︽ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠤᠨ ᠬᠠᠮᠢᠶᠠᠷᠤᠯᠲᠠ ᠶᠢᠨ |
ᠠᠷᠭ᠎ᠠ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ |
ᠵᠠᠷᠯᠢᠭ 2021 ᠣᠨ ᠤ 22 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠨᠢ |
2024 ᠣᠨ ᠤ ᠠᠩᠬᠠᠳᠤᠭᠠᠷ ᠬᠤᠭᠤᠴᠠᠭᠠᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ |
ᠬᠢᠷᠢ ᠬᠡᠮ ᠤᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠳᠦᠭᠡ |
ᠬᠢᠨᠠᠨ ᠪᠠᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠠᠯᠠᠨᠠ ︵ᠳᠠᠭᠠᠯᠳᠤᠭᠤᠯᠤᠯ ᠳᠤ ᠦᠵᠡ︶᠃ |
ᠨᠢᠭᠡ᠂ ᠵᠠᠷᠯᠠᠨ ᠨᠡᠢᠲᠡᠯᠡᠬᠦ ᠬᠤᠭᠤᠴᠠᠭ᠎ᠠ 2024 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ |
2024 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ ︵ᠲᠠᠪᠤᠨ ᠠᠵᠢᠯ ᠤᠨ ᠡᠳᠦᠷ︶ ᠬᠦᠷᠲᠡᠯ᠎ᠡ᠂ ᠵᠠᠷᠯᠠᠨ |
ᠨᠡᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠵᠢᠴᠢ ᠬᠤᠪᠢ ᠬᠥᠮᠦᠨ ᠴᠥᠮ ᠵᠠᠷᠯᠠᠨ ᠨᠡᠶᠢᠲᠡᠯᠡᠭᠰᠡᠨ ᠠᠵᠤ |
ᠠᠬᠤᠶᠢᠯᠠᠯ ᠤᠨ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠵᠠᠭᠠᠯᠳᠤᠯᠭ᠎ᠠ ᠬᠢᠵᠦ ᠪᠣᠯᠤᠨ᠎ᠠ᠂ |
ᠬᠤᠭᠤᠴᠠᠭ᠎ᠠ ᠬᠡᠲᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠥᠬᠡᠶ ︵ᠰᠢᠤᠳᠠᠨ ᠢᠶᠠᠷ ᠶᠠᠪᠤᠭᠤᠯᠤᠭᠰᠠᠨ |
ᠮᠠᠲ᠋ᠧᠷᠢᠶᠠᠯ ᠢ ᠰᠢᠤᠳᠠᠨ ᠤ ᠲᠠᠮᠠᠭ᠎ᠠ ᠳᠠᠷᠤᠭᠰᠠᠨ ᠡᠳᠦᠷ ᠢᠶᠠᠷ ᠪᠠᠷᠢᠮᠵᠢᠶ᠎ᠠ ᠪᠣᠯᠭᠠᠨ᠎ᠠ︶᠂ ᠪᠢᠴᠢᠭ ᠢᠶᠠᠷ ᠭᠤᠮᠣᠳᠠᠯ |
ᠲᠣᠭᠠᠴᠢᠬᠤ ᠳᠤ ᠭᠤᠮᠣᠳᠠᠯ ᠲᠣᠭᠠᠴᠢᠭᠰᠠᠨ ᠵᠦᠢᠯᠡᠰ᠂ ᠤᠴᠢᠷ ᠰᠢᠯᠲᠠᠭᠠᠨ᠂ ᠦᠨᠳᠦᠰᠦᠯᠡᠯ ᠵᠢᠴᠢ ᠬᠠᠮᠢᠶ᠎ᠠ ᠪᠥᠬᠦᠶ |
ᠭᠡᠷᠡᠴᠢᠯᠡᠬᠦ ᠮᠠᠲ᠋ᠧᠷᠢᠶᠠᠯ ᠢ ᠪᠠᠭᠲᠠᠭᠠᠨ᠎ᠠ᠃ |
