ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠥᠪᠥᠷ ᠮᠣᠩᠭᠤᠯ ᠤᠨ ᠵᠠᠮ |
ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ |
ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠤ᠄ |
ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠬᠤᠪᠢᠶᠠᠨ |
ᠳᠠᠭᠠᠭᠠᠴᠢᠯᠠᠬᠤ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ |
ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠬᠤᠪᠢᠶᠠᠨ ᠳᠠᠭᠠᠭᠠᠴᠢᠯᠠᠬᠤ ᠠᠵᠢᠯᠯᠠᠭ᠎ᠠ ᠶᠢ ᠵᠢᠷᠤᠮᠵᠢᠭᠤᠯᠵᠤ᠂ |
ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠬᠤ ᠶᠢᠨ |
ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠬᠤᠪᠢᠶᠠᠨ |
ᠳᠠᠭᠠᠭᠠᠴᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠬᠤᠪᠢᠶᠠᠨ ᠳᠠᠭᠠᠭᠠᠴᠢᠯᠠᠬᠤ ᠭᠡᠷ᠎ᠡ ᠶᠢᠨ ᠵᠢᠱᠢᠶ᠎ᠡ |
ᠦᠵᠡᠭᠦᠯᠬᠦ ᠬᠡᠯᠪᠡᠷᠢᠵᠢᠭᠰᠡᠨ ᠲᠣᠪᠬᠢᠮᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ |
ᠵᠠᠮ ᠤᠨ ᠪᠠᠷᠢᠯᠭ᠎ᠠ ᠶᠢᠨ ᠠᠵᠢᠯ ᠤᠨ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ |
ᠬᠡᠯᠪᠡᠷᠢᠵᠢᠭᠰᠡᠨ ᠲᠣᠪᠬᠢᠮᠠᠯ︾ ᠵᠡᠷᠭᠡ ᠶᠢ ᠲᠣᠭᠲᠠᠭᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ |
ᠨᠢᠭᠡᠴᠢ ᠠᠴᠠ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ ᠬᠤᠪᠢᠶᠠᠨ ᠳᠠᠭᠠᠭᠠᠴᠢᠯᠠᠬᠤ ᠠᠵᠢᠯ ᠤᠨ ᠳᠤᠮᠳᠠ |
ᠵᠢᠷᠤᠮᠯᠠᠨ ᠬᠡᠷᠡᠭᠵᠢᠭᠦᠯᠵᠦ᠂ ᠵᠢᠱᠢᠶ᠎ᠡ ᠦᠵᠡᠭᠦᠯᠬᠦ ᠲᠣᠪᠬᠢᠮᠠᠯ ᠤᠨ ᠬᠡᠯᠪᠡᠷᠢ ᠶᠢ ᠴᠢᠩᠭ᠎ᠠ ᠵᠢᠷᠤᠮᠯᠠᠨ ᠭᠡᠷ᠎ᠡ |
ᠲᠣᠭᠲᠠᠭᠠᠨ᠎ᠠ︔ |
ᠳᠠᠭᠠᠯᠳᠤᠭᠤᠯᠤᠯ᠄ 1.ᠲᠥᠷᠥ ᠶᠢᠨ ᠪᠣᠳᠣᠯᠭ᠎ᠠ ᠶᠢᠨ ᠲᠠᠶᠢᠯᠤᠮᠵᠢ |
2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ |
ᠬᠤᠪᠢᠶᠠᠨ ᠳᠠᠭᠠᠭᠠᠴᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ |
3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ |
ᠬᠤᠪᠢᠶᠠᠨ ᠳᠠᠭᠠᠭᠠᠴᠢᠯᠠᠬᠤ ᠭᠡᠷ᠎ᠡ ᠶᠢᠨ ᠵᠢᠱᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ |
4᠂ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠤᠨ |
ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠬᠡᠯᠪᠡᠷᠢᠵᠢᠭᠰᠡᠨ ᠲᠣᠪᠬᠢᠮᠠᠯ |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2024 ᠣᠨ ᠤ 8 ᠳ᠋ᠤᠭᠠᠷ ᠰᠠᠷ᠎ᠠ ᠶᠢᠨ 19 ᠤ ᠡᠳᠦᠷ |