ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ |
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 800 ᠺᠢᠯᠣᠮᠧᠲᠷ ᠠᠴᠠ ᠳᠡᠭᠡᠭᠰᠢᠬᠢ ᠵᠠᠮ ᠤᠨ |
ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ |
ᠵᠢᠱᠢᠬᠦ ᠶᠢ ᠬᠡᠷᠡᠭᠵᠢᠭᠦᠯᠬᠦ ᠨᠠᠷᠢᠨ ᠲᠦᠷᠢᠮ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ |
ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ᠂ ᠬᠠᠮᠢᠶ᠎ᠠ ᠪᠥᠬᠦᠶ ᠠᠮᠤᠷ ᠲᠦᠪᠰᠢᠨ ᠤ ᠲᠦᠭᠰᠢᠭᠦᠷᠢ ᠶᠢ |
ᠦᠨᠡᠯᠡᠨ ᠵᠢᠱᠢᠵᠦ ᠳᠠᠭᠤᠰᠤᠭᠰᠠᠨ ᠤ ᠳᠠᠷᠠᠭ᠎ᠠ᠂ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ |
ᠲᠢᠩᠬᠢᠮ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 800 ᠺᠢᠯᠣᠮᠧᠲᠷ ᠠᠴᠠ ᠳᠡᠭᠡᠭᠰᠢᠬᠢ ᠵᠠᠮ ᠤᠨ |
ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ |
ᠵᠢᠱᠢᠬᠦ ᠶᠢᠨ ᠬᠡᠷᠡᠭᠵᠢᠭᠦᠯᠬᠦ ᠨᠠᠷᠢᠨ ᠲᠦᠷᠢᠮ |
ᠨᠢᠭᠡᠳᠦᠭᠡᠷ ᠪᠦᠯᠦᠭ ᠶᠡᠷᠦᠩᠬᠡᠢ ᠳᠦᠷᠢᠮ |
ᠨᠢᠭᠡᠳᠦᠭᠡᠷ ᠵᠦᠢᠯ ᠬᠤᠯᠠ ᠵᠠᠶ ᠶᠢᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ |
ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠨᠡᠨ ᠬᠦ ᠴᠢᠩᠭᠠᠳᠬᠠᠵᠤ᠂ |
ᠮᠠᠨ ᠤ ᠣᠷᠣᠨ ᠤ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ |
ᠱᠤᠭᠤᠮ ᠤᠨ ᠡᠵᠡᠩᠨᠡᠯᠲᠡ ᠶᠢᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ |
ᠵᠢᠷᠤᠮᠵᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠦᠯᠭᠦᠢ |
ᠦᠶᠯᠡᠳᠪᠦᠷᠢᠯᠡᠯ ᠤᠨ ᠬᠠᠤᠯᠢ︾᠂ ︽ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ |
ᠶᠢᠨ ᠥᠷᠲᠡᠭᠡᠨ ᠤ ᠬᠠᠮᠢᠶᠠᠷᠤᠯᠲᠠ ᠶᠢᠨ ᠲᠣᠭᠲᠠᠭᠠᠯ︾᠂ ︽ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠵᠤ |
ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾᠂ ︽ᠠᠶᠦᠯᠭᠦᠢ ᠦᠶᠯᠡᠳᠪᠦᠷᠢᠯᠡᠯ ᠤᠨ |
ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠭᠦᠨᠵᠡᠭᠡᠶᠢᠷᠡᠭᠦᠯᠬᠦ ᠲᠤᠬᠠᠶ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠤ ᠰᠠᠨᠠᠯ︾᠂ ︽ᠮᠤᠵᠢ ᠶᠢᠨ ᠬᠤᠭᠤᠷᠣᠨᠳᠣᠬᠢ ᠵᠠᠮ ᠤ ᠠᠶᠠᠨᠴᠢᠳ ᠤᠨ ᠵᠥᠭᠡᠭᠡᠪᠦᠷᠢ ᠶᠢᠨ |
ᠡᠭᠡᠯᠵᠢ ᠶᠢᠨ ᠱᠤᠭᠤᠮ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ |
ᠴᠢᠩᠭᠠᠳᠬᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠂ |
︽︿ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠬᠤᠲᠠ ᠶᠢᠨ ᠠᠶᠠᠨᠴᠢᠳ ᠤᠨ ᠵᠥᠭᠡᠭᠡᠪᠦᠷᠢ ᠶᠢᠨ ᠠᠵᠤ |
ᠠᠬᠤᠶᠢᠯᠠᠯ ᠤᠨ ᠠᠶᠦᠯᠭᠦᠢ ᠦᠶᠯᠡᠳᠪᠦᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ |
ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠵᠡᠷᠭᠡ ᠲᠣᠭᠲᠠᠭᠠᠯ ᠢ ᠦᠨᠳᠦᠰᠦᠯᠡᠨ᠂ ᠲᠤᠰ ᠨᠠᠷᠢᠨ |
ᠳᠦᠷᠢᠮ ᠢ ᠲᠣᠭᠲᠠᠭᠠᠪᠠ᠃ |
ᠬᠤᠶᠠᠳᠤᠭᠠᠷ ᠵᠦᠢᠯ ᠲᠤᠰ ᠨᠠᠷᠢᠨ ᠳᠦᠷᠢᠮ ᠮᠠᠨ ᠤ ᠣᠷᠣᠨ ᠤ 800 ᠺᠢᠯᠣᠮᠧᠲᠷ ᠠᠴᠠ ᠳᠡᠭᠡᠭᠰᠢᠬᠢ ᠵᠠᠮ |
ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ |
ᠵᠢᠱᠢᠬᠦ ᠠᠵᠢᠯ ᠳᠤ ᠲᠣᠬᠢᠷᠠᠨ᠎ᠠ᠃ |
ᠭᠤᠷᠪᠠᠳᠤᠭᠠᠷ ᠵᠦᠶᠯ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ |
ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠨᠢ ᠳᠤᠮᠳᠠᠳᠤ ᠶᠢᠨ |
ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ |
ᠪᠣᠯᠭᠠᠵᠤ᠂ ︽ᠬᠡᠨ ᠭᠤᠤᠯᠯᠠᠨ ᠬᠠᠮᠢᠶᠠᠷᠴᠤ ᠪᠠᠶᠢᠪᠠᠯ ᠲᠡᠷᠡ ᠬᠠᠷᠢᠭᠤᠴᠠᠬᠤ︾ ᠵᠢᠴᠢ ᠬᠠᠷᠢᠶ᠎ᠠ ᠭᠠᠵᠠᠷ ᠲᠤ ᠨᠢ |
ᠬᠠᠮᠢᠶᠠᠷᠤᠭᠤᠯᠬᠤ ᠵᠠᠷᠴᠢᠮ ᠢ ᠵᠢᠷᠤᠮᠯᠠᠵᠤ᠂ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ |
ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠵᠣᠬᠢᠶᠠᠨ ᠪᠠᠶᠢᠭᠤᠯᠤᠨ |
ᠬᠡᠷᠡᠭᠵᠢᠭᠦᠯᠬᠦ ᠬᠡᠷᠡᠭᠲᠡᠶ︔ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ |
ᠡᠭᠡᠯᠵᠢ ᠶᠢᠨ ᠱᠤᠭᠤᠮ ᠢ ᠬᠠᠷᠢᠯᠴᠠᠨ ᠨᠡᠭᠡᠭᠡᠭᠰᠡᠨ ᠪᠠᠶᠢᠪᠠᠯ᠂ ᠵᠠᠮ ᠱᠤᠭᠤᠮ ᠤᠨ ᠡᠬᠢᠯᠡᠯᠲᠡ ᠲᠡᠭᠦᠰᠬᠡᠯ ᠤᠨ |
ᠭᠠᠵᠠᠷ ᠲᠤ ᠬᠠᠷᠢᠶᠠᠯᠠᠭᠳᠠᠬᠤ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ |
ᠰᠠᠯᠠᠭ᠎ᠠ ᠮᠥᠴᠢᠷ ᠤᠳ ᠠᠮᠤᠷ ᠲᠥᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠮᠲᠤ ᠪᠠᠷ ᠵᠥᠪᠳᠡᠯᠴᠡᠨ |
ᠦᠷᠨᠢᠭᠦᠯᠦᠨ᠎ᠡ᠃ |
ᠬᠤᠶᠠᠳᠤᠭᠠᠷ ᠪᠦᠯᠦᠭ ᠦᠨᠡᠯᠡᠨ ᠵᠢᠱᠢᠬᠦ ᠱᠠᠭᠠᠷᠳᠠᠯᠭ᠎ᠠ ᠪᠠ ᠠᠭᠤᠯᠭ᠎ᠠ |
ᠳᠥᠷᠪᠡᠳᠦᠭᠡᠷ ᠵᠦᠢᠯ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ |
ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ |
ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠵᠦ ᠪᠣᠯᠤᠨ᠎ᠠ᠃ |
ᠦᠨᠡᠯᠡᠨ ᠵᠢᠱᠢᠬᠦ ᠵᠠᠷᠤᠳᠠᠯ ᠢ ᠦᠨᠡᠯᠡᠨ ᠵᠢᠱᠢᠯᠲᠡ ᠬᠢᠯᠭᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ |
ᠬᠠᠮᠢᠶᠠᠷᠬᠤ ᠰᠠᠯᠠᠭ᠎ᠠ ᠮᠥᠴᠢᠷ ᠠᠴᠠ ᠡᠭᠦᠷᠭᠡᠯᠡᠨ᠎ᠡ᠃ ᠦᠨᠡᠯᠡᠨ ᠵᠢᠱᠢᠬᠦ ᠠᠵᠢᠯᠲᠠᠨ ᠢ ᠡᠩ ᠲᠡᠷᠢᠭᠦᠨ ᠳᠤ ᠬᠠᠮᠢᠶ᠎ᠠ |
ᠪᠦᠬᠦᠢ ᠲᠥᠷᠥᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠰᠣᠩᠭᠤᠵᠤ᠂ ᠵᠠᠮ ᠲᠡᠭᠡᠭᠡᠪᠦᠷᠢ ᠶᠢᠨ ᠪᠠᠷᠢᠯᠭ᠎ᠠ |
