ᠪᠦᠬᠦ ᠨᠡᠶᠢᠭᠡᠮ ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠲᠤᠬᠠᠶ |
ᠨᠠᠮ ᠤᠨ ᠲᠥᠪ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠪᠠᠷᠠᠭᠠᠨ |
ᠤ ᠭᠦᠢᠯᠭᠡᠭᠡ ᠶᠢᠨ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ |
ᠠᠰᠢᠭ ᠢ ᠨᠡᠮᠡᠭᠳᠡᠭᠦᠯᠬᠦ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ |
ᠪᠣᠶᠢᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ |
ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ |
ᠰᠠᠶᠢᠲᠤᠷ ᠬᠢᠬᠦ ᠳᠤ ᠨᠡᠩ ᠰᠠᠶᠢᠲᠤᠷ ᠦᠢᠯᠡᠴᠢᠯᠡᠬᠦ ᠶᠢᠨ ᠲᠥᠯᠥᠭᠡ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃ |
|
ᠨᠢᠭᠡ᠂ ᠶᠡᠷᠦᠩᠬᠡᠢ ᠱᠠᠭᠠᠷᠳᠠᠯᠭ᠎ᠠ |
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ |
ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ |
ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠰᠢᠵᠦ᠂ |
ᠬᠡᠪᠴᠢᠶᠡᠵᠢᠭᠦᠯᠬᠦ᠂ ᠡᠷᠴᠢᠮᠵᠢᠭᠦᠯᠬᠦ᠂ ᠲᠤᠭᠠᠵᠢᠭᠤᠯᠬᠤ᠂ ᠪᠤᠬᠢᠷᠲᠤᠯ ᠦᠭᠡᠢ᠂ ᠰᠦᠯᠵᠢᠶᠡᠵᠢᠭᠦᠯᠬᠦ ᠬᠥᠭᠵᠢᠯᠲᠡ ᠶᠢ |
ᠪᠠᠷᠢᠮᠲᠠᠯᠠᠵᠤ᠂ ᠪᠠᠷᠠᠭ᠎ᠠ ᠶᠢᠨ ᠢᠷᠡᠯᠲᠡ ᠶᠢ ᠡᠷᠢᠬᠦ᠂ ᠲᠤᠭ᠎ᠠ ᠪᠠᠷᠢᠮᠲᠠ ᠬᠠᠩᠭᠠᠬᠤ᠂ ᠲᠠᠯᠠᠪᠠᠢ ᠪᠣᠶᠢᠵᠢᠭᠤᠯᠬᠤ᠂ ᠢᠵᠢ |
ᠪᠦᠷᠢᠳᠦᠭᠦᠯᠬᠦ᠂ ᠰᠢᠯᠢᠳᠡᠭ ᠦᠢᠯᠡᠴᠢᠯᠡᠭᠡ᠂ ᠲᠦᠷᠦ ᠶᠢᠨ ᠪᠤᠳᠤᠯᠭ᠎ᠠ ᠥᠭᠬᠦ ᠪᠠᠷ ᠳᠠᠮᠵᠢᠨ᠂ ᠨᠢᠭᠡ ᠪᠦᠯᠦᠭ |
ᠡᠵᠡᠩᠨᠡᠯᠲᠡ ᠶᠢᠨ ᠥᠪᠡᠷ ᠤᠨ ᠥᠷᠲᠡᠭ ᠳᠣᠤᠷ᠎ᠠ᠂ ᠠᠰᠢᠭᠯᠠᠮᠵᠢ ᠥᠨᠳᠥᠷ᠂ ᠦᠢᠯᠡᠴᠢᠯᠡᠭᠡ ᠴᠢᠩᠭ᠎ᠠ᠂ ᠴᠢᠨᠠᠷ |
ᠰᠠᠶᠢᠲᠠᠶ᠂ ᠲᠡᠷᠢᠭᠦᠨ ᠤ ᠮᠡᠷᠭᠡᠵᠢᠯ ᠤᠨ ᠵᠠᠭᠪᠤᠷ ᠵᠡᠷᠭᠡ ᠭᠤᠤᠯᠯᠠᠬᠤ ᠥᠷᠢᠰᠦᠯᠳᠦᠬᠦ ᠬᠦᠴᠦᠨ ᠪᠠ ᠨᠡᠷᠡᠲᠦ |
ᠦᠶᠯᠡᠴᠢᠯᠡᠭᠡᠨ ᠤ ᠲᠥᠷᠥᠯ ᠲᠡᠮᠳᠡᠭᠲᠦ ᠲᠠᠢ ᠤᠳᠤ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ |
ᠳᠠᠭᠠᠭᠤᠯᠤᠭᠴᠢ ᠠᠵᠤ ᠠᠬᠤᠶᠢᠯᠠᠯ ᠢ ᠨᠢᠭᠡ ᠪᠦᠯᠦᠭ ᠪᠣᠶᠢᠵᠢᠭᠤᠯᠤᠨ᠂ ᠵᠠᠮ ᠬᠠᠷᠢᠯᠴᠠᠭ᠎ᠠ ᠪᠠᠷᠠᠭᠠᠨ ᠤ |
ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠴᠢᠨᠠᠷᠲᠠᠶ ᠥᠪᠡᠷ ᠤᠨ ᠥᠷᠲᠡᠭ ᠢ |
ᠪᠠᠭᠤᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠵᠤ᠂ ᠪᠦᠬᠦ ᠨᠡᠶᠢᠭᠡᠮ |
ᠤᠨ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠬᠤ ᠶᠢ ᠠᠬᠢᠭᠤᠯᠤᠨ᠎ᠠ᠃ |
2026 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ |
ᠤ ᠭᠦᠢᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ ᠢ 50 ᠠᠴᠠ ᠳᠡᠭᠡᠭᠰᠢ ᠳᠤ ᠬᠦᠷᠦᠭᠦᠯᠵᠦ᠂ ᠨᠢᠭᠡᠴᠢ |
ᠪᠠᠷᠠᠭᠠᠨ ᠤ ᠡᠷᠭᠢᠯᠲᠡ ᠶᠢᠨ ᠬᠡᠮᠵᠢᠶ᠎ᠡ ᠶᠢᠨ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ 6% ᠪᠠᠷ |
ᠪᠠᠭᠤᠷᠠᠭᠤᠯᠤᠨ᠎ᠠ᠃ |
ᠬᠤᠶᠠᠷ᠂ ᠪᠣᠶᠢᠵᠢᠭᠤᠯᠬᠤ ᠵᠠᠮ ᠮᠥᠷ |
ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡ ᠶᠢᠨ ᠳᠠᠭᠠᠭᠤᠯᠤᠭᠴᠢ ᠠᠵᠤ ᠠᠬᠤᠶᠢᠯᠠᠯ |
︵ᠳᠣᠷᠣᠭᠰᠢ ᠳᠠᠭᠠᠭᠤᠯᠤᠭᠴᠢ ᠠᠵᠤ ᠠᠬᠤᠶᠢᠯᠠᠯ ᠭᠡᠵᠦ ᠲᠣᠪᠴᠢᠯᠠᠨ᠎ᠠ︶ ᠳᠤ ᠲᠡᠮᠦᠷ ᠵᠠᠮ᠂ ᠵᠠᠰᠠᠮᠠᠯ ᠵᠠᠮ᠂ ᠠᠷᠠᠳ |
ᠤᠨ ᠠᠭᠠᠷ ᠤᠨ ᠲᠡᠭᠡᠭᠡᠪᠦᠷᠢ᠂ ᠰᠢᠦᠳᠠᠨ ᠤ ᠲᠦᠷᠭᠡᠨ ᠬᠦᠷᠭᠡᠯᠲᠡ ᠵᠡᠷᠭᠡ ᠲᠤᠰᠬᠠᠶ ᠬᠦᠷᠢᠶᠡᠨ ᠳᠠᠬᠢ ᠵᠠᠮ |
ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ᠂ ᠣᠯᠠᠨ ᠵᠦᠢᠯ ᠤᠨ ᠲᠡᠭᠡᠭᠡᠪᠦᠷᠢ ᠶᠢᠨ ᠬᠡᠯᠪᠡᠷᠢ ᠠᠯᠤᠰᠯᠠᠭᠰᠠᠨ |
ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ |
ᠳᠣᠤᠷᠠᠳᠤ ᠬᠡᠯᠬᠢᠶ᠎ᠡ ᠶᠢᠨ ᠠᠭᠤᠰᠤᠯᠴᠠᠭᠰᠠᠨ ᠠᠵᠤ ᠠᠬᠤᠶᠢᠯᠠᠯ ᠵᠡᠷᠭᠡ ᠶᠢ ᠪᠠᠭᠲᠠᠭᠠᠨ᠎ᠠ᠃ ᠵᠣᠬᠢᠬᠤ ᠬᠡᠪᠴᠢᠶ᠎ᠡ ᠪᠠ |
ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠳᠤ ᠬᠦᠷᠴᠦ᠂ ᠨᠡᠯᠢᠶᠡᠳ ᠴᠢᠩᠭ᠎ᠠ ᠮᠡᠷᠭᠡᠵᠢᠯ ᠤᠨ ᠰᠢᠨ᠎ᠡ ᠶᠢ ᠡᠭᠦᠳᠬᠦ |
ᠴᠢᠳᠠᠪᠤᠷᠢ᠂ ᠠᠵᠢᠯ ᠲᠥᠷᠥᠯ ᠤᠨ ᠨᠥᠯᠥᠭᠡᠯᠡᠬᠦ ᠬᠦᠴᠦᠨ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠ |
ᠬᠥᠭᠵᠢᠯᠲᠡ ᠶᠢᠨ ᠳᠠᠯᠳᠠ ᠬᠦᠴᠦᠨ ᠢ ᠪᠦᠷᠢᠯᠳᠦᠭᠦᠯᠵᠦ᠂ ᠲᠣᠭᠠᠴᠢᠯᠠᠭᠰᠠᠨ ᠪᠣᠬᠢᠷᠲᠤᠯ ᠥᠬᠡᠶ ᠬᠥᠭᠵᠢᠯᠲᠡ ᠶᠢᠨ |
