ᠶᠣᠰᠣ ᠬᠡᠯᠡᠵᠦ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠳᠤ᠂ ᠳᠣᠣᠷᠠᠬᠢ ᠮᠡᠲᠦ |
ᠲᠠᠯ᠎ᠠ ᠪᠠᠷ ᠭᠤᠣᠯᠳᠠᠭᠤᠯᠤᠨ᠎ᠠ᠄ |
ᠨᠢᠭᠡ᠂ ᠪᠦᠬᠦ ᠶᠠᠪᠤᠴᠠ ᠳᠤ ᠶᠣᠰᠣ ᠬᠡᠯᠡᠬᠦ ᠶᠢ ᠴᠢᠬᠤᠯᠠᠴᠢᠯᠠᠬᠤ ᠬᠡᠷᠡᠭᠳᠡᠢ᠃ ᠶᠤᠰᠤ ᠬᠡᠯᠡᠬᠦ ᠶᠢ ᠬᠠᠤᠯᠢ |
ᠬᠡᠷᠡᠭᠵᠢᠭᠦᠯᠬᠦ ᠪᠦᠬᠦ ᠶᠠᠪᠤᠴᠠ ᠳᠤ ᠲᠣᠭᠤᠰᠢᠯᠠᠭᠤᠯᠬᠤ ᠬᠡᠷᠡᠭᠲᠡᠶ᠃ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ᠂ |
ᠵᠢᠯᠤᠭᠤᠳᠤᠯᠭ᠎ᠠ ᠦᠢᠯᠡᠴᠢᠯᠡᠭᠡ ᠴᠤ ᠲᠡᠷᠡ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠭᠡᠰᠡᠨ ᠦᠭᠡᠢ ᠴᠥᠮ |
ᠪᠦᠬᠦ ᠶᠠᠪᠤᠴᠠ᠂ ᠨᠡᠪᠲᠡᠷᠬᠡᠢ ᠶᠣᠰᠣ ᠬᠡᠯᠡᠬᠦ ᠬᠡᠷᠡᠭᠲᠡᠢ᠃ |
ᠬᠤᠶᠠᠷ᠂ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠬᠤ ᠬᠡᠷᠡᠭᠲᠡᠶ᠃ |
ᠶᠣᠰᠣ ᠬᠡᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠤᠷᠢᠲᠠᠯ ᠪᠣᠯ ᠬᠠᠮᠢᠶ᠎ᠠ ᠪᠦᠬᠦᠢ ᠬᠠᠤᠯᠢ ᠴᠠᠭᠠᠵᠠ ᠶᠢᠨ |
ᠦᠨᠳᠦᠰᠦᠯᠡᠯ ᠢ ᠰᠠᠶᠢᠨ ᠮᠡᠳᠡᠵᠦ᠂ ᠨᠡᠪᠲᠡᠷᠡᠯᠴᠡᠬᠦ ᠤᠷ᠎ᠠ ᠮᠡᠷᠭᠡᠵᠢᠯ ᠢ ᠪᠣᠯᠪᠠᠰᠤᠷᠠᠩᠭᠤᠶ ᠡᠵᠡᠮᠰᠢᠬᠦ ᠬᠡᠷᠡᠭᠲᠡᠢ᠃ |
ᠬᠠᠤᠯᠢ ᠴᠠᠭᠠᠵᠠ ᠬᠠᠤᠯᠢ ᠲᠣᠭᠲᠠᠭᠠᠯ᠂ ᠲᠤᠬᠠᠶᠢᠯᠠᠭᠰᠠᠨ ᠠᠵᠢᠯ ᠤᠨ ᠮᠡᠳᠡᠯᠭᠡ ᠵᠢᠴᠢ ᠬᠠᠮᠢᠶ᠎ᠠ ᠪᠦᠬᠦᠢ ᠤᠨᠤᠯ ᠤᠨ |
ᠰᠤᠷᠤᠯᠴᠠᠯᠭ᠎ᠠ ᠶᠢ ᠴᠢᠩᠭᠠᠳᠬᠠᠵᠤ᠂ ᠬᠠᠤᠯᠢᠵᠢᠯ ᠤᠨ ᠰᠡᠳᠬᠢᠬᠦᠢ ᠶᠢ ᠲᠠᠰᠤᠷᠠᠯᠳᠠ ᠦᠭᠡᠢ ᠬᠥᠮᠦᠵᠢᠭᠦᠯᠵᠦ᠂ ᠬᠠᠤᠯᠢ |
