| ᠨᠡᠶᠢᠭᠡᠮ ᠨᠡᠶᠢᠲᠡ ᠳᠤ᠄ |
︽ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠪᠠᠷᠢᠮᠵᠢᠶ᠎ᠠ︾᠂ ︽ᠪᠠᠷᠢᠯᠭ᠎ᠠ ᠶᠢᠨ |
ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾᠂ ︽ᠪᠠᠷᠢᠯᠭ᠎ᠠ ᠶᠢᠨ |
ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠪᠠ ᠬᠢᠷᠢ ᠬᠡᠮ ᠤᠨ |
ᠪᠠᠷᠢᠮᠵᠢᠶ᠎ᠠ ᠶᠢᠨ ᠬᠡᠷᠡᠭᠵᠢᠭᠦᠯᠬᠦ ᠰᠠᠨᠠᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ |
ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ |
ᠪᠠᠶᠢᠭᠤᠯᠤᠯᠲᠠ ᠶᠢᠨ ᠲᠢᠩᠬᠢᠮ ᠢ ᠬᠠᠮᠵᠢᠨ ᠵᠠᠰᠠᠮᠠᠯ ᠵᠠᠮ ᠤᠨ ᠢᠨᠵᠧᠨᠧᠷᠢᠩ ᠤᠨ ᠬᠠᠮᠢᠶ᠎ᠠ ᠪᠥᠬᠦᠶ ᠬᠢᠷᠢ ᠬᠡᠮ ᠤᠨ |
ᠮᠡᠳᠡᠭᠦᠯᠬᠦ ᠮᠠᠲ᠋ᠧᠷᠢᠶᠠᠯ ᠳᠤ ᠠᠵᠢᠯ ᠲᠥᠷᠥᠯ ᠤᠨ ᠬᠢᠨᠠᠨ ᠬᠠᠷᠭᠤᠭᠤᠯᠤᠯᠲᠠ ᠬᠢᠪᠠ᠃ ᠡᠳᠦᠭᠡ ᠥᠪᠥᠷ ᠮᠣᠩᠭᠤᠯ ᠤᠨ |
ᠠᠨ ᠴᠠᠩ ᠵᠠᠰᠠᠮᠠᠯ ᠵᠠᠮ ᠤᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 9 |
ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ ᠮᠡᠷᠭᠡᠵᠢᠯᠲᠡᠨ ᠤ ᠬᠢᠨᠠᠨ |
ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠵᠠᠷᠯᠠᠨ ᠨᠡᠶᠢᠲᠡᠯᠡᠬᠦ |
ᠴᠠᠭ ᠨᠢ 2025 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ |
22 ᠤᠨ ᠡᠳᠦᠷ ᠪᠣᠯᠤᠨ᠎ᠠ᠃ |
ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ |
ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ ᠪᠢᠴᠢᠭ ᠤᠨ |
ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ |
ᠦᠭᠡᠢ ︵ᠰᠢᠤᠳᠠᠨ ᠢᠶᠠᠷ ᠢᠯᠡᠭᠡᠬᠦ ᠮᠠᠲ᠋ᠧᠷᠢᠶᠠᠯ ᠢ ᠰᠢᠤᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ |
ᠪᠣᠯᠭᠠᠨ᠎ᠠ︶᠂ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠰᠡᠨ |
ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢ |
ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ |
ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ ᠬᠡᠷᠡᠭᠲᠡᠶ᠃ |
ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ |
ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ |
ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020 |
ᠬᠠᠷᠢᠯᠴᠠᠬᠤ ᠬᠥᠮᠥᠨ᠄ ᠸᠠᠩ ᠹᠠᠩ ᠶᠠᠩ ᠯᠢ ᠱᠢ |
ᠬᠠᠷᠢᠯᠴᠠᠬᠤ ᠤᠲᠠᠰᠤ᠄ 0471 - 6969040 |
ᠢᠮᠧᠯ᠄ nmgjtjsc@126.com᠃ |
ᠳᠠᠭᠠᠯᠳᠤᠭᠤᠯᠤᠯ᠄2025 ᠣᠨ ᠤ 1 ᠳ᠋ᠤᠭᠡᠷ ᠪᠦᠯᠦᠭ ᠤᠨ ᠵᠠᠰᠠᠮᠠᠯ ᠵᠠᠮ ᠤᠨ ᠢᠨᠵᠧᠨᠧᠷᠢᠩ ᠤᠨ ᠪᠠᠷᠢᠯᠭ᠎ᠠ |
ᠪᠠᠷᠢᠬᠤ ᠠᠵᠤ ᠠᠬᠤᠶᠢᠯᠠᠯ ᠤᠨ ᠬᠢᠷᠢ ᠬᠡᠮ ᠤᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ |
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2025 ᠣᠨ ᠤ 1 ᠳ᠋ᠦ᠋ᠭᠡᠷ ᠰᠠᠷ᠎ᠠ ᠶᠢᠨ16 ᠤ ᠡᠳᠦᠷ |
|