ᠬᠤᠶᠠᠷ᠂ ᠨᠢᠭᠡᠴᠢ ᠶᠢᠨ ᠭᠤᠮᠣᠳᠠᠯ ᠲᠣᠭᠠᠴᠢᠯᠲᠠ ᠳᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ |
ᠡᠷᠬᠡ ᠣᠯᠭᠤᠭᠰᠠᠨ ᠣᠷᠣᠯᠠᠭᠴᠢ ᠭᠠᠷ ᠤᠨ ᠦᠰᠦᠭ ᠵᠢᠷᠤᠵᠤ᠂ ᠨᠢᠭᠡᠴᠢ ᠶᠢᠨ ᠠᠯᠪᠠᠨ ᠲᠠᠮᠠᠭ᠎ᠠ ᠳᠠᠷᠤᠵᠤ᠂ ᠦᠨᠡᠨ |
ᠪᠣᠳᠠᠲᠠᠢ ᠣᠪᠣᠭ ᠨᠡᠷ᠎ᠡ ᠪᠠᠨ ᠵᠢᠷᠤᠵᠤ᠂ ᠨᠢᠭᠡᠴᠢ ᠶᠢᠨ ᠨᠡᠷᠡᠶᠢᠳᠦᠯ᠂ ᠬᠦᠴᠦᠨ ᠪᠦᠬᠦᠢ ᠬᠠᠷᠢᠯᠴᠠᠬᠤ ᠤᠲᠠᠰᠤ ᠪᠠ |
ᠬᠠᠷᠢᠯᠴᠠᠬᠤ ᠬᠠᠶ᠋ᠢᠭ ᠢᠶᠠᠨ ᠬᠠᠩᠭᠠᠬᠤ ᠬᠡᠷᠡᠭᠲᠡᠢ︔ ᠬᠤᠪᠢ ᠬᠥᠮᠦᠨ ᠤ ᠭᠤᠮᠣᠳᠠᠯ ᠲᠣᠭᠠᠴᠢᠯᠲᠠ ᠳᠤ ᠡᠷᠬᠡᠪᠰᠢ |
ᠦᠨᠡᠨ ᠪᠣᠳᠠᠲᠠᠶ ᠣᠪᠣᠭ ᠨᠡᠷ᠎ᠡ ᠳᠤ ᠭᠠᠷ ᠤᠨ ᠥᠰᠥᠭ ᠵᠢᠷᠤᠵᠤ᠂ ᠬᠦᠴᠦᠨ ᠪᠥᠬᠦᠶ ᠬᠠᠷᠢᠯᠴᠠᠬᠤ ᠤᠲᠠᠰᠤ ᠪᠠ |
ᠬᠠᠷᠢᠯᠴᠠᠬᠤ ᠬᠠᠶ᠋ᠢᠭ ᠢ ᠬᠠᠩᠭᠠᠬᠤ ᠬᠡᠷᠡᠭᠲᠡᠶ᠃ |
ᠭᠤᠷᠪᠠ᠂ ᠵᠠᠭᠠᠯᠳᠤᠬᠤ ᠨᠢᠭᠡᠴᠢ ᠵᠢᠴᠢ ᠬᠤᠪᠢ ᠬᠥᠮᠦᠨ ᠵᠠᠭᠠᠯᠳᠤᠬᠤ ᠵᠦᠢᠯ ᠯᠦᠭᠡ ᠰᠢᠭᠤᠳ ᠠᠰᠢᠭ |
ᠬᠤᠤᠷ ᠤᠨ ᠬᠠᠷᠢᠴᠠᠭ᠎ᠠ ᠲᠠᠢ ᠪᠠᠶᠢᠵᠤ᠂ ᠪᠣᠳᠠᠲᠠᠶ ᠰᠦᠪᠡᠭᠴᠢ ᠬᠠᠩᠭᠠᠬᠤ ᠶᠢᠨ ᠬᠠᠮᠲᠤ ᠢᠯᠡᠴᠢᠯᠡᠨ ᠮᠡᠳᠡᠭᠦᠯᠦᠭᠰᠡᠨ |
ᠠᠭᠤᠯᠭ᠎ᠠ ᠶᠢᠨ ᠦᠨᠡᠨ ᠪᠣᠳᠠᠲᠤ ᠴᠢᠨᠠᠷ ᠢ ᠬᠠᠷᠢᠭᠤᠴᠠᠵᠤ᠂ ᠳᠡᠭᠡᠷᠡᠬᠢ ᠨᠥᠬᠦᠴᠡᠯ ᠳᠤ ᠨᠡᠶᠢᠴᠡᠬᠦ ᠦᠭᠡᠶ |
ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ |
ᠳᠥᠷᠪᠡ᠂ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠮᠠᠯ ᠵᠠᠮ ᠤᠨ ᠭᠠᠵᠠᠷ ᠪᠣᠯᠣᠨ᠎ᠠ᠃ |
ᠮᠠᠲ᠋ᠧᠷᠢᠶᠠᠯ ᠤᠨ ᠰᠢᠤᠳᠠᠨ ᠶᠠᠪᠤᠭᠤᠯᠬᠤ ᠬᠠᠶ᠋ᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 |
ᠳ᠋ᠤᠭᠠᠷ ᠨᠣᠮᠧᠷ᠂ ᠰᠢᠤᠳᠠᠨ ᠤ ᠨᠣᠮᠧᠷ 0100 20᠃ ᠤᠲᠠᠰᠤ᠄ 0471 - 6267737 |
ᠲᠠᠪᠤ᠂ ᠠᠰᠠᠭᠤᠨ ᠯᠠᠪᠯᠠᠬᠤ ᠤᠲᠠᠰᠤ 0471 - 6962049᠃ |
ᠳᠠᠭᠠᠯᠳᠤᠭᠤᠯᠤᠯ᠄ 2024 ᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠨᠢᠭᠡᠴᠢ ᠶᠢᠨ ᠬᠢᠷᠢ ᠬᠡᠮ ᠢ ᠬᠢᠨᠠᠨ |
ᠪᠠᠶᠢᠴᠠᠭᠠᠭᠰᠠᠨ ᠦᠷ᠎ᠡ ᠳ᠋ᠦᠩ ᠤᠨ ᠬᠤᠷᠢᠶᠠᠩᠭᠤᠶ ᠬᠦᠰᠦᠨᠦᠭᠲᠦ |
|