ᠬᠡᠷᠡᠭᠵᠢᠭᠦᠯᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠦᠢᠯᠡᠳᠦᠯᠭᠡ ᠶᠢᠨ ᠳᠤᠮᠳᠠ |
ᠰᠣᠯᠢᠯᠴᠠᠭ᠎ᠠ ᠨᠡᠪᠲᠡᠷᠡᠯᠴᠡᠭᠡ ᠶᠢᠨ ᠴᠢᠳᠠᠪᠤᠷᠢ ᠪᠠ ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ |
ᠠᠵᠢᠯ ᠤᠨ ᠤᠷᠠᠯᠢᠭ ᠢ ᠭᠦᠢᠴᠡᠳ ᠡᠵᠡᠮᠰᠢᠵᠦ᠂ ᠬᠠᠤᠯᠢ ᠬᠡᠷᠡᠭᠵᠢᠭᠦᠯᠬᠦ ᠳᠤ ᠬᠡᠷᠡᠭᠯᠡᠬᠦ ᠦᠭᠡ ᠶᠢ ᠵᠢᠷᠤᠮᠵᠢᠭᠤᠯᠤᠨ |
ᠬᠡᠷᠡᠭᠯᠡᠬᠦ ᠬᠡᠷᠡᠭᠲᠡᠢ᠃ ᠶᠣᠰᠣ ᠬᠡᠯᠡᠬᠦ ᠳᠤ ᠪᠠᠨ ᠠᠭᠤᠵᠢᠭᠤ ᠲᠠᠯᠪᠢᠭᠤ ᠰᠣᠯᠢᠯᠴᠠᠭᠠᠨ ᠤ ᠠᠭᠤᠷ ᠠᠮᠢᠰᠬᠤᠯ ᠢ |
ᠴᠢᠳᠠᠮᠠᠭᠠᠢ ᠪᠠᠷ ᠪᠤᠢ ᠪᠣᠯᠭᠠᠵᠤ᠂ ᠬᠦᠯᠢᠴᠡᠩᠭᠦᠢ ᠪᠠᠷ ᠰᠡᠩᠬᠡᠷᠡᠭᠦᠯᠵᠦ᠂ ᠵᠥᠪ ᠢᠶᠠᠷ ᠬᠦᠳᠦᠯᠦᠨ ᠵᠢᠯᠣᠭᠤᠳᠴᠤ᠂ |
ᠬᠠᠶᠢᠷ᠎ᠠ ᠰᠡᠳᠬᠢᠯᠭᠡ ᠪᠠᠷ᠂ ᠶᠣᠰᠣ ᠤᠴᠢᠷ ᠢ ᠮᠡᠳᠡᠭᠦᠯᠬᠦ ᠬᠡᠷᠡᠭᠲᠡᠢ᠃ ᠪᠣᠳᠠᠲᠤ ᠶᠠᠪᠤᠳᠠᠯ ᠢᠶᠠᠷ ᠦᠨᠳᠦᠰᠦᠯᠡᠯ |
ᠪᠣᠯᠭᠠᠵᠤ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠂ ᠯᠣᠭᠢᠭ ᠨᠢ ᠴᠢᠩᠭ᠎ᠠ ᠨᠢᠮᠪᠠᠶ᠂ |
ᠨᠤᠲᠠᠯᠠᠯ ᠨᠢ ᠨᠠᠷᠢᠨ ᠨᠢᠭᠲᠠ᠂ ᠶᠣᠰᠣ ᠬᠡᠯᠡᠬᠦ ᠨᠢ ᠭᠦᠢᠴᠡᠳ ᠪᠠᠶᠢᠯᠭᠠᠵᠤ᠂ ᠵᠠᠰᠠᠭ ᠵᠠᠬᠢᠷᠭᠠᠨ ᠤ ᠬᠠᠷᠢᠴᠠᠩᠭᠤᠶ |
ᠬᠥᠮᠦᠨ ᠤ ᠰᠡᠵᠢᠭ ᠢ ᠲᠠᠶᠢᠯᠵᠤ ᠬᠠᠮᠢᠶᠠᠷᠬᠤ ᠶᠢ ᠭᠦᠢᠴᠡᠳᠬᠡᠬᠦ ᠬᠡᠷᠡᠭᠲᠡᠶ᠃ |
ᠭᠤᠷᠪᠠ᠂ ᠪᠢᠴᠢᠭ ᠬᠠᠷ᠎ᠠ ᠵᠣᠬᠢᠶᠠᠬᠤ ᠶᠢ ᠴᠢᠬᠤᠯᠠᠴᠢᠯᠠᠬᠤ ᠬᠡᠷᠡᠭᠲᠡᠶ᠃ ᠶᠣᠰᠣ ᠬᠡᠯᠡᠬᠦ ᠮᠠᠶ᠋ᠢᠭ ᠤᠨ ᠬᠠᠤᠯᠢ |
