠠᠷᠳᠠᠯᠭ᠎ᠠ ᠶᠢ ᠤᠯᠤᠰ ᠤᠨ ᠪᠠᠷᠢᠮᠵᠢᠶ᠎ᠠ ᠪᠣᠯᠬᠤ ︽ᠮᠠᠰᠢᠨᠲᠤ ᠲᠡᠷᠭᠡ ᠰᠡᠯᠪᠢᠨ ᠵᠠᠰᠠᠬᠤ |
ᠠᠵᠢᠯ ᠡᠬᠢᠯᠡᠬᠦ ᠨᠥᠬᠦᠴᠡᠯ︾ ︵GB/T16739︶ ᠤᠨ ᠬᠠᠮᠢᠶ᠎ᠠ ᠪᠥᠬᠦᠶ ᠵᠦᠶᠯ ᠵᠤᠷᠪᠤᠰ ᠤᠨ ᠲᠣᠭᠲᠠᠭᠠᠯ |
ᠶᠣᠰᠣ ᠪᠠᠷ ᠬᠡᠷᠡᠭᠵᠢᠭᠦᠯᠦᠨ᠎ᠡ᠃ |