ᠬᠢᠷᠢ ᠲᠦᠪᠰᠢᠨ᠂ ᠦᠶᠯᠡᠴᠢᠯᠡᠭᠡᠨ ᠤ ᠶᠠᠰᠤ ᠴᠢᠨᠠᠷ ᠢ ᠠᠵᠢᠯ ᠲᠥᠷᠥᠯ ᠤᠨ ᠲᠡᠷᠢᠭᠦᠨ ᠤ ᠪᠠᠶᠢᠷᠢᠨ ᠳᠤ ᠪᠠᠶᠢᠯᠭᠠᠵᠤ᠂ |
ᠵᠢᠵᠢᠭ ᠪᠢᠴᠢᠯ ᠠᠵᠤ ᠠᠬᠤᠶᠢᠯᠠᠯ ᠳᠤ ᠮᠡᠷᠭᠡᠵᠢᠯ ᠤᠨ ᠦᠶᠯᠡᠴᠢᠯᠡᠭᠡ᠂ ᠰᠢᠶᠳᠪᠦᠷᠢᠯᠡᠬᠦ ᠲᠥᠰᠦᠯ ᠵᠡᠷᠭᠡ ᠲᠠᠯ᠎ᠠ ᠪᠠᠷ |
ᠢᠳᠡᠪᠬᠢᠲᠡᠶ ᠳᠡᠮᠵᠢᠯᠭᠡ ᠬᠠᠩᠭᠠᠵᠤ᠂ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ |
ᠳᠠᠭᠠᠭᠤᠯᠤᠨ᠎ᠠ᠃ |
ᠳᠣᠤᠷᠠᠬᠢ ᠳᠥᠷᠪᠡᠨ ᠵᠦᠶᠯ ᠤᠨ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠪᠡᠶ᠎ᠡ ᠪᠠᠨ ᠳᠠᠭᠠᠭᠠᠵᠤ |
ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠷᠢᠮᠵᠢᠶ᠎ᠠ ᠪᠠ ᠠᠵᠢᠯ ᠤᠨ ᠵᠦᠭᠯᠡᠭᠦᠷ ᠢ |
ᠦᠨᠳᠦᠰᠦᠯᠡᠨ ᠮᠠᠭᠠᠳᠯᠠᠨ ᠲᠣᠭᠲᠠᠭᠠᠵᠤ᠂ ᠠᠶᠢᠮᠠᠭ ᠬᠤᠲᠠ ᠪᠣᠶᠢᠵᠢᠭᠤᠯᠤᠨ ᠪᠤᠵᠠᠭᠠᠶᠢᠷᠠᠭᠤᠯᠤᠨ᠎ᠠ᠃ |
︵ᠨᠢᠭᠡ︶ ᠨᠢᠭᠡᠨᠲᠡ ᠪᠠᠶᠢᠭ᠎ᠠ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ |
ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠶᠢᠨ |
ᠠᠵᠤ ᠠᠬᠤᠶᠢᠯᠠᠯ ᠤᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠬᠦ᠂ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ |
︽ᠵᠢᠵᠢᠭ ᠲᠠᠷᠠᠬᠠᠶ ᠪᠠᠭᠤᠷᠠᠶ︾ ᠪᠠᠶᠢᠳᠠᠯ ᠢ ᠬᠤᠪᠢᠷᠠᠭᠤᠯᠤᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ |
ᠡᠷᠴᠢᠮ ᠢᠶᠠᠨ ᠨᠡᠮᠡᠭᠳᠡᠭᠦᠯᠵᠦ᠂ ᠤᠯᠤᠰ ᠤᠨ ᠳᠣᠲᠣᠭᠠᠳᠤ ᠶᠢᠨ ᠨᠡᠷᠡᠲᠦ ᠵᠠᠮ ᠬᠠᠷᠢᠯᠴᠠᠭ᠎ᠠ ᠪᠠᠷᠠᠭᠠᠨ ᠤ |
ᠭᠦᠢᠯᠭᠡᠭᠡ ᠶᠢᠨ ᠠᠵᠤ ᠠᠬᠤᠶᠢᠯᠠᠯ ᠢ ᠲᠠᠲᠠᠵᠤ ᠮᠠᠨ ᠤ ᠣᠷᠣᠨ ᠳᠤ ᠨᠤᠲᠤᠭᠰᠢᠭᠤᠯᠤᠨ᠂ ᠣᠷᠣᠨ ᠤ ᠳᠣᠲᠣᠷ᠎ᠠ |
ᠭᠠᠳᠠᠨᠠᠬᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠨᠡᠶᠢᠯᠡᠭᠦᠯᠦᠨ ᠳᠠᠬᠢᠨ ᠵᠣᠬᠢᠶᠠᠨ |
ᠪᠠᠶᠢᠭᠤᠯᠬᠤ᠂ ᠬᠠᠮᠵᠢᠯᠴᠠᠬᠤ ᠬᠤᠯᠪᠣᠭ᠎ᠠ ᠪᠠᠶᠢᠭᠤᠯᠬᠤ ᠶᠢ ᠵᠣᠷᠢᠭᠵᠢᠭᠤᠯᠵᠤ᠂ ᠣᠷᠣᠨ ᠪᠦᠰᠡ ᠶᠢᠨ ᠥᠷᠢᠰᠥᠯᠳᠦᠬᠦ |
ᠬᠦᠴᠦᠨ ᠲᠠᠢ ᠲᠣᠮᠣ ᠬᠡᠯᠪᠡᠷᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠬᠢᠶᠠᠨ ᠪᠠᠶᠢᠭᠤᠯᠤᠨ᠎ᠠ︔ |
ᠲᠠᠪᠴᠠᠩ ᠤᠨ ᠠᠵᠤ ᠠᠬᠤᠶᠢᠯᠠᠯ ᠨᠢ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ ᠶᠢᠨ ᠲᠠᠪᠴᠠᠩ ᠤᠨ ᠠᠵᠤ ᠠᠬᠤᠶᠢᠯᠠᠯ |
ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠠᠮᠵᠢᠵᠤ᠂ ᠲᠠᠷᠠᠬᠠᠶ ᠪᠤᠲᠠᠷᠬᠠᠶ ᠲᠡᠭᠡᠭᠡᠪᠦᠷᠢᠯᠡᠬᠦ ᠬᠦᠴᠦᠨ ᠤ ᠡᠬᠢ |
ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ |
︵ᠬᠤᠶᠠᠷ︶ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠵᠠᠮ ᠬᠠᠷᠢᠯᠴᠠᠭ᠎ᠠ ᠪᠠᠷᠠᠭᠠᠨ ᠤ |
ᠭᠦᠢᠯᠭᠡᠭᠡ ᠶᠢᠨ ᠠᠵᠤ ᠠᠬᠤᠶᠢᠯᠠᠯ ᠢ ᠲᠦᠷᠭᠡᠳᠬᠡᠨ ᠬᠥᠭᠵᠢᠭᠦᠯᠦᠨ᠎ᠡ᠃ ᠠᠵᠤ ᠠᠬᠤᠶᠢᠯᠠᠯ ᠢ ᠬᠥᠲᠥᠯᠥᠨ |
ᠵᠢᠯᠣᠭᠤᠳᠴᠤ ᠪᠠᠶᠢᠭᠠᠳ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠬᠡᠷᠡᠭᠯᠡᠭᠦᠯᠵᠦ᠂ ᠣᠷᠳᠣᠰ᠂ ᠦᠬᠠᠶ ᠵᠡᠷᠭᠡ ᠭᠠᠵᠠᠷ |
ᠲᠤ ᠬᠤᠣᠰ ᠴᠢᠷᠦᠭᠦᠯ ᠮᠠᠰᠢᠨ ᠲᠡᠷᠭᠡᠨ ᠤ ᠴᠤᠪᠤᠭ᠎ᠠ ᠲᠡᠷᠭᠡ ᠶᠢᠨ ᠲᠡᠭᠡᠭᠡᠪᠦᠷᠢ᠂ ᠠᠦ᠋ᠲ᠋ᠣ᠋ ᠵᠢᠯᠣᠭᠤᠳᠣᠯᠭ᠎ᠠ ᠶᠢᠨ |
ᠳᠤᠭᠤᠶᠢᠯᠠᠩ ᠬᠤᠪᠢᠶᠠᠭᠰᠠᠨ ᠵᠠᠭᠪᠤᠷ ᠤᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠶᠢ ᠥᠷᠨᠢᠭᠦᠯᠦᠨ᠎ᠡ︔ ᠴᠠᠬᠢᠯᠭᠠᠨ |
ᠨᠡᠭᠦᠷᠡᠰᠦ ᠵᠡᠷᠭᠡ ᠳᠤᠮᠳᠠ ᠣᠬᠤᠷ ᠵᠠᠶ ᠶᠢᠨ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠲᠠᠯᠠᠪᠠᠢ ᠳᠤ |
ᠲᠦᠰᠢᠭᠯᠡᠨ᠂ ᠪᠤᠭᠤᠲᠤ ᠵᠡᠷᠭᠡ ᠭᠠᠵᠠᠷ ᠲᠤ ︽ᠡᠬᠡ ᠬᠠᠭᠤᠷᠠᠶ ᠶᠢᠨ ᠭᠠᠷᠠᠮ + ᠴᠢᠩᠭᠡᠯᠢᠭ + ᠰᠢᠨ᠎ᠡ ᠡᠨᠧᠷᠭᠢ ᠶᠢᠨ |
ᠬᠦᠨᠳᠦ ᠠᠴᠢᠶᠠᠨ ᠮᠠᠰᠢᠨ︾ ᠤ ᠪᠣᠬᠢᠷᠲᠤᠯ ᠥᠬᠡᠶ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠶᠢ ᠳᠡᠯᠭᠡᠷᠡᠭᠦᠯᠦᠨ᠎ᠡ︔ |
ᠭᠠᠭᠴᠠᠮᠤᠳᠤ ᠵᠡᠷᠭᠡ ᠬᠢᠯᠢ ᠶᠢᠨ ᠪᠣᠭᠤᠮᠲᠠ ᠳᠤ AGV᠂ ᠵᠢᠯᠣᠭᠤᠴᠢ ᠥᠬᠡᠶ ᠴᠢᠩᠭᠡᠯᠢᠭ ᠠᠴᠢᠶᠠᠨ ᠮᠠᠰᠢᠨ ᠤ ᠬᠢᠯᠢ |
ᠠᠯᠤᠰᠯᠠᠨ ᠲᠡᠭᠡᠭᠡᠪᠦᠷᠢᠯᠡᠬᠦ ᠵᠢᠱᠢᠶ᠎ᠡ ᠦᠵᠡᠭᠦᠯᠬᠦ ᠶᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ |
TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠨ᠎ᠡ᠃ |
︵ᠭᠤᠷᠪᠠ︶ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠢᠳᠡᠪᠬᠢᠲᠡᠶ ᠪᠠᠷ |