ᠶᠢᠨ ᠳᠤᠮᠳᠠ᠂ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠲᠠᠢ ᠪᠠᠶᠢᠵᠤ᠂ ᠡᠭᠦᠨ ᠳᠤ ᠠᠳᠠᠭ ᠲᠤ ᠪᠠᠨ ᠨᠢᠭᠡ ᠵᠠᠮ |
ᠲᠡᠭᠡᠭᠡᠪᠦᠷᠢ ᠶᠢᠨ ᠠᠶᠦᠯᠭᠦᠢ ᠶᠢᠨ ᠲᠥᠷᠥᠯ ᠤᠨ ᠲᠤᠰᠬᠠᠶ ᠮᠡᠷᠭᠡᠵᠢᠯᠲᠡᠨ ᠪᠠᠶᠢᠬᠤ ᠬᠡᠷᠡᠭᠲᠡᠶ᠃ |
ᠲᠠᠪᠤᠳᠤᠭᠠᠷ ᠵᠦᠢᠯ ᠦᠨᠡᠯᠡᠨ ᠵᠢᠱᠢᠬᠦ ᠠᠵᠢᠯ ᠳᠤ ᠴᠢᠩᠭ᠎ᠠ ᠪᠠᠴᠢᠮ᠂ ᠬᠡᠮᠵᠢᠶᠡᠵᠢᠭᠦᠯᠦᠭᠰᠡᠨ ᠪᠠᠷᠢᠮᠵᠢᠶ᠎ᠠ᠂ |
ᠶᠡᠷᠦᠩᠬᠡᠶᠢᠯᠡᠨ ᠦᠨᠡᠯᠡᠨ ᠵᠢᠱᠢᠬᠦ ᠵᠠᠷᠴᠢᠮ ᠢ ᠪᠠᠷᠢᠮᠲᠠᠯᠠᠵᠤ᠂ ᠠᠮᠤᠷ ᠲᠥᠪᠰᠢᠨ ᠤ ᠲᠦᠭᠰᠢᠭᠦᠷᠢ ᠶᠢ ᠦᠨᠡᠯᠡᠨ ᠵᠢᠱᠢᠬᠦ |
ᠭᠦᠢᠴᠡᠳᠬᠡᠯ ᠲᠤᠭ᠎ᠠ ᠶᠢ ᠵᠠᠮ ᠱᠤᠭᠤᠮ᠂ ᠲᠡᠷᠭᠡ ᠬᠥᠰᠬᠡ᠂ ᠠᠵᠢᠯ ᠡᠷᠬᠢᠯᠡᠭᠰᠡᠳ᠂ ᠬᠠᠮᠢᠶᠠᠷᠤᠯᠲᠠ ᠶᠢᠨ ᠳᠦᠷᠢᠮ᠂ |
ᠡᠵᠡᠩᠨᠡᠯᠲᠡ ᠶᠢᠨ ᠣᠳᠣᠬᠢ ᠪᠠᠶᠢᠳᠠᠯ 5 ᠲᠥᠷᠥᠯ ᠬᠤᠪᠢᠶᠠᠵᠤ᠂ ᠵᠠᠭᠤᠨ ᠬᠤᠪᠢ ᠶᠢᠨ ᠳᠦᠷᠢᠮ ᠤᠨ ᠶᠤᠰᠤ ᠪᠠᠷ |
ᠲᠦᠭᠰᠢᠭᠦᠷᠢ ᠶᠢ ᠦᠨᠡᠯᠡᠨ ᠵᠢᠱᠢᠨ᠎ᠡ᠂ ᠡᠭᠦᠨ ᠳᠤ ᠵᠠᠮ ᠱᠤᠭᠤᠮ 10 ᠬᠤᠪᠢ᠂ ᠲᠡᠷᠭᠡ ᠬᠥᠰᠬᠡ 20 ᠬᠤᠪᠢ᠂ |
ᠠᠵᠢᠯ ᠡᠷᠬᠢᠯᠡᠭᠰᠡᠳ 30 ᠬᠤᠪᠢ᠂ ᠬᠠᠮᠢᠶᠠᠷᠤᠯᠲᠠ ᠶᠢᠨ ᠳᠦᠷᠢᠮ 20 ᠬᠤᠪᠢ᠂ ᠡᠵᠡᠩᠨᠡᠯᠲᠡ ᠶᠢᠨ ᠣᠳᠣᠬᠢ |
ᠪᠠᠶᠢᠳᠠᠯ 20 ᠬᠤᠪᠢ ᠪᠣᠯᠤᠨ᠎ᠠ᠃ |
ᠵᠢᠷᠭᠤᠳᠤᠭᠠᠷ ᠵᠦᠢᠯ ᠦᠨᠡᠯᠡᠨ ᠵᠢᠱᠢᠬᠦ ᠠᠵᠢᠯ ᠨᠢ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠲᠤᠬᠠᠶ ᠶᠢᠨ ᠲᠠᠯᠠᠪᠤᠷ |
ᠲᠤ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠲᠠᠢ ᠤᠶᠠᠯᠳᠤᠭᠤᠯᠤᠨ᠂ ᠶᠡᠷᠦᠩᠬᠡᠶᠢᠯᠡᠨ ᠦᠨᠡᠯᠡᠨ ᠵᠢᠱᠢᠬᠦ ᠶᠢᠨ |
ᠬᠠᠮᠲᠤ ᠬᠤᠪᠢ ᠥᠭᠴᠦ᠂ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠲᠣᠭᠲᠠᠭᠠᠨ᠎ᠠ᠃ |
ᠳᠣᠯᠣᠳᠤᠭᠠᠷ ᠵᠦᠢᠯ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠡᠩ ᠤᠨ |
ᠲᠦᠭᠰᠢᠭᠦᠷᠢ᠂ ᠳᠤᠮᠳᠠ ᠲᠦᠭᠰᠢᠭᠦᠷᠢ᠂ ᠥᠨᠳᠥᠷ ᠲᠦᠭᠰᠢᠭᠦᠷᠢ ᠭᠡᠵᠦ ᠭᠤᠷᠪᠠᠨ ᠳᠡᠰ ᠬᠤᠪᠢᠶᠠᠨ᠎ᠠ᠃ ᠦᠨᠡᠯᠡᠨ |
ᠵᠢᠱᠢᠭᠰᠡᠨ ᠦᠷ᠎ᠡ ᠳ᠋ᠦᠩ ᠤᠨ ᠨᠡᠶᠢᠲᠡ ᠬᠠᠰᠤᠭᠰᠠᠨ ᠬᠤᠪᠢ ᠶᠢᠨ ᠥᠷᠲᠡᠭ ᠨᠢ 20 ᠬᠤᠪᠢ ᠠᠴᠠ ᠳᠣᠷᠣᠭᠰᠢ |
