2024 ᠣᠨ ᠤ 12 ᠳ᠋ᠤᠭᠠᠷ ᠰᠠᠷ᠎ᠠ ᠶᠢᠨ 29 ᠤ ᠡᠳᠦᠷ᠂ ᠴᠢᠩ ᠱᠦᠶ ᠾᠧ ᠰᠢᠶᠠᠨ ᠤ ᠯᠣᠤ ᠨᠢᠦ ᠸᠠᠨ |
ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠠᠩᠬᠠᠨ ᠤ ᠠᠶᠠᠯᠠᠯ ᠢᠶᠠᠨ ᠠᠮᠵᠢᠯᠲᠠ ᠲᠠᠢ ᠪᠡᠶᠡᠯᠡᠭᠦᠯᠪᠡ︕ |
|
|
|
ᠴᠢᠩ ᠱᠦᠶ ᠾᠧ ᠰᠢᠶᠠᠨ ᠤ ᠯᠣᠤ ᠨᠢᠦ ᠸᠠᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ 2022 |
ᠣᠨ ᠤ 6 ᠳ᠋ᠤᠭᠠᠷ ᠰᠠᠷ᠎ᠠ ᠶᠢᠨ 25 ᠤ ᠡᠳᠦᠷ ᠵᠢᠩᠬᠢᠨᠢ ᠪᠠᠷ ᠪᠠᠷᠢᠯᠭ᠎ᠠ ᠡᠬᠢᠯᠡᠭᠦᠯᠵᠦ᠂ ᠣᠷᠣᠨ ᠤ ᠳᠣᠲᠣᠷᠠᠬᠢ |
ᠠᠩᠬᠠᠳᠠᠭᠴᠢ ᠪᠦᠯᠦᠭ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠤᠭᠰᠠᠨ ᠨᠡᠶᠢᠳᠡᠮ ᠤᠨ ᠬᠡᠷᠡᠭᠯᠡᠭᠡᠨ ᠤ ᠨᠢᠰᠬᠡᠯ |
ᠤᠨ ᠪᠠᠭᠤᠳᠠᠯ ᠪᠣᠯᠤᠨ᠎ᠠ᠂ ᠲᠣᠰ ᠵᠢᠯ ᠳᠤ ᠰᠢᠷᠣᠶ ᠶᠢᠨ ᠪᠠᠷᠢᠯᠭ᠎ᠠ ᠶᠢᠨ ᠠᠵᠢᠯ ᠢ ᠳᠠᠭᠤᠰᠬᠠᠵᠠᠶ᠃ ᠭᠡᠪᠡᠴᠦ ᠲᠡᠷᠡ |
ᠨᠢ ᠥᠨᠳᠥᠷ ᠰᠢᠷᠦᠢ ᠨᠡᠮᠡᠭᠳᠡᠭᠰᠡᠨ ᠨᠢᠰᠬᠡᠯ ᠤᠨ ᠪᠠᠭᠤᠳᠠᠯ ᠪᠠᠶᠢᠵᠤ ᠦᠷᠭᠦᠯᠵᠢᠯᠡᠨ ᠳᠣᠷᠣᠭᠰᠢ ᠰᠠᠭᠤᠬᠤ ᠶᠢ ᠬᠢᠨᠠᠨ |
ᠬᠡᠮᠵᠢᠬᠦ ᠴᠢᠬᠤᠯᠠᠲᠠᠶ ᠪᠣᠯᠬᠤᠷ ᠪᠠᠷᠢᠯᠭ᠎ᠠ ᠶᠢᠨ ᠬᠤᠭᠤᠴᠠᠭ᠎ᠠ ᠨᠢ ᠨᠡᠯᠢᠶᠡᠳ ᠣᠷᠳᠣ ᠪᠠᠶᠢᠳᠠᠭ᠃ 2024 ᠣᠨ ᠤ 7 |
ᠳ᠋ᠤᠭᠠᠷ ᠰᠠᠷ᠎ᠠ ᠶᠢᠨ 22 ᠤᠨ ᠡᠳᠦᠷ᠂ ᠲᠤᠰᠬᠠᠶ ᠮᠡᠷᠭᠡᠵᠢᠯᠲᠡᠨ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠲᠣᠰ |
ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠰᠡᠷᠭᠦᠭᠡᠪᠡ᠃ 10 ᠳ᠋ᠤᠭᠠᠷ ᠰᠠᠷ᠎ᠠ ᠶᠢᠨ 28 ᠤ ᠡᠳᠦᠷ᠂ |
ᠲᠦᠷᠦᠯ ᠵᠦᠢᠯ ᠨᠢ ᠪᠠᠷᠢᠯᠭ᠎ᠠ ᠳᠠᠭᠤᠰᠤᠭᠰᠠᠨ ᠰᠢᠯᠭᠠᠨ ᠪᠠᠶᠢᠴᠠᠭᠠᠯᠲᠠ ᠶᠢ ᠦᠩᠭᠡᠷᠡᠭᠡᠪᠡ᠃ 12 ᠳ᠋ᠤᠭᠠᠷ ᠰᠠᠷ᠎ᠠ |
ᠶᠢᠨ 16 ᠤ ᠡᠳᠦᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠲᠣᠪᠴᠢᠶ᠎ᠠ ᠬᠡᠷᠡᠭᠯᠡᠬᠦ |