ᠵᠣᠬᠢᠶᠠᠨ ᠪᠠᠶᠢᠭᠤᠯᠤᠨ᠎ᠠ᠃ ᠮᠠᠨ ᠤ ᠣᠷᠣᠨ ᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠣᠯᠠᠨ |
ᠡᠰᠢᠵᠢᠭᠰᠡᠨ ᠳᠠᠪᠠᠭᠤᠯᠢᠭ ᠢ ᠪᠠᠳᠠᠷᠠᠭᠤᠯᠵᠤ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠵᠠᠬ᠎ᠠ ᠳᠡᠯᠭᠡᠭᠦᠷᠴᠢᠯᠡᠬᠦ |
ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠲᠡᠮᠦᠷ ᠵᠠᠮ ᠤᠨ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠬᠤ |
ᠶᠢ ᠠᠬᠢᠭᠤᠯᠤᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠢᠶᠠᠷ ᠭᠤᠣᠯ ᠪᠣᠯᠭᠠᠭᠰᠠᠨ ᠣᠯᠠᠨ |
ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠪᠣᠶᠢᠵᠢᠭᠤᠯᠵᠤ᠂ ︽ᠨᠢᠭᠡ ᠪᠠᠷᠢᠮᠲᠠ ᠶᠢᠨ ᠳᠦᠷᠢᠮ︾ |
᠂ ︽ᠨᠢᠭᠡ ᠴᠢᠩᠬᠡᠯᠢᠭ ᠤᠨ ᠳᠦᠷᠢᠮ︾ ᠤᠨ ᠬᠥᠭᠵᠢᠯᠲᠡ ᠶᠢ ᠲᠦᠷᠭᠡᠳᠬᠡᠵᠦ᠂ ︽ᠭᠤᠣᠯ ᠱᠤᠭᠤᠮ ᠤᠨ ᠲᠡᠮᠦᠷ |
ᠵᠠᠮ + ᠰᠠᠯᠪᠤᠷᠢ ᠱᠤᠭᠤᠮ ᠤᠨ ᠰᠢᠨ᠎ᠡ ᠡᠨᠧᠷᠭᠢ ᠶᠢᠨ ᠵᠦᠭᠡᠭᠡᠪᠦᠷᠢᠯᠡᠬᠦ︾ ᠲᠡᠭᠡᠭᠡᠪᠦᠷᠢ ᠶᠢᠨ ᠵᠠᠭᠪᠤᠷ ᠢ ᠪᠠᠶᠢᠭᠤᠯᠤᠨ᠎ᠠ |
᠃ |
︵ᠳᠥᠷᠪᠡᠨ︶ ᠬᠠᠩᠭᠠᠯᠭ᠎ᠠ ᠶᠢᠨ ᠬᠡᠯᠬᠢᠶᠡᠰᠦ ᠶᠢᠨ ᠳᠡᠭᠡᠳᠤ ᠳᠣᠣᠷᠠᠳᠤ ᠬᠡᠯᠬᠢᠶ᠎ᠡ ᠶᠢ ᠠᠭᠤᠰᠣᠯᠴᠠᠭᠤᠯᠬᠤ |
ᠬᠡᠯᠪᠡᠷᠢ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠢ ᠶᠡᠭᠡ ᠪᠠᠷ ᠬᠥᠭᠵᠢᠭᠦᠯᠦᠨ᠎ᠡ᠃ |
︽ᠵᠠᠰᠠᠭ ᠶᠢᠨ ᠣᠷᠳᠣᠨ ᠠᠵᠤ ᠠᠬᠤᠶᠢᠯᠠᠯ ᠲᠡᠭᠡᠭᠡᠪᠦᠷᠢ︾ ᠶᠢᠨ ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ |
ᠳᠠᠭᠠᠭᠤᠯᠤᠭᠴᠢ ᠠᠵᠤ ᠠᠬᠤᠶᠢᠯᠠᠯ ᠬᠢᠭᠡᠳ ᠡᠨᠧᠷᠭᠢ᠂ ᠦᠶᠯᠡᠳᠬᠦ᠂ ᠠᠷᠠᠯᠵᠢᠶ᠎ᠠ ᠬᠤᠳᠠᠯᠳᠤᠭ᠎ᠠ᠂ ᠰᠦ ᠶᠢᠨ ᠦᠶᠯᠡᠰ᠂ |
ᠲᠦᠭᠦᠬᠡᠶ ᠰᠣᠷᠭᠤᠭ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠡᠷᠭᠡ ᠲᠣᠮᠣ ᠬᠡᠯᠪᠡᠷᠢ ᠶᠢᠨ |
ᠪᠠᠷᠠᠭᠠᠨ ᠤ ᠡᠵᠡᠨ ᠤ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠲᠠᠢ ᠵᠣᠯᠭᠠᠭᠤᠯᠬᠤ ᠶᠢ ᠳᠡᠮᠵᠢᠵᠦ᠂ ᠬᠠᠩᠭᠠᠯᠭ᠎ᠠ |
ᠶᠢᠨ ᠬᠡᠯᠬᠢᠶᠡᠰᠦ ᠶᠢᠨ ᠠᠵᠤ ᠠᠬᠤᠶᠢᠯᠠᠯ ᠤᠨ ᠬᠤᠯᠪᠣᠭ᠎ᠠ ᠪᠠᠶᠢᠭᠤᠯᠬᠤ ᠶᠢ ᠠᠬᠢᠭᠤᠯᠤᠨ᠂ ᠬᠠᠩᠭᠠᠯᠭ᠎ᠠ ᠶᠢᠨ |
ᠬᠡᠯᠬᠢᠶᠡᠰᠦ ᠶᠢᠨ ᠬᠠᠮᠵᠢᠯᠴᠠᠨ ᠬᠥᠭᠵᠢᠬᠦ ᠵᠠᠭᠪᠤᠷ ᠲᠤ ᠰᠢᠨ᠎ᠡ ᠶᠢ ᠡᠭᠦᠳᠴᠦ᠂ ᠲᠡᠭᠡᠭᠡᠪᠦᠷᠢᠯᠡᠬᠦ᠂ ᠬᠥᠮᠥᠷᠭᠡᠯᠡᠨ |
ᠬᠠᠳᠠᠭᠠᠯᠠᠬᠤ᠂ ᠡᠳ᠋ᠰᠢᠭᠦᠯᠬᠦ᠂ ᠳᠣᠭᠢᠷᠠᠭᠤᠯᠤᠨ ᠬᠦᠷᠭᠡᠬᠦ ᠵᠡᠷᠭᠡ ᠨᠢᠭᠡ ᠴᠣᠭᠴᠠᠵᠢᠭᠤᠯᠤᠭᠰᠠᠨ ᠪᠠᠷᠠᠭᠠᠨ ᠤ |
ᠭᠦᠢᠯᠭᠡᠭᠡ ᠶᠢᠨ ᠦᠢᠯᠡᠴᠢᠯᠡᠭᠡ ᠬᠠᠩᠭᠠᠨ᠎ᠠ᠃ |
ᠭᠤᠷᠪᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ |
︵ᠨᠢᠭᠡ︶ ᠳᠠᠭᠠᠭᠤᠯᠤᠭᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ |
ᠳᠡᠭᠡᠭᠰᠢᠯᠡᠭᠦᠯᠦᠨ᠎ᠡ |
1. ᠣᠷᠣᠨ ᠨᠤᠲᠤᠭ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠦᠶᠯᠡᠴᠢᠯᠡᠭᠡᠨ ᠤ ᠪᠠᠷᠢᠮᠵᠢᠶ᠎ᠠ ᠶᠢᠨ |
ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠠᠵᠢᠯ ᠲᠥᠷᠥᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠥᠨᠳᠥᠷ |
ᠡᠬᠢᠯᠡᠯᠲᠡ ᠲᠠᠢ ᠪᠠᠷ ᠥᠪᠥᠷ ᠮᠣᠩᠭᠤᠯ ᠤᠨ ᠪᠣᠳᠠᠲᠠᠶ ᠲᠠᠢ ᠪᠠᠨ ᠤᠶᠠᠯᠳᠤᠭᠤᠯᠤᠨ ᠪᠦᠯᠬᠦᠮ ᠨᠡᠶᠢᠲᠡ ᠶᠢᠨ ᠪᠠᠷᠢᠮᠵᠢᠶ᠎ᠠ |
ᠪᠠ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠤᠨ᠂ ᠳᠠᠭᠠᠭᠤᠯᠤᠭᠴᠢ ᠠᠵᠤ ᠠᠬᠤᠶᠢᠯᠠᠯ ᠤᠨ |
ᠪᠠᠷᠢᠮᠵᠢᠶ᠎ᠠ ᠲᠠᠢ ᠬᠠᠷᠭᠤᠭᠤᠯᠬᠤ ᠪᠠ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠵᠤ᠂ ᠬᠠᠮᠢᠶᠠᠷᠤᠯᠲᠠ ᠶᠢᠨ ᠬᠢᠷᠢ |
ᠬᠡᠮᠵᠢᠶ᠎ᠡ ᠶᠢ ᠳᠡᠭᠡᠭᠰᠢᠯᠡᠭᠦᠯᠦᠨ᠎ᠡ᠃ |
2. ᠳᠠᠭᠠᠭᠤᠯᠤᠭᠴᠢ ᠠᠵᠤ ᠠᠬᠤᠶᠢᠯᠠᠯ ᠤᠨ ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠤᠨ |
ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠬᠠᠮᠲᠤᠷᠠᠯᠴᠠᠭᠰᠠᠨ ᠣᠯᠠᠨ ᠬᠡᠯᠪᠡᠷᠢ ᠶᠢᠨ ᠬᠠᠮᠲᠤᠷᠠᠭᠰᠠᠨ |
ᠲᠡᠭᠡᠭᠡᠪᠦᠷᠢ᠂ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠬᠡᠯᠬᠢᠶ᠎ᠡ ᠶᠢᠨ ᠬᠠᠮᠢᠶ᠎ᠠ ᠪᠥᠬᠦᠶ ᠠᠵᠤ ᠠᠬᠤᠶᠢᠯᠠᠯ |
ᠲᠡᠶᠢᠰᠢ ᠨᠡᠭᠡᠭᠡᠯᠲᠡ ᠬᠢᠬᠦ ᠶᠢ ᠠᠬᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠᠷ ᠥᠪᠡᠷ ᠤᠨ ᠥᠷᠲᠡᠭ ᠢ |
ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ |
3. ᠣᠷᠣᠨ ᠨᠤᠲᠤᠭ ᠤᠨ ᠲᠡᠮᠦᠷ ᠵᠠᠮ᠂ ᠪᠡᠯᠡ ᠨᠡᠶᠢᠯᠡᠭᠦᠯᠦᠭᠰᠡᠨ ᠲᠡᠮᠦᠷ ᠵᠠᠮ᠂ ᠲᠡᠮᠦᠷ ᠵᠠᠮ ᠤᠨ ᠲᠤᠰᠬᠠᠶ |
ᠱᠤᠭᠤᠮ ︵ ᠲᠥᠪᠯᠡᠷᠡᠭᠦᠯᠦᠨ ᠠᠴᠢᠶᠠᠯᠠᠬᠤ ᠥᠷᠲᠡᠭᠡ︶ ᠵᠡᠷᠭᠡ ᠲᠡᠭᠡᠭᠡᠪᠦᠷᠢ ᠶᠢᠨ ᠠᠵᠤ ᠠᠬᠤᠶᠢᠯᠠᠯ ᠤᠨ ᠲᠡᠭᠡᠭᠡᠪᠦᠷᠢ |
ᠶᠢᠨ ᠦᠨ᠎ᠡ ᠶᠢ ᠵᠦᠶ ᠵᠣᠬᠢᠰᠲᠠᠶ ᠪᠠᠭᠤᠷᠠᠭᠤᠯᠤᠨ᠎ᠠ᠃ |
4. ᠲᠡᠮᠦᠷ ᠵᠠᠮ ᠤᠨ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠶᠳᠬᠡᠯ |
ᠬᠤᠷᠢᠶᠠᠬᠤ ᠶᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠲᠡᠮᠦᠷ |
ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠪᠥᠲᠥᠭᠡᠨ ᠪᠠᠶᠢᠭᠤᠯᠬᠤ ᠶᠢᠨ |
ᠪᠠᠷᠢᠯᠭ᠎ᠠ ᠶᠢᠨ ᠬᠠᠮᠵᠢᠯᠴᠠᠭ᠎ᠠ᠂ ᠠᠵᠢᠯᠯᠠᠭᠠᠨ ᠤ ᠬᠠᠮᠠᠭᠠᠯᠠᠯᠲᠠ ᠪᠠᠷᠢᠯᠭ᠎ᠠ ᠶᠢᠨ ᠠᠵᠢᠯ᠂ ᠥᠨᠳᠥᠷ ᠬᠦᠴᠦᠳᠡᠯ ᠲᠠᠢ |
ᠣᠶᠢᠷᠠᠲᠤᠭᠰᠠᠨ ᠲᠣᠤᠷ ᠲᠤ ᠴᠠᠬᠢᠯᠭᠠᠨ ᠬᠡᠷᠡᠭᠯᠡᠬᠦ ᠵᠢᠴᠢ ᠬᠥᠮᠥᠷᠭᠡᠯᠡᠨ ᠬᠠᠳᠠᠭᠠᠯᠠᠬᠤ᠂ ᠥᠷᠲᠡᠭᠡ ᠲᠠᠪᠴᠠᠩ ᠳᠤ |
ᠬᠡᠷᠡᠭᠯᠡᠬᠦ ᠵᠡᠷᠭᠡ ᠵᠠᠷᠤᠳᠠᠯ ᠬᠤᠷᠢᠶᠠᠬᠤ ᠶᠢ ᠵᠠᠯᠠᠷᠠᠭᠤᠯᠤᠨ ᠵᠠᠰᠠᠨ᠎ᠠ︔ ᠲᠡᠮᠦᠷ ᠵᠠᠮ ᠤᠨ ᠲᠤᠰᠬᠠᠶ ᠱᠤᠭᠤᠮ ᠤᠨ |
ᠰᠡᠯᠪᠢᠨ ᠵᠠᠰᠠᠬᠤ ᠵᠠᠷᠤᠳᠠᠯ ᠢ ᠪᠠᠭᠤᠷᠠᠭᠤᠯᠤᠨ᠎ᠠ᠃ |
︵ᠬᠤᠶᠠᠷ︶ ᠳᠠᠭᠠᠭᠤᠯᠤᠭᠴᠢ ᠠᠵᠤ ᠠᠬᠤᠶᠢᠯᠠᠯ ᠤᠨ ᠪᠠᠷᠠᠭᠠᠨ ᠤ ᠢᠷᠡᠯᠲᠡ ᠶᠢᠨ ᠪᠠᠲᠤᠯᠠᠭ᠎ᠠ ᠶᠢ |
ᠴᠢᠩᠭᠠᠷᠠᠭᠤᠯᠤᠨ᠎ᠠ |
5. ᠠᠶᠢᠮᠠᠭ ᠬᠤᠲᠠ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠱᠠᠲᠤ ᠬᠤᠪᠢᠶᠠᠨ ᠲᠦᠷᠦᠭᠦᠯᠡᠭᠰᠡᠨ |
ᠵᠠᠰᠠᠭ ᠤᠨ ᠣᠷᠳᠣᠨ ᠠᠵᠤ ᠠᠬᠤᠶᠢᠯᠠᠯ ᠲᠡᠭᠡᠭᠡᠪᠦᠷᠢ ᠶᠢᠨ ︽ᠬᠤᠶᠠᠷ ᠲᠠᠯ᠎ᠠ ᠠᠴᠠ ᠡᠷᠢᠬᠦ︾ ᠶᠢ ᠵᠣᠯᠭᠠᠭᠤᠯᠬᠤ |
ᠲᠣᠭᠲᠠᠴᠠ ᠶᠢ ᠪᠠᠶᠢᠭᠤᠯᠵᠤ᠂ ᠲᠡᠭᠡᠭᠡᠪᠦᠷᠢ ᠶᠢᠨ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢ ᠨᠢ |
ᠰᠦᠪᠡᠭᠴᠢᠯᠡᠭᠦᠯᠵᠦ᠂ ᠦᠶᠯᠡᠳᠪᠦᠷᠢᠯᠡᠯ ᠤᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠶᠢ |
ᠲᠦᠯᠬᠢᠨ ᠠᠬᠢᠭᠤᠯᠤᠨ᠎ᠠ︔ ᠬᠤᠶᠠᠷ ᠲᠠᠯ᠎ᠠ ᠪᠠᠷ ᠢᠶᠠᠨ ᠤᠷᠲᠤ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ |
ᠲᠣᠭᠲᠠᠬᠤ ᠶᠢ ᠵᠣᠷᠢᠭᠵᠢᠭᠤᠯᠵᠤ᠂ ︽ᠶᠡᠷᠦᠩᠬᠡᠢ ᠠᠴᠠ ᠶᠡᠷᠦᠩᠬᠡᠢ ᠳᠠᠬᠢ︾ ᠪᠠᠷᠠᠭᠠᠨ ᠤ ᠭᠦᠢᠯᠭᠡᠭᠡ ᠶᠢᠨ ᠬᠠᠩᠭᠠᠯᠭ᠎ᠠ |
ᠶᠢᠨ ᠬᠡᠯᠬᠢᠶᠡᠨ ᠤ ᠬᠠᠮᠲᠤᠷᠠᠯᠴᠠᠭ᠎ᠠ ᠶᠢ ᠥᠷᠨᠢᠭᠦᠯᠦᠨ᠎ᠡ᠃ |
6. ᠳᠠᠭᠠᠭᠤᠯᠤᠭᠴᠢ ᠠᠵᠤ ᠠᠬᠤᠶᠢᠯᠠᠯ ᠬᠢᠭᠡᠳ ᠨᠡᠭᠦᠷᠡᠰᠦ᠂ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ |
ᠦᠢᠯᠡᠳᠪᠦᠷᠢ᠂ ᠪᠣᠯᠣᠳ ᠲᠡᠮᠦᠷ ᠬᠠᠶᠢᠯᠤᠭᠤᠯᠬᠤ ᠦᠢᠯᠡᠳᠪᠦᠷᠢᠯᠡᠬᠦ ᠦᠢᠯᠡᠳᠬᠦ ᠦᠢᠯᠡᠰ ᠯᠦᠭᠡ ᠠᠭᠤᠰᠤᠯᠴᠠᠨ |
ᠬᠥᠭᠵᠢᠬᠦ ᠶᠢ ᠬᠥᠲᠥᠯᠥᠨ ᠵᠢᠯᠣᠭᠤᠳᠴᠤ᠂ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠰᠲ᠋ᠣᠺ ᠤᠨ ᠡᠷᠬᠡ ᠶᠢᠨ |
ᠬᠠᠮᠲᠤᠷᠠᠯᠴᠠᠭ᠎ᠠ᠂ ᠠᠵᠤ ᠦᠢᠯᠡᠰ ᠤᠨ ᠬᠤᠯᠪᠣᠭ᠎ᠠ ᠪᠠᠷ ᠳᠠᠮᠵᠢᠭᠤᠯᠤᠨ᠂ ᠦᠢᠯᠡᠳᠪᠦᠷᠢᠯᠡᠵᠦ ᠪᠣᠷᠣᠯᠠᠭᠤᠯᠬᠤ |
ᠲᠡᠭᠡᠭᠡᠪᠦᠷᠢᠯᠡᠬᠦ ᠶᠢᠨ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃ |
7. ᠾᠧᠪᠧᠶ᠂ ᠯᠢᠶᠣᠤᠨᠢᠩ᠂ ᠲᠢᠶᠠᠨᠵᠢᠨ ᠵᠡᠷᠭᠡ ᠭᠠᠵᠠᠷ ᠤᠨ ᠭᠠᠷᠠᠮ ᠯᠤᠭ᠎ᠠ ᠬᠠᠮᠲᠤᠷᠠᠯᠴᠠᠬᠤ ᠲᠣᠭᠲᠠᠴᠠ ᠶᠢ |
ᠪᠠᠶᠢᠭᠤᠯᠵᠤ᠂ ᠪᠠᠷᠠᠭ᠎ᠠ ᠶᠢᠨ ᠢᠷᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠳᠠᠭᠠᠭᠤᠯᠤᠭᠴᠢ ᠠᠵᠤ |
ᠠᠬᠤᠶᠢᠯᠠᠯ ᠳᠤ ᠪᠠᠷᠠᠭ᠎ᠠ ᠶᠢᠨ ᠢᠷᠡᠯᠲᠡ ᠶᠢᠨ ᠪᠤᠴᠠᠵᠤ ᠢᠷᠡᠬᠦ ᠮᠡᠳᠡᠭᠡ ᠵᠠᠩᠭᠢ ᠶᠢ ᠬᠠᠩᠭᠠᠨ᠎ᠠ᠃ |
︵ᠭᠤᠷᠪᠠ︶ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ |
ᠰᠢᠯᠢᠳᠡᠭᠵᠢᠭᠦᠯᠦᠨ᠎ᠡ |
8. ︽ᠡᠬᠡ ᠬᠠᠭᠤᠷᠠᠶ ᠶᠢᠨ ᠭᠠᠷᠠᠮ + ᠰᠢᠨ᠎ᠡ ᠡᠨᠧᠷᠭᠢ + ᠴᠢᠩᠭᠡᠯᠢᠭ︾ ᠵᠡᠷᠭᠡ ᠲᠡᠭᠡᠭᠡᠪᠦᠷᠢ ᠶᠢᠨ |
ᠲᠠᠯᠠᠪᠠᠢ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠢᠯᠡ ᠪᠠᠷ ᠥᠷᠢᠰᠦᠯᠳᠦᠬᠦ ᠠᠷᠭ᠎ᠠ |
ᠮᠠᠶ᠋ᠢᠭ ᠢ ᠬᠡᠷᠡᠭᠯᠡᠨ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ᠂ ᠡᠵᠡᠩᠨᠡᠯᠲᠡ ᠳᠤ ᠣᠷᠤᠯᠴᠠᠬᠤ ᠠᠵᠤ |
ᠠᠬᠤᠶᠢᠯᠠᠯ ᠢ ᠰᠤᠩᠭᠤᠨ᠎ᠠ᠃ |
9. ᠪᠥᠬᠦ ᠣᠷᠣᠨ ᠤ ᠨᠢᠭᠡᠳᠦᠯᠲᠡᠶ ᠲᠣᠭᠠᠴᠢᠯᠠᠭᠰᠠᠨ ᠪᠠᠷᠠᠭᠠᠨ ᠤ ᠭᠦᠢᠯᠭᠡᠭᠡ ᠶᠢᠨ ᠶᠡᠷᠦᠩᠬᠡᠶᠢᠯᠡᠭᠰᠡᠨ |
ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠭᠤᠯᠳᠤ ᠪᠠᠷ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ |
ᠬᠡᠯᠬᠢᠶ᠎ᠡ᠂ ᠬᠥᠨᠳᠡᠯᠡᠨ ᠢᠶᠠᠷ ᠰᠢᠦᠳᠠᠨ ᠤ ᠶᠠᠪᠤᠳᠠᠯ᠂ ᠲᠦᠷᠭᠡᠨ ᠬᠦᠷᠭᠡᠯᠲᠡ᠂ ᠡᠯᠧᠺᠲᠷᠣᠨ ᠬᠤᠳᠠᠯᠳᠤᠭ᠎ᠠ᠂ ᠬᠦᠶᠲᠡᠨ |
ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠠᠪᠴᠠᠩ ᠵᠢᠴᠢ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ |
ᠬᠤᠭᠤᠷᠣᠨᠳᠣᠬᠢ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠵᠠᠮ ᠮᠥᠷ ᠢ ᠰᠠᠭᠠᠳ ᠥᠬᠡᠶ ᠨᠡᠪᠲᠡᠷᠡᠭᠦᠯᠦᠨ᠂ |
ᠡᠨᠧᠷᠭᠢ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠨ |
ᠵᠠᠰᠠᠭ ᠤᠨ ᠶᠠᠪᠤᠳᠠᠯ᠂ ᠦᠶᠯᠡᠳᠪᠦᠷᠢᠯᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ᠂ ᠵᠠᠭᠠᠯᠳᠤᠵᠤ ᠢᠯᠡᠴᠢᠯᠡᠨ |
ᠮᠡᠳᠡᠭᠦᠯᠬᠦ᠂ ᠦᠶᠯᠡᠴᠢᠯᠡᠭᠡᠨ ᠤ ᠵᠦᠪᠯᠡᠯᠭᠡ᠂ ᠬᠠᠯᠠᠮᠰᠢᠯ ᠤᠲᠠᠰᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ |
ᠵᠡᠷᠭᠡ ᠴᠢᠳᠠᠮᠵᠢ ᠶᠢ ᠨᠡᠮᠡᠭᠳᠡᠭᠦᠯᠦᠨ᠎ᠡ᠃ |
10. ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠠᠭᠤᠷᠬᠠᠶ ᠶᠢᠨ ᠣᠷᠣᠨ᠂ ᠪᠠᠷᠠᠭᠠᠨ ᠤ |
ᠭᠦᠢᠯᠭᠡᠭᠡ ᠶᠢᠨ ᠬᠦᠷᠢᠶᠡᠯᠡᠩ ᠲᠣᠭᠤᠷᠢᠭ ᠵᠡᠷᠭᠡ ᠲᠠᠯᠠᠪᠤᠷ ᠭᠠᠵᠠᠷ ᠲᠤ ᠴᠠᠬᠢᠯᠭᠠᠨ ᠴᠡᠨᠡᠭᠯᠡᠵᠦ ᠳ᠋ᠢᠶᠠᠨ ᠣᠣᠢ ᠰᠣᠯᠢᠬᠤ |
ᠲᠦᠭᠦᠭᠡᠷᠤᠮᠵᠢ ᠬᠢᠭᠡᠳ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ᠂ ᠠᠭᠤᠷᠬᠠᠶ ᠶᠢᠨ ᠠᠴᠢᠶᠠᠨ ᠤ |
ᠮᠠᠰᠢᠨ ᠵᠡᠷᠭᠡ ᠲᠤᠰᠬᠠᠶ ᠬᠡᠷᠡᠭᠯᠡᠬᠦ ᠲᠡᠷᠭᠡ ᠬᠥᠰᠬᠡ ᠶᠢᠨ ᠬᠠᠷᠢᠴᠠᠯ ᠨᠢ 1᠄ 4 ᠠᠴᠠ ᠳᠣᠤᠷ᠎ᠠ ᠪᠠᠶᠢᠯᠭᠠᠬᠤ |
ᠦᠭᠡᠢ ᠪᠠᠷ ᠴᠠᠬᠢᠯᠭᠠᠨ ᠴᠡᠨᠡᠭᠯᠡᠵᠦ ᠳ᠋ᠢᠶᠠᠨ ᠣᠣᠢ ᠰᠣᠯᠢᠬᠤ ᠲᠦᠭᠦᠭᠡᠷᠤᠮᠵᠢ ᠶᠢ ᠪᠠᠶᠢᠭᠤᠯᠤᠨ᠎ᠠ᠃ |
11. ᠭᠠᠭᠴᠠᠮᠤᠳᠤ - ᠯᠢᠨᠾᠧ ᠵᠡᠷᠭᠡ 6 ᠵᠤᠷᠪᠤᠰ ᠬᠤᠯᠠ ᠵᠠᠶ ᠶᠢᠨ ᠰᠢᠨ᠎ᠡ ᠡᠨᠧᠷᠭᠢ ᠶᠢᠨ ᠵᠠᠮ ᠬᠠᠷᠢᠯᠴᠠᠭ᠎ᠠ |
ᠪᠠᠷᠠᠭᠠᠨ ᠤ ᠭᠦᠢᠯᠭᠡᠭᠡ ᠶᠢᠨ ᠵᠢᠱᠢᠶ᠎ᠡ ᠦᠵᠡᠭᠦᠯᠬᠦ ᠨᠡᠪᠲᠡᠷᠡᠬᠦ ᠵᠠᠮ ᠵᠢᠴᠢ ᠡᠳᠦᠶ ᠲᠡᠳᠦᠶ ᠠᠭᠤᠷᠬᠠᠶ ᠶᠢᠨ ᠣᠷᠣᠨ᠂ |
ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ |
ᠴᠠᠬᠢᠯᠭᠠᠨ ᠴᠡᠨᠡᠭᠯᠡᠬᠦ ︵ᠳ᠋ᠢᠶᠠᠨ ᠣᠣᠢ ᠰᠣᠯᠢᠬᠤ︶ ᠥᠷᠲᠡᠭᠡ ᠶᠢ 300 ᠰᠠᠭᠤᠷᠢ ᠪᠠᠶᠢᠭᠤᠯᠤᠨ᠎ᠠ᠃ |
12. ᠣᠨ ᠤ ᠲᠡᠭᠡᠭᠡᠪᠦᠷᠢ ᠶᠢᠨ ᠬᠡᠷᠡᠭᠴᠡᠭᠡ 150 ᠲᠦᠮᠡᠨ ᠲᠣᠨ ᠠᠴᠠ ᠳᠡᠭᠡᠭᠰᠢ ᠪᠠᠶᠢᠬᠤ ᠲᠣᠮᠣ ᠬᠡᠯᠪᠡᠷᠢ |
ᠶᠢᠨ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ |
ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠰᠢᠨ᠎ᠡ ᠪᠠᠷ ᠪᠠᠶᠢᠭᠤᠯᠬᠤ ᠲᠡᠮᠦᠷ ᠵᠠᠮ ᠤᠨ ᠲᠤᠰᠬᠠᠶ |
ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠲᠥᠷᠥᠯ ᠵᠦᠶᠯ ᠢ ᠥᠪᠡᠷᠲᠡᠭᠡᠨ ᠵᠠᠰᠠᠬᠤ ᠣᠷᠣᠨ ᠤ |
ᠬᠠᠮᠢᠶ᠎ᠠ ᠪᠥᠬᠦᠶ ᠲᠡᠮᠦᠷ ᠵᠠᠮ ᠤᠨ ᠲᠥᠯᠥᠪᠵᠢᠭᠦᠯᠭᠡ ᠳᠤ ᠣᠷᠣᠭᠤᠯᠤᠨ᠎ᠠ︔ ᠰᠢᠨ᠎ᠡ ᠪᠠᠷ ᠪᠠᠶᠢᠭᠤᠯᠬᠤ ᠲᠡᠮᠦᠷ ᠵᠠᠮ |
ᠤᠨ ᠲᠤᠰᠬᠠᠶ ᠱᠤᠭᠤᠮ ᠨᠢ ᠥᠷᠲᠡᠭᠡ ᠲᠠᠯᠠᠪᠤᠷ ᠢᠶᠠᠨ ᠨᠡᠭᠡᠭᠡᠵᠦ ᠦᠨ᠎ᠡ ᠲᠥᠯᠥᠪᠦᠷᠢ ᠲᠠᠢ ᠪᠠᠷ ᠬᠠᠮᠲᠤ ᠬᠡᠷᠡᠭᠯᠡᠨ᠂ |
ᠤᠷᠲᠤᠳᠬᠠᠨ ᠵᠠᠯᠭᠠᠵᠤ ᠣᠷᠣᠭᠤᠯᠬᠤ ᠨᠥᠬᠦᠴᠡᠯ ᠢ ᠤᠷᠢᠳᠴᠢᠯᠠᠨ ᠦᠯᠡᠳᠡᠭᠡᠨ᠎ᠡ︔ ᠲᠡᠮᠦᠷ ᠵᠠᠮ ᠤᠨ ᠺᠣᠮᠫᠠᠨᠢ |
ᠬᠢᠭᠡᠳ ᠲᠡᠮᠦᠷ ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠥᠮᠴᠢᠲᠡᠨ ᠤ |
ᠨᠢᠭᠡᠴᠢ ᠲᠠᠢ ᠬᠠᠮᠲᠤ ᠪᠠᠷ ᠪᠠᠯᠠ ᠣᠷᠣᠭᠤᠯᠬᠤ᠂ ᠬᠠᠮᠲᠤ ᠪᠠᠷ ᠪᠥᠲᠥᠭᠡᠨ ᠪᠠᠶᠢᠭᠤᠯᠬᠤ᠂ ᠬᠠᠮᠲᠤ ᠪᠠᠷ ᠠᠵᠢᠯᠯᠠᠭᠤᠯᠵᠤ |
ᠬᠠᠮᠠᠭᠠᠯᠠᠬᠤ ᠶᠢ ᠵᠣᠬᠢᠶᠠᠨ ᠪᠠᠶᠢᠭᠤᠯᠤᠨ᠎ᠠ᠃ |
13. ᠨᠢᠭᠡᠨᠲᠡ ᠪᠠᠶᠢᠭ᠎ᠠ ᠲᠡᠮᠦᠷ ᠵᠠᠮ ᠤᠨ ᠲᠤᠰᠬᠠᠶ ᠱᠤᠭᠤᠮ ᠢ ᠲᠣᠶᠢᠯᠪᠤᠷᠢᠲᠠᠢ ᠪᠠᠶᠢᠴᠠᠭᠠᠬᠤ ᠶᠢ |
ᠬᠡᠷᠡᠭᠵᠢᠭᠦᠯᠵᠦ᠂ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠤᠨ ᠤᠷᠲᠤᠳᠬᠠᠨ ᠰᠢᠨ᠎ᠡ ᠪᠠᠷ |
ᠪᠠᠶᠢᠭᠤᠯᠬᠤ ᠶᠢ ᠳᠡᠮᠵᠢᠵᠦ᠂ ᠦᠷᠭᠦᠯᠵᠢᠯᠡᠨ ᠬᠡᠷᠡᠭᠯᠡᠬᠦ ᠶᠢ ᠬᠥᠭᠵᠢᠭᠡᠨ᠎ᠡ᠃ |
14. ᠠᠵᠤ ᠦᠶᠯᠡᠰ ᠤᠨ ᠵᠠᠮ ᠢ 1000 ᠺᠢᠯᠣᠮᠧᠲᠷ ᠪᠥᠲᠥᠭᠡᠨ ᠪᠠᠶᠢᠭᠤᠯᠵᠤ᠂ ᠰᠢᠨ᠎ᠡ ᠪᠠᠷ ᠠᠵᠤ ᠦᠶᠯᠡᠰ |
ᠤᠨ ᠬᠦᠷᠢᠶᠡᠯᠡᠩ ᠲᠣᠭᠤᠷᠢᠭ ᠵᠢᠴᠢ ᠲᠡᠮᠦᠷ ᠵᠠᠮ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ |
ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠠᠴᠠ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠨᠡᠪᠲᠡᠷᠡᠬᠦ |