ᠬᠡᠷᠡᠭᠵᠢᠭᠦᠯᠬᠦ ᠪᠢᠴᠢᠭ ᠬᠠᠷ᠎ᠠ ᠪᠣᠯ ᠶᠣᠰᠣ ᠬᠡᠯᠡᠬᠦ ᠮᠠᠶ᠋ᠢᠭ ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠬᠤᠯᠠ |
ᠠᠴᠢᠶᠠᠯᠠᠪᠤᠷᠢ ᠪᠠ ᠢᠯᠡᠷᠡᠯ ᠤᠨ ᠬᠡᠯᠪᠡᠷᠢ ᠮᠥᠨ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠪᠣᠳᠠᠲᠤ ᠬᠡᠷᠡᠭ᠂ |
ᠭᠡᠷᠡᠴᠢ ᠪᠠᠷᠢᠮᠲᠠ᠂ ᠦᠨᠳᠦᠰᠦ ᠪᠠᠷᠢᠮᠲᠠ᠂ ᠳᠡᠰ ᠳᠠᠷᠠᠭᠠᠯᠠᠯ ᠪᠠ ᠳ᠋ᠦᠩᠨᠡᠯᠲᠡ ᠵᠡᠷᠭᠡ ᠠᠰᠠᠭᠤᠳᠠᠯ ᠤᠨ ᠲᠤᠬᠠᠶ ᠪᠦᠬᠦ |
ᠲᠠᠯ᠎ᠠ ᠶᠢᠨ᠂ ᠶᠡᠷᠦᠩᠬᠡᠶᠢᠯᠡᠭᠰᠡᠨ ᠲᠤᠰᠬᠠᠯ ᠪᠠ ᠢᠯᠡᠷᠡᠯ ᠮᠥᠨ᠂ ᠪᠠᠶᠢᠴᠠᠭᠠᠯᠲᠠ ᠬᠢᠵᠦ ᠳᠠᠭᠤᠰᠬᠠᠬᠤ ᠮᠡᠳᠡᠭᠦᠯᠦᠯᠲᠡ᠂ |
ᠰᠢᠢᠳᠬᠡᠯ ᠤᠨ ᠲᠣᠭᠲᠠᠭᠠᠯ ᠤᠨ ᠪᠢᠴᠢᠭ ᠵᠡᠷᠭᠡ ᠶᠢ ᠴᠥᠮ ᠶᠣᠰᠣ ᠬᠡᠯᠡᠬᠦ ᠮᠠᠶ᠋ᠢᠭ ᠤᠨ ᠱᠠᠭᠠᠷᠳᠠᠯᠭ᠎ᠠ ᠶᠣᠰᠣᠭᠠᠷ |
ᠵᠢᠷᠤᠮᠵᠢᠭᠤᠯᠤᠨ ᠵᠣᠬᠢᠶᠠᠬᠤ ᠬᠡᠷᠡᠭᠲᠡᠶ᠃ ᠪᠦᠬᠦ ᠲᠠᠯ᠎ᠠ ᠶᠢᠨ᠂ ᠨᠠᠷᠢᠨ ᠨᠢᠭᠲᠠ᠂ ᠵᠢᠷᠤᠮᠵᠢᠭᠤᠨ ᠶᠣᠰᠣ ᠬᠡᠯᠡᠬᠦ |
ᠮᠠᠶ᠋ᠢᠭ ᠤᠨ ᠬᠠᠤᠯᠢ ᠬᠡᠷᠡᠭᠵᠢᠭᠦᠯᠬᠦ ᠪᠢᠴᠢᠭ ᠬᠠᠷ᠎ᠠ ᠪᠠᠷ ᠶᠣᠰᠣ ᠬᠡᠯᠡᠬᠦ ᠮᠠᠶ᠋ᠢᠭ ᠤᠨ ᠬᠠᠤᠯᠢ ᠬᠡᠷᠡᠭᠵᠢᠭᠦᠯᠬᠦ ᠳᠤ |
ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ |
ᠳᠥᠷᠪᠡ᠂ ᠠᠵᠢᠯ ᠤᠨ ᠤᠶᠠᠯᠳᠤᠯ ᠢ ᠴᠢᠬᠤᠯᠠᠴᠢᠯᠠᠬᠤ ᠬᠡᠷᠡᠭᠲᠡᠶ᠃ ︽ᠶᠣᠰᠣ ᠬᠡᠯᠡᠬᠦ ᠮᠠᠶ᠋ᠢᠭ ᠤᠨ ᠠᠵᠢᠯ ᠤᠨ |
ᠠᠷᠭ᠎ᠠ︾ ᠶᠢ ᠬᠡᠷᠡᠭᠵᠢᠭᠦᠯᠬᠦ ᠶᠢ ︽ᠬᠠᠤᠯᠢ ᠴᠠᠭᠠᠵᠠ ᠶᠢ ᠲᠦᠭᠡᠮᠡᠯᠵᠢᠭᠦᠯᠵᠦ ᠬᠠᠤᠯᠢ ᠬᠡᠷᠡᠭᠵᠢᠭᠦᠯᠬᠦ ᠠᠴᠠ ᠡᠮᠦᠨᠡᠬᠢ︾ |
ᠠᠵᠢᠯᠯᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠠ ᠬᠡᠯᠪᠡᠷᠢ ᠪᠣᠯᠭᠠᠬᠤ ᠨᠢ᠂ ᠬᠠᠤᠯᠢ ᠴᠠᠭᠠᠵᠠ ᠶᠢᠨ |
ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠢᠨᠠᠨ |
ᠬᠠᠮᠢᠶᠠᠷᠴᠤ ᠬᠠᠤᠯᠢ ᠬᠡᠷᠡᠭᠵᠢᠭᠦᠯᠬᠦ ᠬᠠᠯᠠᠭᠤᠨ ᠳᠤᠯᠠᠭᠠᠨ ᠢ ᠢᠯᠡᠷᠡᠭᠦᠯᠬᠦ᠂ ᠵᠥᠷᠢᠴᠡᠯ ᠮᠥᠷᠭᠦᠯᠳᠦᠭᠡᠨ ᠢ ᠰᠡᠷᠭᠡᠶᠢᠯᠡᠨ |
ᠠᠷᠢᠯᠭᠠᠬᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠳᠤ ᠴᠢᠬᠤᠯᠠ |
ᠠᠴᠢ ᠬᠤᠯᠪᠣᠭᠳᠠᠯ ᠲᠠᠢ ᠶᠤᠮ᠃ ᠪᠣᠳᠠᠲᠠᠶ ᠠᠵᠢᠯ ᠤᠨ ᠳᠤᠮᠳᠠ᠂ ᠶᠣᠰᠣ ᠬᠡᠯᠡᠬᠦ ᠶᠢ ᠬᠢᠨᠠᠨ ᠬᠠᠮᠢᠶᠠᠷᠴᠤ ᠬᠠᠤᠯᠢ |
ᠬᠡᠷᠡᠭᠵᠢᠭᠦᠯᠬᠦ ᠪᠥᠬᠦ ᠶᠠᠪᠤᠴᠠ ᠳᠤ ᠲᠣᠭᠤᠰᠢᠯᠠᠭᠤᠯᠵᠤ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ |
ᠠᠮᠢᠳᠤᠯᠢᠭ ᠢᠶᠠᠷ ᠬᠡᠷᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃ |
︽ᠵᠢᠯᠣᠭᠤᠳᠤᠮᠵᠢ︾ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶ ᠠᠬᠢᠭᠤᠯᠬᠤ ᠳᠤ᠂ ᠪᠢᠳᠡ ᠪᠠᠰᠠ ᠳᠣᠤᠷᠠᠬᠢ |
ᠠᠵᠢᠯ ᠢ ᠥᠷᠨᠢᠭᠦᠯᠦᠨ᠎ᠡ᠄ |
ᠨᠢᠭᠡ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠎ᠡ᠃ ᠬᠠᠤᠯᠢ ᠬᠡᠷᠡᠭᠵᠢᠭᠦᠯᠬᠦ ᠠᠵᠢᠯᠲᠠᠨ ᠢ |
ᠬᠥᠲᠥᠯᠥᠨ ᠵᠢᠯᠣᠭᠤᠳᠴᠤ ᠪᠠᠶᠢᠭᠠᠳ ᠬᠠᠤᠯᠢ ᠬᠡᠷᠡᠭᠵᠢᠭᠦᠯᠬᠦ ᠣᠨᠣᠯᠵᠢᠬᠤᠨ ᠢ ᠬᠤᠪᠢᠷᠠᠭᠤᠯᠤᠨ᠂ ᠶᠣᠰᠣ ᠬᠡᠯᠡᠬᠦ |