ᠵᠥᠪᠰᠢᠶᠡᠷᠡᠯ ᠤᠨ ᠦᠨᠡᠮᠯᠡᠯ ᠣᠯᠭᠤᠪᠠ᠃ |
|
|
|
ᠴᠢᠩ ᠱᠦᠶ ᠾᠧ ᠶᠢᠨ ᠯᠣᠤ ᠨᠢᠤ ᠸᠠᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯ |
ᠬᠥᠬᠡᠬᠤᠲᠠ ᠶᠢᠨ ᠠᠩᠬᠠᠳᠠᠭᠴᠢ A1 ᠲᠠᠰ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠨ᠎ᠠ᠂ |
ᠲᠣᠰ ᠨᠢᠰᠬᠡᠯ ᠤᠨ ᠪᠠᠭᠤᠳᠠᠯ ᠤᠨ ᠠᠶᠠᠯᠠᠯ ᠨᠡᠪᠲᠡᠷᠡᠭᠰᠡᠨ ᠨᠢ ᠣᠷᠣᠨ ᠨᠤᠲᠤᠭ ᠤᠨ ᠪᠠᠯᠠ ᠣᠷᠣᠭᠤᠯᠤᠯᠲᠠ ᠶᠢᠨ |
ᠣᠷᠴᠢᠨ ᠲᠣᠭᠤᠷᠢᠨ ᠢ ᠰᠠᠶᠢᠵᠢᠷᠠᠭᠤᠯᠬᠤ᠂ ᠡᠬᠢ ᠪᠠᠶᠠᠯᠢᠭ ᠤᠨ ᠨᠡᠭᠡᠭᠡᠯᠲᠡ ᠶᠢ ᠠᠬᠢᠭᠤᠯᠬᠤ᠂ ᠵᠢᠭᠤᠯᠴᠢᠯᠠᠯ ᠤᠨ |
ᠵᠠᠬ᠎ᠠ ᠳᠡᠯᠭᠡᠭᠦᠷ ᠢ ᠥᠷᠭᠡᠳᠬᠡᠬᠦ᠂ ᠠᠷᠠᠳ ᠣᠯᠠᠨ ᠤ ᠶᠠᠪᠤᠵᠤ ᠰᠠᠭᠤᠬᠤ ᠳᠤ ᠲᠥᠬᠦᠮ ᠦᠵᠡᠭᠦᠯᠬᠦ ᠳᠤ ᠢᠳᠡᠪᠬᠢᠲᠡᠶ |
ᠦᠶᠯᠡᠳᠦᠯ ᠲᠠᠢ ᠶᠤᠮ᠃ |
ᠣᠶᠢᠯᠠᠭᠠᠭᠰᠠᠨ ᠢᠶᠠᠷ᠂ ᠲᠤᠬᠠᠶ ᠶᠢᠨ ᠭᠠᠵᠠᠷ ᠤᠨ ᠬᠢᠨ ᠯᠣᠤ ᠨᠢᠤ ᠸᠠᠨ ᠨᠢᠰᠬᠡᠯ ᠤᠨ ᠪᠠᠭᠤᠳᠠᠯ ᠪᠣᠯᠤᠨ ᠯᠣᠤ |
ᠨᠢᠤ ᠸᠠᠨ ᠤ ᠬᠠᠲᠤᠨ ᠭᠤᠤᠯ ᠤᠨ ᠶᠡᠭᠡ ᠬᠠᠪᠴᠢᠯ ᠤᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ |
ᠶᠢᠨ ᠣᠷᠣᠨ ᠳᠤ ᠲᠦᠰᠢᠭᠯᠡᠨ᠂ ᠬᠥᠬᠡᠬᠤᠲᠠ᠂ ᠪᠤᠭᠤᠲᠤ᠂ ᠣᠷᠳᠣᠰ ᠵᠡᠷᠭᠡ ᠭᠠᠵᠠᠷ ᠲᠤ ᠬᠥᠷᠬᠦ ᠠᠶᠠᠯᠠᠯ ᠤᠨ |
ᠱᠤᠭᠤᠮ ᠢ ᠨᠡᠪᠲᠡᠷᠡᠭᠦᠯᠵᠦ᠂ ︽ᠳᠣᠤᠷ᠎ᠠ ᠠᠭᠠᠷ ᠤᠨ ᠠᠵᠤ ᠠᠬᠤᠶ + ᠰᠣᠶᠣᠯ ᠵᠢᠭᠤᠯᠴᠢᠯᠠᠯ︾ ᠤᠨ ᠡᠵᠡᠩᠨᠡᠯᠲᠡ |
ᠶᠢᠨ ᠬᠡᠯᠪᠡᠷᠢ ᠶᠢ ᠥᠷᠭᠡᠳᠬᠡᠵᠦ᠂ ᠬᠥᠬᠡᠬᠤᠲᠠ ᠪᠤᠭᠤᠲᠤ ᠣᠷᠳᠣᠰ ᠦᠬᠠᠶ ᠶᠢᠨ ︽ᠨᠢᠭᠡ ᠴᠠᠭ ᠤᠨ ᠬᠤᠲᠠ ᠶᠢᠨ |
ᠲᠣᠭᠤᠷᠢᠭ︾ ᠲᠤ ᠠᠭᠤᠰᠤᠯᠴᠠᠭᠤᠯᠤᠨ᠎ᠠ᠃ |
|
ᠡᠬᠡ ᠪᠢᠴᠢᠭ᠄ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ |
ᠦᠢᠯᠡᠰ ᠤᠨ ᠬᠥᠭᠵᠢᠯᠲᠡ ᠶᠢᠨ ᠲᠥᠪ |