ᠵᠠᠰᠠᠮᠠᠯ ᠵᠠᠮ ᠢ 20 ᠨᠡᠮᠡᠭᠳᠡᠭᠦᠯᠵᠦ᠂ ᠭᠠᠭᠴᠠᠮᠤᠳᠤ᠂ ᠮᠠᠨᠳᠤᠯ ᠪᠣᠭᠤᠮᠲᠠ ᠵᠡᠷᠭᠡ 4 ᠪᠠᠷᠠᠭᠠᠨ ᠤ ᠭᠦᠢᠯᠭᠡᠭᠡ ᠶᠢᠨ |
ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠵᠤ᠂ ᠪᠤᠭᠤᠲᠤ ᠶᠢᠨ ᠲᠢᠶᠧ ᠵᠢᠶᠧ ᠵᠡᠷᠭᠡ 2 ᠪᠠᠷᠠᠭᠠᠨ ᠤ |
ᠭᠦᠢᠯᠭᠡᠭᠡ ᠶᠢᠨ ᠬᠦᠷᠢᠶᠡᠯᠡᠩ ᠲᠣᠭᠤᠷᠢᠭ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠮᠠᠨᠵᠤᠤᠷ ᠤᠨ ᠵᠠᠰᠠᠮᠠᠯ ᠵᠠᠮ |
ᠤᠨ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠠᠷᠠᠯᠵᠢᠶᠠᠨ ᠤ ᠶᠡᠷᠦᠩᠬᠡᠶᠢᠯᠡᠭᠰᠡᠨ ᠴᠣᠭᠴᠠ |
ᠵᠡᠷᠭᠡ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠴᠢᠳᠠᠮᠵᠢ ᠶᠢ ᠥᠷᠭᠡᠳᠬᠡᠨ ᠲᠡᠭᠦᠯᠳᠡᠷᠵᠢᠭᠦᠯᠦᠨ᠎ᠡ᠃ |
|
15. ᠲᠡᠮᠦᠷ ᠵᠠᠮ ᠤᠨ ᠲᠣᠤᠷ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ |
ᠵᠢᠨᠢᠩ ᠠᠴᠠ ᠡᠷᠢᠶᠡᠨ ᠬᠦᠷᠬᠦ ᠲᠡᠮᠦᠷ ᠵᠠᠮ ᠤᠨ ᠴᠢᠳᠠᠮᠵᠢ ᠪᠠᠨ ᠦᠷᠭᠡᠳᠬᠡᠨ ᠦᠭᠡᠷᠡᠴᠢᠯᠡᠬᠦ ᠶᠢ ᠲᠦᠷᠭᠡᠳᠬᠡᠵᠦ᠂ |
ᠭᠠᠭᠴᠠᠮᠤᠳᠤ᠂ ᠴᠡᠭᠡ᠂ ᠮᠠᠨᠳᠤᠯ ᠵᠡᠷᠭᠡ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ |
ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ |
ᠲᠤᠯᠭᠠᠭᠤᠷᠢᠯᠠᠨ᠎ᠠ᠃ |
16. ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠷᠣᠨ ᠪᠠᠶᠢᠷᠢ ᠲᠣᠭᠲᠠᠭᠠᠬᠤ ᠮᠡᠳᠡᠭᠡ ᠵᠠᠩᠭᠢ ᠵᠢᠴᠢ |
ᠬᠠᠮᠢᠶ᠎ᠠ ᠪᠦᠬᠦᠢ ᠦᠶᠯᠡᠴᠢᠯᠡᠭᠡᠨ ᠤ ᠬᠤᠳᠠᠯᠳᠤᠭᠠᠴᠢᠨ ᠳᠤ ᠨᠡᠶᠢᠲᠡᠯᠢᠭ ᠥᠪᠡᠷ ᠤᠨ ᠥᠷᠲᠡᠭ ᠤᠨ ᠪᠠᠶᠢᠴᠠᠭᠠᠯᠲᠠ |
ᠬᠢᠵᠦ᠂ ᠬᠡᠲᠦ ᠥᠨᠳᠥᠷ ᠰᠦᠶᠳᠬᠡᠯ ᠬᠤᠷᠢᠶᠠᠬᠤ ᠪᠠᠷᠢᠮᠵᠢᠶ᠎ᠠ ᠶᠢ ᠴᠠᠭ ᠲᠤᠬᠠᠶ ᠳᠤ ᠨᠢ ᠲᠣᠬᠢᠷᠠᠭᠤᠯᠤᠨ᠎ᠠ᠃ |
︵ᠳᠥᠷᠪᠡ︶ ᠳᠠᠭᠠᠭᠤᠯᠤᠭᠴᠢ ᠠᠵᠤ ᠠᠬᠤᠶᠢᠯᠠᠯ ᠳᠤ ᠦᠶᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ |
17. ᠵᠠᠮ ᠤᠨ ᠥᠨᠳᠥᠷ ᠢ ᠬᠢᠵᠠᠭᠠᠷᠯᠠᠵᠤ ᠥᠷᠭᠡᠨ ᠢ ᠬᠢᠵᠠᠭᠠᠷᠯᠠᠬᠤ ᠲᠦᠭᠦᠭᠡᠷᠤᠮᠵᠢ ᠶᠢ ᠲᠣᠭᠲᠠᠭᠠᠯ ᠠᠴᠠ |
ᠵᠥᠷᠢᠴᠡᠨ ᠪᠠᠶᠢᠷᠢᠯᠠᠭᠤᠯᠬᠤ ᠶᠢ ᠵᠢᠭᠰᠠᠭᠠᠨ ᠪᠠᠶᠢᠴᠠᠭᠠᠵᠤ ᠢᠯᠭᠠᠷᠠᠭᠤᠯᠤᠨ᠎ᠠ︔ ᠰᠢᠨ᠎ᠡ ᠡᠨᠧᠷᠭᠢ ᠶᠢᠨ ᠪᠠᠷᠠᠭ᠎ᠠ |
ᠲᠡᠭᠡᠭᠡᠪᠦᠷᠢᠯᠡᠬᠦ ᠲᠡᠷᠭᠡ ᠬᠥᠰᠬᠡ ᠶᠢᠨ ᠬᠤᠲᠠ ᠲᠣᠭᠤᠷᠢᠭ ᠢᠶᠠᠷ ᠨᠡᠪᠲᠡᠷᠡᠬᠦ ᠬᠢᠵᠠᠭᠠᠷᠯᠠᠯ ᠢ ᠰᠢᠯᠢᠳᠡᠭᠵᠢᠭᠦᠯᠬᠦ ᠪᠠ |
ᠪᠠᠭᠠᠰᠬᠠᠵᠤ᠂ ᠬᠤᠲᠠ ᠲᠣᠭᠤᠷᠢᠭ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠨᠡᠪᠲᠡᠷᠡᠬᠦ ᠦᠨᠡᠮᠯᠡᠯ ᠭᠦᠶᠴᠡᠳᠬᠡᠬᠦ ᠦᠷ᠎ᠡ |
ᠪᠦᠲᠦᠮᠵᠢ ᠶᠢ ᠳᠡᠭᠡᠭᠰᠢᠯᠡᠭᠦᠯᠦᠨ᠎ᠡ︔ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ |
ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠡᠮᠦᠷ |
ᠵᠠᠮ᠂ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠵᠡᠷᠭᠡᠴᠡᠭᠰᠡᠨ ᠵᠠᠮ ᠤᠨ ᠬᠡᠰᠡᠭ ᠤᠨ ᠬᠡᠮᠵᠢᠶ᠎ᠡ ᠳᠠᠭᠠᠭᠠᠴᠠ ᠠᠴᠠ |
ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠡᠷᠴᠢᠮ ᠢ ᠴᠢᠩᠭᠠᠷᠠᠭᠤᠯᠤᠨ᠎ᠠ᠃ |
18. ᠵᠠᠰᠠᠮᠠᠯ ᠵᠠᠮ ᠤᠨ ᠰᠦᠶᠳᠬᠡᠯ ᠬᠤᠷᠢᠶᠠᠬᠤ ᠥᠷᠲᠡᠭᠡ ᠵᠢᠴᠢ ᠲᠣᠮᠣ ᠬᠡᠯᠪᠡᠷᠢ ᠶᠢᠨ ᠦᠶᠯᠡᠳᠪᠦᠷᠢ |
ᠠᠭᠤᠷᠬᠠᠶ ᠶᠢᠨ ᠠᠵᠤ ᠠᠬᠤᠶᠢᠯᠠᠯ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠢᠨ᠎ᠡ ᠡᠨᠧᠷᠭᠢ ᠶᠢᠨ |
ᠲᠡᠷᠭᠡ ᠬᠥᠰᠬᠡ ᠶᠢᠨ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠲᠡᠷᠭᠡ ᠬᠥᠰᠬᠡ ᠶᠢᠨ ᠳᠥᠭᠦᠮ ᠳᠥᠲᠡ |
ᠨᠡᠪᠲᠡᠷᠡᠬᠦ᠂ ᠠᠴᠢᠶᠠᠯᠠᠵᠤ ᠪᠠᠭᠤᠯᠭᠠᠬᠤ ᠶᠢ ᠪᠠᠲᠤᠯᠠᠨ᠎ᠠ᠃ |
19. ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠬᠠᠮᠲᠤᠷᠠᠨ ᠬᠢᠨᠠᠨ |
ᠬᠠᠮᠢᠶᠠᠷᠬᠤ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠣᠳᠠᠲᠠᠶ ᠳᠠᠭᠠᠭᠠᠨ ᠲᠡᠭᠡᠭᠡᠪᠦᠷᠢᠯᠡᠭᠴᠢ ᠶᠢᠨ ︽ᠥᠯᠥ |
ᠬᠦᠷᠦᠯᠴᠡᠬᠦ ᠮᠠᠶ᠋ᠢᠭ︾ ᠢᠶᠠᠷ ᠭᠠᠶᠢᠯᠢ ᠭᠦᠶᠴᠡᠳᠬᠡᠬᠦ ᠶᠢ ᠠᠬᠢᠭᠤᠯᠤᠨ᠎ᠠ᠃ |
20. ᠪᠠᠷᠠᠭᠠᠨ ᠤ ᠭᠦᠢᠯᠭᠡᠭᠡ ᠶᠢᠨ ᠲᠦᠭᠦᠭᠡᠷᠤᠮᠵᠢ ᠶᠢᠨ ᠲᠤᠰᠬᠠᠶ ᠵᠦᠢᠯ ᠤᠨ ᠲᠥᠯᠥᠪᠵᠢᠭᠦᠯᠭᠡ ᠶᠢ |
ᠲᠡᠭᠦᠯᠳᠡᠷᠵᠢᠭᠦᠯᠵᠦ᠂ ᠪᠠᠷᠠᠭᠠᠨ ᠤ ᠭᠦᠢᠯᠭᠡᠭᠡ ᠶᠢᠨ ᠬᠡᠷᠡᠭᠯᠡᠬᠦ ᠭᠠᠵᠠᠷ ᠤᠨ ᠣᠷᠣᠨ ᠵᠠᠶ ᠶᠢᠨ ᠪᠠᠶᠢᠷᠢ ᠪᠠ ᠭᠠᠵᠠᠷ |
