ᠣᠶᠢᠷ᠎ᠠ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠪᠠᠶᠢᠷᠢᠯᠠᠭᠤᠯᠤᠯᠲᠠ |
ᠬᠢᠵᠦ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠣᠰ |
ᠪᠡᠶ᠎ᠡ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠨᠢᠭᠲᠠ ᠤᠶᠠᠯᠳᠤᠭᠤᠯᠤᠨ᠂ ᠡᠭᠦᠷᠭᠡ ᠴᠢᠳᠠᠪᠤᠷᠢ ᠶᠢᠨ |
ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ |
ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ |
ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ |
ᠣᠶᠢᠷ᠎ᠠ ᠶᠢᠨ ᠵᠢᠯ ᠤᠨ ᠲᠤᠷᠰᠢ᠂ ᠮᠠᠨ ᠤ ᠤᠯᠤᠰ ᠤᠨ ᠡᠯ᠎ᠡ ᠲᠥᠷᠥᠯ ᠤᠨ ᠵᠠᠭᠤᠴᠢ ᠦᠢᠯᠡᠴᠢᠯᠡᠭᠡᠨ ᠤ |
ᠪᠠᠶᠢᠭᠤᠯᠤᠮᠵᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ |
ᠡᠮᠬᠢ ᠳᠢᠭᠯᠢᠮ ᠢ ᠪᠠᠶᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ ᠭᠡᠪᠡᠴᠦ᠂ |
ᠴᠥᠭᠡᠨ ᠲᠣᠭᠠᠨ ᠤ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠦᠨᠡᠨᠴᠢ ᠢᠲᠡᠭᠡᠮᠵᠢᠲᠡᠶ ᠡᠵᠡᠩᠨᠡᠬᠦ ᠦᠵᠡᠯ ᠤᠬᠠᠮᠰᠠᠷ |
ᠳᠤᠲᠠᠮᠠᠭ ᠪᠠᠶᠢᠵᠤ᠂ ︽ᠰᠦᠢᠳᠬᠡᠯ ᠬᠤᠷᠢᠶᠠᠬᠤ ᠠᠷᠤ ᠶᠢᠨ ᠦᠰᠦᠭ︾ ᠤᠨ ᠦᠵᠡᠭᠳᠡᠯ ᠣᠷᠣᠰᠢᠵᠤ᠂ |
ᠴᠢᠨᠠᠭᠰᠢᠯᠠᠪᠠᠯ ᠦᠨᠡᠮᠯᠡᠯ ᠢᠶᠠᠨ ᠢᠯᠡ ᠦᠨ᠎ᠡ ᠬᠠᠳᠠᠵᠤ ᠬᠤᠳᠠᠯᠳᠤᠭᠠᠯᠠᠵᠤ᠂ ᠠᠵᠤ ᠠᠬᠤᠶ ᠶᠢᠨ ᠬᠡᠪ ᠤᠨ ᠡᠮᠬᠢ |
ᠳᠢᠭᠯᠢᠮ ᠢ ᠬᠠᠷᠰᠢᠯᠠᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠣᠷᠴᠢᠨ ᠲᠣᠭᠤᠷᠢᠨ ᠢ ᠡᠪᠳᠡᠭᠰᠡᠨ ᠪᠠᠶᠢᠨ᠎ᠠ᠃ |
ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ |
ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠨ᠂ ᠲᠦᠭᠰᠢᠭᠦᠷᠢ ᠶᠢᠨ ᠳᠠᠯᠳᠠ ᠬᠡᠮ ᠢ |
ᠨᠡᠯᠢᠶᠡᠳ ᠣᠯᠠᠨ ᠢᠯᠡᠷᠡᠭᠦᠯᠬᠦ ᠬᠡᠰᠡᠭ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠠᠩᠬᠠᠷᠤᠯ ᠢᠶᠠᠨ |
ᠲᠥᠪᠯᠡᠷᠡᠭᠦᠯᠦᠨ ᠬᠠᠨᠳᠤᠯᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠨᠢᠭᠡ ᠪᠦᠯᠦᠭ ᠬᠠᠤᠯᠢ ᠲᠣᠭᠲᠠᠭᠠᠯ ᠠᠴᠠ |
ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠨᠢᠭᠡ ᠪᠦᠯᠦᠭ ᠢᠲᠡᠭᠡᠯ ᠠᠯᠳᠠᠭᠰᠠᠨ ᠠᠵᠢᠯᠯᠠᠭ᠎ᠠ ᠶᠢ ᠵᠠᠯᠬᠠᠭᠠᠨ |
ᠴᠡᠭᠡᠷᠯᠡᠭᠦᠯᠬᠦ᠂ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠨᠡᠶᠢᠲᠡᠯᠡᠬᠦ ᠶᠢᠨ ᠬᠠᠮᠲᠤ ᠳᠡᠩᠰᠡᠯᠡᠨ |
ᠲᠡᠮᠳᠡᠭᠯᠡᠬᠦ᠂ ᠵᠠᠷ ᠮᠡᠳᠡᠭᠡ ᠶᠢ ᠬᠢᠨᠠᠨ ᠬᠠᠮᠢᠶᠠᠷᠬᠤ᠂ ᠭᠠᠭᠴᠠᠭᠠᠷ ᠡᠵᠡᠮᠰᠢᠯ ᠢ ᠡᠰᠡᠷᠭᠦᠴᠡᠵᠦ ᠬᠠᠤᠯᠢ ᠬᠡᠷᠡᠭᠵᠢᠭᠦᠯᠬᠦ᠂ |
ᠰᠦᠢᠳᠬᠡᠯ ᠬᠤᠷᠢᠶᠠᠬᠤ ᠬᠠᠮᠢᠶᠠᠷᠤᠯᠲᠠ᠂ ᠰᠦᠯᠵᠢᠶᠡᠨ ᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ |
ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ |
ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠵᠡᠩᠨᠡᠯᠲᠡ ᠶᠢᠨ |
ᠠᠵᠢᠯᠯᠠᠭ᠎ᠠ ᠶᠢ ᠵᠢᠷᠤᠮᠵᠢᠭᠤᠯᠤᠨ᠎ᠠ᠃ |
|
ᠮᠡᠳᠡᠭᠡ ᠵᠠᠩᠭᠢ ᠶᠢᠨ ᠢᠷᠡᠯᠲᠡ᠄ ᠳᠤᠮᠳᠠᠳᠤ ᠤᠯᠤᠰ ᠤᠨ ᠶᠠᠰᠤ ᠴᠢᠨᠠᠷ ᠤᠨ ᠰᠣᠨᠢᠨ |
|