ᠪᠠᠶᠢᠬᠤ ᠮᠥᠷᠲᠡᠭᠡᠨ ᠵᠠᠮ ᠱᠤᠭᠤᠮ᠂ ᠲᠡᠷᠭᠡ ᠬᠥᠰᠬᠡ᠂ ᠠᠵᠢᠯ ᠡᠷᠭᠢᠯᠡᠭᠰᠡᠳ᠂ ᠬᠠᠮᠢᠶᠠᠷᠤᠯᠲᠠ ᠶᠢᠨ ᠲᠦᠷᠢᠮ᠂ |
ᠡᠵᠡᠩᠨᠡᠯᠲᠡ ᠶᠢᠨ ᠣᠳᠣᠬᠢ ᠪᠠᠶᠢᠳᠠᠯ ᠵᠡᠷᠭᠡ ᠪᠥᠬᠦ ᠲᠦᠭᠰᠢᠭᠦᠷᠢ ᠶᠢᠨ ᠲᠥᠷᠥᠯ ᠠᠩᠭᠢᠯᠠᠯ ᠳᠤ ᠬᠠᠰᠤᠭᠰᠠᠨ ᠬᠤᠪᠢ |
ᠨᠢ ᠲᠣᠰ ᠲᠥᠷᠥᠯ ᠤᠨ ᠶᠡᠷᠦᠩᠬᠡᠶ ᠬᠤᠪᠢ ᠶᠢᠨ ᠥᠷᠲᠡᠭ ᠤᠨ 20% ᠠᠴᠠ ᠳᠣᠷᠣᠭᠰᠢ ᠪᠠᠶᠢᠪᠠᠯ᠂ ᠡᠩ ᠤᠨ |
ᠲᠦᠭᠰᠢᠭᠦᠷᠢ ᠪᠠᠷ ᠦᠨᠡᠯᠡᠨ ᠲᠣᠭᠲᠠᠭᠠᠨ᠎ᠠ︔ ᠦᠨᠡᠯᠡᠨ ᠵᠢᠱᠢᠭᠰᠡᠨ ᠦᠷ᠎ᠡ ᠳ᠋ᠦᠩ ᠤᠨ ᠨᠡᠶᠢᠲᠡ ᠬᠠᠰᠤᠭᠰᠠᠨ ᠬᠤᠪᠢ |
ᠶᠢᠨ ᠥᠷᠲᠡᠭ ᠨᠢ 20 ᠬᠤᠪᠢ ᠠᠴᠠ 40 ᠬᠤᠪᠢ ᠶᠢᠨ ᠬᠤᠭᠤᠷᠣᠨᠳᠣ ᠪᠠᠶᠢᠬᠤ᠂ ᠡᠰᠡᠬᠦᠯ᠎ᠡ ᠵᠠᠮ ᠱᠤᠭᠤᠮ᠂ |
ᠲᠡᠷᠭᠡ ᠬᠥᠰᠬᠡ᠂ ᠠᠵᠢᠯ ᠡᠷᠭᠢᠯᠡᠭᠰᠡᠳ᠂ ᠬᠠᠮᠢᠶᠠᠷᠤᠯᠲᠠ ᠶᠢᠨ ᠲᠦᠷᠢᠮ᠂ ᠡᠵᠡᠩᠨᠡᠯᠲᠡ ᠶᠢᠨ ᠣᠳᠣᠬᠢ ᠪᠠᠶᠢᠳᠠᠯ |
ᠵᠡᠷᠭᠡ ᠲᠦᠭᠰᠢᠭᠦᠷᠢ ᠶᠢᠨ ᠲᠥᠷᠥᠯ ᠠᠩᠭᠢᠯᠠᠯ ᠳᠤ᠂ ᠨᠢᠭᠡ ᠲᠥᠷᠥᠯ ᠤᠨ ᠬᠠᠰᠤᠭᠰᠠᠨ ᠬᠤᠪᠢ ᠶᠢᠨ ᠥᠷᠲᠡᠭ ᠨᠢ |
ᠲᠣᠰ ᠲᠥᠷᠥᠯ ᠤᠨ ᠶᠡᠷᠦᠩᠬᠡᠶ ᠬᠤᠪᠢ ᠶᠢᠨ ᠥᠷᠲᠡᠭ ᠤᠨ 20% ᠠᠴᠠ 40% ᠶᠢᠨ ᠬᠤᠭᠤᠷᠣᠨᠳᠣ ᠪᠠᠶᠢᠪᠠᠯ᠂ |
ᠳᠤᠮᠳᠠ ᠲᠦᠭᠰᠢᠭᠦᠷᠢ ᠪᠠᠷ ᠦᠨᠡᠯᠡᠨ ᠲᠣᠭᠲᠠᠭᠠᠨ᠎ᠠ︔ ᠦᠨᠡᠯᠡᠨ ᠵᠢᠱᠢᠭᠰᠡᠨ ᠦᠷ᠎ᠡ ᠳ᠋ᠦᠩ ᠤᠨ ᠨᠡᠶᠢᠲᠡ ᠬᠠᠰᠤᠭᠰᠠᠨ |
ᠬᠤᠪᠢ ᠶᠢᠨ ᠥᠷᠲᠡᠭ ᠨᠢ 40 ᠬᠤᠪᠢ ᠵᠢᠴᠢ ᠲᠡᠭᠦᠨ ᠠᠴᠠ ᠳᠡᠭᠡᠭᠰᠢᠬᠢ᠂ ᠡᠰᠡᠬᠦᠯ᠎ᠡ ᠵᠠᠮ ᠱᠤᠭᠤᠮ᠂ ᠲᠡᠷᠭᠡ |
ᠬᠥᠰᠬᠡ᠂ ᠠᠵᠢᠯ ᠡᠷᠬᠢᠯᠡᠭᠰᠡᠳ᠂ ᠬᠠᠮᠢᠶᠠᠷᠤᠯᠲᠠ ᠶᠢᠨ ᠳᠦᠷᠢᠮ᠂ ᠡᠵᠡᠩᠨᠡᠯᠲᠡ ᠶᠢᠨ ᠣᠳᠣᠬᠢ ᠪᠠᠶᠢᠳᠠᠯ ᠵᠡᠷᠭᠡ |
ᠲᠦᠭᠰᠢᠭᠦᠷᠢ ᠶᠢᠨ ᠲᠥᠷᠥᠯ ᠠᠩᠭᠢᠯᠠᠯ ᠳᠤ᠂ ᠨᠢᠭᠡ ᠲᠥᠷᠥᠯ ᠤᠨ ᠬᠠᠰᠤᠭᠰᠠᠨ ᠬᠤᠪᠢ ᠶᠢᠨ ᠥᠷᠲᠡᠭ ᠨᠢ ᠲᠤᠰ |
ᠲᠥᠷᠥᠯ ᠤᠨ ᠶᠡᠷᠦᠩᠬᠡᠶ ᠬᠤᠪᠢ ᠶᠢᠨ ᠥᠷᠲᠡᠭ ᠤᠨ 40% ᠵᠢᠴᠢ ᠲᠡᠭᠦᠨ ᠠᠴᠠ ᠳᠡᠭᠡᠭᠰᠢᠬᠢ ᠶᠢ ᠡᠵᠡᠯᠡᠭᠰᠡᠨ |
ᠪᠠᠶᠢᠪᠠᠯ᠂ ᠥᠨᠳᠥᠷ ᠲᠦᠭᠰᠢᠭᠦᠷᠢ ᠪᠠᠷ ᠦᠨᠡᠯᠡᠨ ᠲᠣᠭᠲᠠᠭᠠᠨ᠎ᠠ᠃ |
ᠨᠠᠶᠮᠠᠳᠤᠭᠠᠷ ᠵᠦᠶᠯ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ |
ᠡᠭᠡᠯᠵᠢ ᠶᠢᠨ ᠱᠤᠭᠤᠮ ᠢ ᠭᠤᠶᠤᠴᠢᠯᠠᠨ ᠡᠵᠡᠩᠨᠡᠬᠦ ᠪᠤᠶᠤ ᠦᠷᠭᠦᠯᠵᠢᠯᠡᠨ ᠡᠵᠡᠩᠨᠡᠬᠦ ᠳᠤ᠂ ᠠᠵᠤ ᠠᠬᠤᠶᠢᠯᠠᠯ ᠤᠨ |
ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ |
ᠰᠠᠯᠠᠭ᠎ᠠ ᠮᠥᠴᠢᠷ ᠲᠤ ᠦᠨᠡᠯᠡᠨ ᠵᠢᠱᠢᠬᠦ ᠭᠤᠶᠤᠴᠢᠯᠠᠯ ᠢᠶᠠᠨ ᠳᠤᠷᠠᠳᠬᠤ ᠶᠢᠨ ᠬᠠᠮᠲᠤ ︽ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ |
ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠬᠦᠰᠦᠨᠦᠭᠲᠦ︾ ᠶᠢᠨ |
ᠶᠣᠰᠣ ᠪᠠᠷ ᠵᠠᠮ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠥᠷᠨᠢᠭᠦᠯᠬᠦ ᠬᠠᠮᠢᠶ᠎ᠠ |
ᠪᠦᠬᠦᠢ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ ᠦᠨᠡᠯᠡᠨ ᠵᠢᠱᠢᠭᠰᠡᠨ ᠦᠷ᠎ᠡ ᠳ᠋ᠦᠩ ᠨᠢ ᠡᠩ ᠤᠨ ᠲᠦᠭᠰᠢᠭᠦᠷᠢ |
ᠪᠠᠶᠢᠪᠠᠯ᠂ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠭᠤᠶᠤᠴᠢᠯᠠᠯ ᠤᠨ ᠮᠠᠲ᠋ᠧᠷᠢᠶᠠᠯ ᠢ ᠨᠢ ᠬᠦᠯᠢᠶᠡᠨ ᠠᠪᠴᠤ |
ᠰᠢᠶᠳᠪᠦᠷᠢᠯᠡᠨ᠎ᠡ︔ ᠦᠨᠡᠯᠡᠨ ᠵᠢᠱᠢᠭᠰᠡᠨ ᠦᠷ᠎ᠡ ᠳ᠋ᠦᠩ ᠨᠢ ᠳᠤᠮᠳᠠ᠂ ᠥᠨᠳᠥᠷ ᠲᠦᠭᠰᠢᠭᠦᠷᠢ ᠪᠠᠶᠢᠪᠠᠯ᠂ ᠴᠡᠭᠴᠡᠯᠡᠨ |
ᠰᠠᠶᠢᠵᠢᠷᠠᠭᠤᠯᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠳᠠᠬᠢᠨᠲᠠ ᠦᠨᠡᠯᠡᠨ ᠵᠢᠱᠢᠵᠦ᠂ ᠬᠠᠤᠯᠢ ᠪᠠᠷ |
ᠲᠣᠭᠲᠠᠭᠠᠭᠰᠠᠨ ᠵᠥᠪᠰᠢᠶᠡᠷᠡᠯ ᠤᠨ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ᠂ ᠬᠠᠤᠯᠢ ᠶᠣᠰᠣ ᠪᠠᠷ |
ᠵᠥᠪᠰᠢᠶᠡᠷᠡᠬᠦ ᠦᠭᠡᠢ᠃ |
ᠶᠢᠰᠦᠳᠦᠭᠡᠷ ᠵᠦᠢᠯ ᠨᠢᠭᠡᠨᠲᠡ ᠵᠠᠬ᠎ᠠ ᠳᠡᠯᠭᠡᠭᠦᠷ ᠲᠤ ᠤᠷᠤᠭᠰᠠᠨ᠂ ᠡᠵᠡᠩᠨᠡᠬᠦ ᠬᠤᠭᠤᠴᠠᠭ᠎ᠠ ᠨᠢ ᠬᠠᠷᠠᠬᠠᠨ |
ᠳᠦᠭᠦᠷᠦᠭᠡᠳᠦᠶ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ |
ᠱᠤᠭᠤᠮ ᠳᠤ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ |
ᠬᠠᠮᠢᠶᠠᠷᠬᠤ ᠰᠠᠯᠠᠭ᠎ᠠ ᠮᠥᠴᠢᠷ ᠤᠳ ᠲᠤᠰ ᠨᠠᠷᠢᠨ ᠳᠦᠷᠢᠮ ᠤᠨ ᠶᠣᠰᠣ ᠪᠠᠷ ᠲᠦᠭᠰᠢᠭᠦᠷᠢ ᠶᠢ ᠦᠨᠡᠯᠡᠨ ᠵᠢᠱᠢᠬᠦ ᠪᠠ |
ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠦᠨᠡᠯᠡᠨ ᠵᠢᠱᠢᠭᠰᠡᠨ ᠦᠷ᠎ᠡ ᠳ᠋ᠦᠩ ᠨᠢ |
ᠡᠩ ᠤᠨ ᠲᠦᠭᠰᠢᠭᠦᠷᠢ ᠪᠠᠶᠢᠪᠠᠯ ᠦᠷᠭᠦᠯᠵᠢᠯᠡᠨ ᠡᠵᠡᠩᠨᠡᠭᠦᠯᠦᠨ᠎ᠡ︔ ᠦᠨᠡᠯᠡᠨ ᠵᠢᠱᠢᠭᠰᠡᠨ ᠦᠷ᠎ᠡ ᠳ᠋ᠦᠩ ᠨᠢ ᠳᠤᠮᠳᠠ |
ᠲᠦᠭᠰᠢᠭᠦᠷᠢ ᠪᠠᠶᠢᠪᠠᠯ᠂ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠮ ᠱᠤᠭᠤᠮ ᠤᠨ ᠡᠵᠡᠩᠨᠡᠭᠴᠢ ᠶᠢ ᠰᠢᠮᠳᠠᠭᠤᠯᠵᠤ ᠪᠠᠶᠢᠭᠠᠳ |
ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠦᠭᠰᠢᠭᠦᠷᠢ ᠶᠢᠨ ᠳᠠᠯᠳᠠ ᠭᠡᠮ ᠢ ᠠᠷᠢᠯᠭᠠᠬᠤ ᠶᠢᠨ |
ᠬᠠᠮᠲᠤ ᠮᠥᠷᠳᠡᠨ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ︔ ᠦᠨᠡᠯᠡᠨ ᠵᠢᠱᠢᠭᠰᠡᠨ ᠦᠷ᠎ᠡ ᠳ᠋ᠦᠩ ᠨᠢ |
ᠦᠨᠳᠦᠷ ᠲᠦᠭᠰᠢᠭᠦᠷᠢ ᠪᠠᠶᠢᠪᠠᠯ᠂ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠱᠤᠭᠤᠮ ᠤᠨ ᠡᠵᠡᠩᠨᠡᠭᠴᠢ ᠶᠢ ᠵᠠᠷᠯᠢᠭᠳᠠᠵᠤ |
ᠪᠠᠶᠢᠭᠠᠳ ᠡᠵᠡᠩᠨᠡᠯᠲᠡ ᠶᠢ ᠲᠦᠷ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ |
ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠳᠠᠬᠢᠨᠲᠠ ᠦᠨᠡᠯᠡᠨ ᠵᠢᠱᠢᠨ᠎ᠡ᠂ ᠦᠷ᠎ᠡ ᠳ᠋ᠦᠩ ᠨᠢ ᠡᠩ |
ᠤᠨ ᠲᠦᠭᠰᠢᠭᠦᠷᠢ ᠪᠤᠶᠤ ᠳᠣᠮᠳᠠ ᠲᠦᠭᠰᠢᠭᠦᠷᠢ ᠪᠠᠶᠢᠪᠠᠯ᠂ ᠳᠡᠭᠡᠷ᠎ᠡ ᠳᠤᠷᠠᠳᠤᠭᠰᠠᠨ ᠪᠠᠶᠢᠳᠠᠯ ᠢᠶᠠᠷ ᠰᠢᠶᠳᠪᠦᠷᠢᠯᠡᠨ᠎ᠡ᠃ |
ᠳᠠᠬᠢᠨᠲᠠ ᠦᠨᠡᠯᠡᠨ ᠵᠢᠱᠢᠭᠰᠡᠨ ᠦᠷ᠎ᠡ ᠳ᠋ᠦᠩ ᠨᠢ ᠮᠥᠨ ᠯᠠ ᠥᠨᠳᠥᠷ ᠲᠦᠭᠰᠢᠭᠦᠷᠢ ᠪᠠᠶᠢᠵᠤ ᠠᠶᠦᠯᠭᠦᠢ |
ᠦᠶᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠡᠳᠦᠶ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ |
ᠤᠯᠤᠰ ᠤᠨ ᠠᠶᠦᠯᠭᠦᠢ ᠦᠶᠯᠡᠳᠪᠦᠷᠢᠯᠡᠯ ᠤᠨ ᠬᠠᠤᠯᠢ︾᠂ ︽ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ |
ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ ᠤᠤᠯ |
ᠤᠨ ᠵᠥᠪᠰᠢᠶᠡᠷᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ |
ᠶᠣᠰᠣ ᠪᠠᠷ ᠬᠠᠷᠠᠭᠠᠯᠵᠠᠭᠰᠠᠨ ᠵᠥᠪᠰᠢᠶᠡᠷᠡᠯ ᠢ ᠬᠦᠴᠦᠨ ᠥᠬᠡᠶ ᠪᠣᠯᠭᠠᠨ᠎ᠠ᠃ |
ᠠᠷᠪᠠᠳᠤᠭᠠᠷ ᠵᠦᠢᠯ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ |
ᠡᠭᠡᠯᠵᠢ ᠶᠢᠨ ᠱᠤᠭᠤᠮ ᠤᠨ ᠵᠠᠮ ᠱᠤᠭᠤᠮ᠂ ᠲᠡᠷᠭᠡ ᠬᠥᠰᠬᠡ ᠵᠡᠷᠭᠡ ᠠᠶᠠᠨᠴᠢᠳ ᠤᠨ ᠵᠥᠭᠡᠭᠡᠪᠦᠷᠢ ᠶᠢᠨ ᠠᠮᠤᠷ |
ᠲᠥᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠵᠦᠢᠯ ᠳᠤ ᠬᠤᠪᠢᠷᠠᠯᠲᠠ ᠭᠠᠷᠴᠤ᠂ ᠡᠵᠡᠩᠨᠡᠯᠲᠡ ᠶᠢᠨ |
ᠬᠤᠭᠤᠴᠠᠭᠠᠨ ᠳᠤ ᠬᠥᠮᠦᠨ ᠦᠬᠦᠵᠦ ᠰᠢᠷᠬᠠᠲᠤᠭᠰᠠᠨ ᠪᠤᠶᠤ ᠡᠩ ᠤᠨ ᠵᠢᠴᠢ ᠲᠡᠭᠦᠨ ᠠᠴᠠ ᠳᠡᠭᠡᠭᠰᠢᠬᠢ |
ᠦᠢᠯᠡᠳᠪᠦᠷᠢᠯᠡᠯ ᠤᠨ ᠠᠶᠦᠯᠭᠦᠢ ᠶᠢᠨ ᠬᠠᠷᠢᠭᠤᠴᠠᠯᠭ᠎ᠠ ᠶᠢᠨ ᠠᠳᠡᠯ ᠭᠠᠷᠤᠭᠰᠠᠨ ᠪᠣᠯ ᠠᠮᠤᠷ ᠲᠥᠪᠰᠢᠨ ᠤ |
ᠲᠦᠭᠰᠢᠭᠦᠷᠢ ᠶᠢ ᠦᠨᠡᠯᠡᠨ ᠵᠢᠱᠢᠬᠦ ᠶᠢ ᠳᠠᠬᠢᠨ ᠥᠷᠨᠢᠭᠦᠯᠬᠦ ᠬᠡᠷᠡᠭᠲᠡᠶ᠃ |
ᠭᠤᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ |
ᠠᠷᠪᠠᠨ ᠨᠢᠭᠡᠳᠦᠭᠡᠷ ᠵᠦᠢᠯ ᠲᠤᠰ ᠨᠠᠷᠢᠨ ᠳᠦᠷᠢᠮ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ |
ᠠᠷᠪᠠᠨ ᠬᠤᠶᠠᠳᠤᠭᠠᠷ ᠵᠦᠶᠯ ᠲᠣᠰ ᠨᠠᠷᠢᠨ ᠲᠦᠷᠢᠮ ᠢ 2025 ᠣᠨ ᠤ 1 ᠳ᠋ᠦ᠋ᠭᠡᠷ ᠰᠠᠷ᠎ᠠ ᠶᠢᠨ 6 ᠤ |
ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |
ᠳᠠᠭᠠᠯᠳᠤᠭᠤᠯᠤᠯ᠄ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 800 ᠺᠢᠯᠣᠮᠧᠲᠷ ᠠᠴᠠ |
ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠤ |
ᠲᠦᠭᠰᠢᠭᠦᠷᠢ ᠶᠢ ᠦᠨᠡᠯᠡᠨ ᠵᠢᠱᠢᠬᠦ ᠬᠦᠰᠦᠨᠦᠭᠲᠦ |