ᠰᠢᠷᠣᠶ ᠶᠢᠨ ᠰᠢᠨᠵᠢ ᠴᠢᠨᠠᠷ ᠢ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠬᠤ᠂ ᠬᠡᠷᠡᠭᠯᠡᠬᠦ ᠭᠠᠵᠠᠷ ᠤᠨ |
ᠬᠡᠪᠴᠢᠶ᠎ᠡ ᠨᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠦᠴᠦᠯᠡᠴᠡ ᠲᠠᠢ ᠲᠣᠬᠢᠷᠠᠯᠴᠠᠬᠤ ᠶᠢ ᠪᠠᠲᠤᠯᠠᠨ᠎ᠠ᠃ |
21. ᠲᠡᠮᠦᠷ ᠵᠠᠮ ᠤᠨ ᠲᠤᠰᠬᠠᠶ ᠱᠤᠭᠤᠮ ᠢ ᠬᠤᠯᠪᠤᠬᠤ ᠰᠠᠨᠠᠯ ᠢ ᠭᠦᠶᠴᠡᠳᠬᠡᠬᠦ ᠴᠠᠭ ᠤᠨ ᠬᠢᠵᠠᠭᠠᠷ ᠢ 20 |
ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠨ᠎ᠠ᠃ |
22. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠶᠯ ᠤᠨ ᠨᠠᠷᠢᠨ ᠬᠠᠭᠤᠳᠠᠰᠤ ᠳᠤ |
ᠣᠷᠣᠭᠤᠯᠤᠭᠰᠠᠨ ᠲᠡᠮᠦᠷ ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠭᠠᠵᠠᠷ |
ᠰᠢᠷᠣᠶ ᠪᠠ ᠣᠶ ᠰᠢᠭᠤᠶ ᠨᠤᠲᠤᠭ ᠪᠡᠯᠴᠢᠭᠡᠷ ᠲᠤ ᠬᠤᠯᠪᠣᠭᠳᠠᠬᠤ ᠵᠥᠪᠰᠢᠶᠡᠷᠡᠯ ᠢ ᠤᠯᠤᠰ ᠤᠨ ᠲᠠᠰ ᠤᠨ ᠲᠥᠷᠥᠯ |
ᠵᠦᠶᠯ ᠤᠨ ᠤᠷᠢᠳ ᠢᠶᠠᠷ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠲᠠᠢ ᠬᠠᠷᠢᠴᠠᠭᠤᠯᠤᠨ᠎ᠠ᠃ |
23. ᠲᠡᠮᠦᠷ ᠵᠠᠮ ᠤᠨ ᠲᠤᠰᠬᠠᠶ ᠱᠤᠭᠤᠮ ︵ᠲᠥᠪᠯᠡᠷᠡᠭᠦᠯᠦᠨ ᠠᠴᠢᠶᠠᠯᠠᠬᠤ ᠥᠷᠲᠡᠭᠡ︶ ᠤᠨ ᠲᠥᠷᠥᠯ ᠵᠦᠶᠯ |
ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠳᠤ ᠲᠠᠯᠠᠪᠤᠷ ᠥᠷᠲᠡᠭᠡ᠂ ᠦᠶᠯᠡᠳᠪᠦᠷᠢᠯᠡᠯ ᠠᠮᠢᠳᠤᠷᠠᠯ ᠤᠨ |
ᠲᠦᠭᠦᠭᠡᠷᠤᠮᠵᠢ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠦᠶᠯᠡᠳᠪᠦᠷᠢ ᠶᠢᠨ ᠲᠣᠭᠤᠷᠢᠭ ᠬᠢᠭᠡᠳ ᠵᠠᠰᠠᠮᠠᠯ ᠵᠠᠮ |
ᠤᠨ ᠬᠤᠯᠪᠣᠬᠤ ᠱᠤᠭᠤᠮ ᠤᠨ ᠢᠨᠵᠧᠨᠧᠷᠢᠩ ᠢ ᠵᠡᠷᠭᠡ ᠪᠠᠷ ᠬᠡᠷᠡᠭᠵᠢᠭᠦᠯᠬᠦ ᠶᠢ ᠳᠡᠮᠵᠢᠨ᠎ᠡ᠃ |
︵ᠲᠠᠪᠤ︶ ᠳᠠᠭᠠᠭᠤᠯᠤᠭᠴᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ |
ᠢ ᠨᠡᠮᠡᠭᠳᠡᠭᠦᠯᠦᠨ᠎ᠡ |
24. ᠰᠢᠨ᠎ᠡ ᠶᠢ ᠡᠭᠦᠳᠬᠦ᠂ ᠠᠵᠢᠯ ᠣᠯᠭᠤᠬᠤ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ |
ᠪᠠᠭᠤᠷᠠᠭᠤᠯᠬᠤ᠂ ᠲᠡᠭᠡᠭᠡᠪᠦᠷᠢ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠶᠢᠨ ᠲᠣᠭᠤᠷᠢᠨ ᠳᠤ |
ᠳᠠᠭᠠᠭᠤᠯᠤᠭᠴᠢ ᠠᠵᠤ ᠠᠬᠤᠶᠢᠯᠠᠯ ᠤᠨ ᠦᠶᠯᠡᠴᠢᠯᠡᠭᠡᠨ ᠤ ᠶᠠᠰᠤ ᠴᠢᠨᠠᠷ ᠢ ᠦᠨᠡᠯᠡᠬᠦ ᠰᠢᠰᠲ᠋ᠧᠮᠵᠢ ᠶᠢ ᠪᠠᠶᠢᠭᠤᠯᠤᠨ᠎ᠠ︔ |
ᠡᠮᠦᠨ᠎ᠡ 15 ᠳᠤ ᠵᠢᠭᠰᠠᠭᠠᠭᠳᠠᠭᠰᠠᠨ ᠳᠠᠭᠠᠭᠤᠯᠤᠭᠴᠢ ᠠᠵᠤ ᠠᠬᠤᠶᠢᠯᠠᠯ ᠳᠤ ᠲᠠᠰ ᠬᠤᠪᠢᠶᠠᠨ ᠱᠠᠩᠨᠠᠵᠤ |
ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠬᠡᠷᠡᠭᠵᠢᠭᠦᠯᠦᠨ᠎ᠡ᠃ |
25. ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ᠂ ᠲᠡᠭᠡᠭᠡᠪᠦᠷᠢ ᠶᠢᠨ ᠬᠡᠪᠴᠢᠶ᠎ᠡ᠂ ᠨᠡᠮᠡᠭᠳᠡᠯ ᠤᠨ |
ᠬᠤᠷᠳᠤᠴᠠ᠂ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ᠂ ︽ᠬᠤᠶᠠᠷ ᠲᠠᠯ᠎ᠠ ᠠᠴᠠ ᠡᠷᠢᠬᠦ︾ ᠠᠴᠠ |
ᠪᠣᠶ ᠪᠣᠯᠤᠭᠰᠠᠨ ᠣᠷᠳᠣ ᠬᠤᠭᠤᠴᠠᠭᠠᠨ ᠤ ᠬᠠᠮᠵᠢᠯᠴᠠᠬᠤ ᠲᠡᠭᠡᠭᠡᠪᠦᠷᠢ ᠶᠢᠨ ᠬᠡᠮᠵᠢᠶ᠎ᠡ ᠵᠡᠷᠭᠡ ᠶᠢᠨ ᠲᠤᠭᠤᠷᠢᠨ ᠳᠤ᠂ |
ᠡᠯ᠎ᠡ ᠠᠶᠢᠮᠠᠭ ᠬᠤᠲᠠ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠣᠬᠢᠷᠠᠭᠤᠯᠤᠯᠲᠠ ᠪᠠ ᠮᠡᠳᠡᠭᠡᠯᠡᠬᠦ ᠶᠢ |
ᠴᠢᠩᠭᠠᠳᠬᠠᠨ᠎ᠠ᠃ |
26. ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠵᠠᠮ |
ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ |
᠂ ᠵᠢᠯᠣᠭᠤᠴᠢ ᠥᠬᠡᠶ ᠠᠴᠢᠶᠠᠨ ᠤ ᠮᠠᠰᠢᠨ ᠬᠤᠳᠠᠯᠳᠤᠨ ᠠᠪᠬᠤ ᠵᠢᠴᠢ ᠴᠠᠬᠢᠯᠭᠠᠨ ᠴᠡᠨᠡᠭᠯᠡᠵᠦ ᠳ᠋ᠢᠶᠠᠨ ᠤᠤᠢ ᠰᠣᠯᠢᠬᠤ |
ᠲᠦᠭᠦᠭᠡᠷᠤᠮᠵᠢ ᠪᠠᠶᠢᠭᠤᠯᠬᠤ ᠵᠢᠭᠡᠯᠡᠯᠭᠡ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ |
ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢᠨ 70% ᠪᠥᠭᠡᠳ 2% ᠠᠴᠠ ᠬᠡᠲᠦᠷᠡᠬᠦ |
ᠦᠭᠡᠢ ᠬᠦᠦ ᠶᠢᠨ ᠨᠣᠷᠮ᠎ᠠ ᠪᠠᠷ᠂ ᠵᠢᠯ ᠪᠦᠷᠢ 200 ᠲᠦᠮᠡᠨ ᠲᠥᠭᠦᠷᠢᠭ ᠤᠨ ᠳᠠᠮ ᠬᠦᠦ ᠶᠢ ᠣᠯᠭᠤᠨ᠎ᠠ᠃ |
27. ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠥᠪᠡᠷ ᠤᠨ ᠪᠠᠶᠢᠭ᠎ᠠ ︵ᠥᠪᠡᠷ ᠢᠶᠠᠨ ᠬᠡᠷᠡᠭᠯᠡᠬᠦ ᠪᠠ |
ᠲᠦᠷᠢᠶᠡᠰᠦᠯᠡᠭᠦᠯᠬᠦ ᠪᠠᠭᠲᠠᠨ᠎ᠠ︶ ᠪᠤᠶᠤ ᠲᠦᠷᠢᠶᠡᠰᠦᠯᠡᠭᠰᠡᠨ ᠶᠡᠭᠡ ᠬᠡᠮᠵᠢᠶᠡᠨ ᠤ ᠲᠠᠸᠠᠷ ᠬᠥᠮᠥᠷᠭᠡᠯᠡᠨ ᠬᠠᠳᠠᠭᠠᠯᠠᠬᠤ |
ᠲᠦᠭᠦᠭᠡᠷᠤᠮᠵᠢ ᠶᠢᠨ ᠬᠡᠷᠡᠭᠯᠡᠬᠦ ᠭᠠᠵᠠᠷ ᠲᠤ ᠬᠠᠷᠢᠶᠠᠯᠠᠭᠳᠠᠬᠤ ᠭᠠᠵᠠᠷ ᠰᠢᠷᠣᠶ ᠶᠢᠨ ᠲᠠᠰ ᠲᠤ ᠳᠣᠭᠢᠷᠠᠬᠤ ᠭᠠᠶᠢᠯᠢ |