ᠮᠠᠶ᠋ᠢᠭ ᠤᠨ ᠬᠠᠤᠯᠢ ᠬᠡᠷᠡᠭᠵᠢᠭᠦᠯᠬᠦ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠴᠢᠩᠭᠠᠷᠠᠭᠤᠯᠵᠤ᠂ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠢᠲᠡᠭᠡᠭᠦᠯᠬᠦ ᠬᠦᠴᠦᠨ ᠪᠠ ᠣᠯᠠᠨ |
ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ |
ᠬᠤᠶᠠᠷ᠂ ᠨᠡᠶᠢᠯᠡᠬᠦᠯᠦᠨ ᠠᠭᠤᠰᠤᠯᠴᠠᠬᠤ ᠶᠢ ᠴᠢᠬᠤᠯᠠᠴᠢᠯᠠᠨ᠎ᠠ᠃ ᠶᠣᠰᠣ ᠬᠡᠯᠡᠬᠦ ᠮᠠᠶ᠋ᠢᠭ ᠤᠨ ᠬᠠᠤᠯᠢ |
ᠬᠡᠷᠡᠭᠵᠢᠭᠦᠯᠦᠯᠲᠡ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠲᠠᠢ |
ᠤᠶᠠᠯᠳᠤᠭᠤᠯᠵᠤ᠂ ᠪᠦᠬᠦ ᠶᠠᠪᠤᠴᠠ ᠳᠤ ᠶᠣᠰᠣ ᠬᠡᠯᠡᠬᠦ ᠶᠢ ᠴᠢᠬᠤᠯᠠᠴᠢᠯᠠᠵᠤ᠂ ᠪᠢᠴᠢᠭ ᠬᠠᠷ᠎ᠠ ᠵᠣᠬᠢᠶᠠᠬᠤ ᠶᠢ |
ᠵᠢᠷᠤᠮᠵᠢᠭᠤᠯᠵᠤ᠂ ᠶᠣᠰᠣ ᠬᠡᠯᠡᠬᠦ ᠮᠠᠶ᠋ᠢᠭ ᠤᠨ ᠬᠠᠤᠯᠢ ᠬᠡᠷᠡᠭᠵᠢᠭᠦᠯᠦᠯᠲᠡ ᠳᠤ ᠪᠠᠲᠤᠯᠠᠭ᠎ᠠ ᠬᠠᠩᠭᠠᠨ᠎ᠠ᠃ |
ᠭᠤᠷᠪᠠ᠂ ᠳ᠋ᠦᠩᠨᠡᠨ ᠳᠡᠭᠡᠭᠰᠢᠯᠡᠭᠦᠯᠬᠦ ᠶᠢ ᠴᠢᠩᠭᠠᠷᠠᠭᠤᠯᠤᠨ᠎ᠠ᠃ ᠶᠣᠰᠣ ᠬᠡᠯᠡᠬᠦ ᠮᠠᠶ᠋ᠢᠭ ᠤᠨ ᠬᠠᠤᠯᠢ |
ᠬᠡᠷᠡᠭᠵᠢᠭᠦᠯᠬᠦ ᠠᠵᠢᠯ ᠤᠨ ᠲᠤᠷᠰᠢᠯᠭ᠎ᠠ ᠶᠢᠨ ᠳ᠋ᠦᠩᠨᠡᠯᠲᠡ ᠪᠠ ᠰᠣᠯᠢᠯᠴᠠᠭ᠎ᠠ ᠬᠢᠵᠦ ᠳᠡᠯᠭᠡᠷᠡᠭᠦᠯᠬᠦ ᠶᠢ ᠴᠢᠩᠭᠠᠳᠬᠠᠵᠤ᠂ |
ᠨᠡᠪᠲᠡᠷᠡᠯᠴᠡᠬᠦ ᠤᠷ᠎ᠠ ᠮᠡᠷᠭᠡᠵᠢᠯ᠂ ᠰᠡᠳᠬᠢᠴᠡ ᠶᠢᠨ ᠮᠡᠳᠡᠯᠭᠡ ᠵᠡᠷᠭᠡ ᠶᠢ ᠬᠠᠤᠯᠢ ᠬᠡᠷᠡᠭᠵᠢᠭᠦᠯᠬᠦ ᠠᠵᠢᠯᠲᠠᠨ ᠤ |
ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠪᠥᠬᠦ ᠲᠠᠯ᠎ᠠ ᠪᠠᠷ |
ᠳᠡᠭᠡᠭᠰᠢᠯᠡᠭᠦᠯᠦᠨ᠎ᠡ᠃ |