ᠶᠢᠨ ᠲᠤᠭ᠎ᠠ ᠶᠢᠨ ᠪᠠᠷᠢᠮᠵᠢᠶ᠎ᠠ ᠶᠢᠨ 50% ᠪᠠᠷ ᠪᠤᠳᠤᠵᠤ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ |
ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃ |
28. ᠡᠨᠧᠷᠭᠢ ᠶᠢᠨ ᠬᠤᠷᠣᠭᠳᠠᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ᠂ ᠬᠦᠨᠳᠦ ᠪᠣᠬᠢᠷᠲᠤᠯ ᠲᠠᠢ |
ᠲᠦᠯᠡᠰᠢᠨ ᠲᠣᠰᠣᠨ ᠤ ᠬᠦᠨᠳᠦ ᠠᠴᠢᠶᠠᠨ ᠤ ᠮᠠᠰᠢᠨ ᠢ ᠲᠠᠶᠠᠭᠳᠠᠬᠤ ᠶᠢ ᠶᠡᠭᠡ ᠬᠡᠪᠴᠢᠶ᠎ᠡ ᠪᠠᠷ ᠲᠥᠬᠦᠭᠡᠷᠦᠮᠵᠢ |
ᠰᠢᠨᠡᠳᠬᠡᠬᠦ ᠲᠥᠯᠥᠪᠯᠡᠭᠡ ᠳᠤ ᠣᠷᠣᠭᠤᠯᠤᠨ᠎ᠠ᠃ |
29. ᠪᠠᠩᠬᠢ ᠶᠢᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠵᠠᠮ ᠬᠠᠷᠢᠯᠴᠠᠭ᠎ᠠ ᠪᠠᠷᠠᠭᠠᠨ ᠤ |
ᠭᠦᠢᠯᠭᠡᠭᠡ ᠶᠢᠨ ᠠᠵᠤ ᠠᠬᠤᠶᠢᠯᠠᠯ ᠤᠨ ᠬᠥᠳᠡᠯᠬᠦ ᠬᠥᠷᠥᠩᠭᠡ ᠪᠠᠷ ᠳᠠᠨᠵᠢᠯᠠᠬᠤ ᠲᠥᠷᠥᠯ ᠤᠨ ᠵᠢᠭᠡᠯᠡᠯᠭᠡ ᠶᠢᠨ |
ᠪᠦᠲᠦᠭᠡᠭᠳᠡᠭᠦᠨ ᠢ ᠨᠡᠭᠡᠭᠡᠨ ᠬᠥᠭᠵᠢᠭᠦᠯᠵᠦ᠂ ᠬᠤᠷᠢᠶᠠᠪᠠᠰᠤ ᠵᠣᠬᠢᠬᠤ ᠲᠠᠩᠰᠠᠨ ᠤ ᠵᠣᠭᠤᠰ ᠤᠨ ᠪᠠᠯᠠ |
ᠲᠣᠬᠢᠷᠠᠭᠤᠯᠭ᠎ᠠ ᠶᠢᠨ ᠰᠢᠶᠳᠪᠦᠷᠢᠯᠡᠬᠦ ᠲᠥᠰᠦᠯ ᠢ ᠭᠠᠷᠭᠠᠨ᠎ᠠ᠃ |
30. ᠨᠢᠭᠡᠨᠲᠡ ᠨᠡᠶᠢᠲᠡᠯᠡᠭᠰᠡᠨ ᠪᠠᠷᠠᠭᠠᠨ ᠤ ᠭᠦᠢᠯᠭᠡᠭᠡ ᠶᠢᠨ ᠰᠦᠶᠳᠬᠡᠯ ᠢ ᠪᠠᠭᠤᠷᠠᠭᠤᠯᠬᠤ ᠲᠥᠷᠥ ᠶᠢᠨ |
ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠦᠶᠳᠬᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠪᠠ |
ᠢᠯᠡ ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠰᠦᠶᠳᠬᠡᠯ |
ᠬᠤᠷᠢᠶᠠᠬᠤ ᠢᠯᠡ ᠪᠣᠯᠭᠠᠬᠤ ᠬᠡᠮᠵᠢᠶ᠎ᠡ ᠶᠢ ᠨᠡᠮᠡᠭᠳᠡᠭᠦᠯᠦᠨ᠎ᠡ ᠃ |
ᠳᠥᠷᠪᠡ᠂ ᠪᠠᠲᠤᠯᠬᠠᠤ ᠠᠷᠭ᠎ᠠ ᠬᠡᠮᠵᠢᠶ᠎ᠡ |
ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠦᠷ᠎ᠡ |
ᠪᠦᠲᠦᠮᠵᠢ ᠶᠢ ᠳᠠᠭᠠᠬᠤ ᠪᠠᠨ ᠴᠢᠩᠭᠠᠷᠠᠭᠤᠯᠵᠤ᠂ ᠪᠣᠳᠠᠲᠠᠶ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ︔ |
ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢᠨ ᠮᠡᠳᠡᠭᠡᠯᠡᠬᠦ ᠲᠣᠭᠲᠠᠴᠠ ᠶᠢ ᠪᠠᠶᠢᠭᠤᠯᠤᠨ᠂ ᠮᠡᠳᠡᠭᠡᠯᠡᠭᠰᠡᠨ ᠡᠭᠦᠷᠭᠡ |
ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠵᠤ ᠲᠣᠬᠢᠷᠠᠭᠤᠯᠤᠭᠰᠠᠨ ᠢ ᠮᠠᠭᠠᠳᠯᠠᠨ ᠲᠣᠭᠲᠠᠭᠠᠵᠤ᠂ |
ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠵᠠᠳᠠᠯᠤᠯᠲᠠ ᠬᠢᠵᠦ᠂ ᠴᠠᠭ |
ᠲᠤᠬᠠᠶ ᠳᠤ ᠨᠢ ᠳᠣᠭᠢᠷᠠᠭᠤᠯᠤᠨ ᠲᠡᠭᠦᠯᠳᠡᠷᠵᠢᠭᠦᠯᠦᠨ᠎ᠡ᠃ 12328 ᠬᠠᠯᠠᠮᠰᠢᠯ ᠤᠲᠠᠰᠤ ᠶᠢᠨ ᠵᠠᠮ ᠬᠠᠷᠢᠯᠴᠠᠭ᠎ᠠ |
ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠤᠨ ᠬᠦᠰᠡᠯ ᠡᠷᠡᠮᠡᠯᠵᠡᠯ ᠤᠨ ᠲᠤᠰᠬᠠᠶ ᠨᠡᠪᠲᠡᠷᠡᠬᠦ ᠵᠠᠮ ᠢ ᠨᠡᠮᠡᠵᠦ |
ᠪᠠᠶᠢᠭᠤᠯᠤᠨ᠂ ︽ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ |
ᠦᠢᠯᠡᠴᠢᠯᠡᠭᠡᠨ ᠲᠠᠪᠴᠠᠩ︾ ᠤᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠠᠵᠤ ᠠᠬᠤᠶᠢᠯᠠᠯ ᠳᠤ ᠦᠢᠯᠡᠴᠢᠯᠡᠬᠦ |
ᠮᠣᠳᠦ᠋ᠯ ᠢ ᠪᠠᠶᠢᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠭᠥᠯᠢᠶᠡᠨ ᠠᠪᠴᠤ |
ᠰᠢᠢᠳᠪᠦᠷᠢᠯᠡᠨ᠎ᠡ᠃ ᠡᠯ᠎ᠡ ᠠᠶᠢᠮᠠᠭ ᠬᠤᠲᠠ ᠨᠢ ᠵᠣᠬᠢᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠢᠶ᠎ᠠ ᠣᠷᠣᠨ |
ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠡᠮᠵᠢᠶ᠎ᠡ ᠪᠠ ᠲᠡᠭᠡᠭᠡᠪᠦᠷᠢ ᠶᠢᠨ ᠡᠷᠴᠢᠮ ᠲᠠᠢ ᠤᠶᠠᠯᠳᠤᠭᠤᠯᠤᠨ ᠠᠵᠢᠯ ᠤᠨ |
ᠬᠠᠷᠠᠯᠲᠠ ᠪᠠᠨ ᠲᠣᠳᠣᠷᠬᠠᠶᠢᠯᠠᠵᠤ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠲᠣᠭᠲᠠᠮᠠᠯ ᠬᠤᠭᠤᠴᠠᠭ᠎ᠠ |
ᠲᠠᠢ ᠪᠠᠷ ᠬᠢᠨᠠᠨ ᠰᠢᠨᠵᠢᠵᠦ ᠵᠠᠳᠠᠯᠤᠯᠲᠠ ᠬᠢᠵᠦ᠂ ᠡᠯ᠎ᠡ ᠵᠦᠶᠯ ᠤᠨ ᠡᠭᠦᠷᠭᠡ ᠶᠢ ᠨᠠᠶᠢᠳᠠᠪᠤᠷᠢᠵᠢᠭᠤᠯᠤᠨ |
ᠨᠠᠷᠢᠯᠢᠬᠵᠢᠭᠤᠯᠬᠤ ᠶᠢ ᠠᠬᠢᠭᠤᠯᠤᠨ᠎ᠠ᠃ ᠨᠢᠭᠡᠨᠲᠡ ᠮᠠᠭᠠᠳᠯᠠᠨ ᠲᠤᠭᠲᠠᠭᠠᠭᠰᠠᠨ ᠬᠠᠷᠢᠶ᠎ᠠ ᠣᠷᠣᠨ ᠳᠠᠬᠢ |
ᠳᠠᠭᠠᠭᠤᠯᠤᠭᠴᠢ ᠠᠵᠤ ᠠᠬᠤᠶᠢᠯᠠᠯ ᠳᠤ ᠰᠠᠭᠤᠵᠤ ᠪᠠᠶᠢᠭᠠᠳ ᠬᠠᠪᠰᠤᠷᠤᠨ ᠲᠡᠳᠬᠦᠬᠦ ᠠᠷᠭ᠎ᠠ ᠶᠢ ᠠᠪᠴᠤ᠂ ︽ᠨᠢᠭᠡ |
ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠲᠣᠭᠲᠠᠭᠠᠬᠤ ᠪᠠᠷ ᠳᠠᠮᠵᠢᠨ ᠠᠵᠤ ᠠᠬᠤᠶᠢᠯᠠᠯ ᠤᠨ |
ᠪᠣᠳᠠᠲᠠᠶ ᠬᠦᠴᠢᠷᠳᠡᠯ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ |
|