| ︽ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠣᠭᠲᠠᠭᠠᠯ︾ |
ᠶᠣᠰᠣᠭᠠᠷ᠂ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ ᠶᠢᠨ ᠮᠠᠰᠢᠨᠲᠤ ᠲᠡᠷᠭᠡᠨ ᠤ |
ᠵᠢᠯᠣᠭᠤᠴᠢ ᠶᠢᠨ ᠦᠨᠡᠮᠯᠡᠯ ᠨᠢ ᠲᠣᠮᠣ ᠬᠡᠯᠪᠡᠷᠢ ᠶᠢᠨ ᠪᠠᠷᠠᠭᠠᠨ ᠤ ᠲᠡᠷᠭᠡ ︵B2︶ ᠶᠢ ᠵᠢᠯᠣᠭᠤᠳᠴᠤ ᠪᠣᠯᠤᠨ᠎ᠠ᠃ |
ᠡᠶᠢᠮᠦ ᠠᠴᠠ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ |
ᠶᠢᠨ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠵᠢᠯᠣᠭᠤᠴᠢ ᠬᠡᠷᠪᠡ |
ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠬᠢᠬᠦ ᠰᠠᠨᠠᠭ᠎ᠠ ᠲᠠᠢ ᠪᠣᠯ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ |
ᠲᠡᠷᠭᠡ ︵A1︶ ᠶᠢᠨ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠵᠡᠷᠭᠡ ᠬᠠᠮᠢᠶ᠎ᠠ ᠪᠥᠬᠦᠶ |
ᠮᠠᠲ᠋ᠧᠷᠢᠶᠠᠯ ᠢᠶᠠᠷ ᠢᠶᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠮ ᠢᠶᠠᠷ |
ᠪᠠᠷᠠᠭ᠎ᠠ ᠲᠡᠭᠡᠭᠡᠪᠦᠷᠢᠯᠡᠬᠦ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠭᠤᠶᠤᠴᠢᠯᠠᠨ ᠠᠪᠴᠤ |
ᠪᠣᠯᠤᠨ᠎ᠠ᠃ ᠬᠡᠷᠪᠡ ᠲᠣᠮᠣ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ︵A1︶ ᠶᠢᠨ ᠮᠠᠰᠢᠨᠲᠤ ᠲᠡᠷᠭᠡᠨ ᠤ |
ᠵᠢᠯᠣᠭᠤᠴᠢ ᠶᠢᠨ ᠦᠨᠡᠮᠯᠡᠯ ᠢ ᠬᠠᠤᠯᠢ ᠶᠣᠰᠣᠭᠠᠷ ᠣᠯᠤᠭᠰᠠᠨ ᠵᠢᠯᠣᠭᠤᠴᠢ ᠨᠢᠭᠡᠨᠲᠡ ᠵᠠᠮ ᠤᠨ ᠠᠶᠠᠨᠴᠢᠳ ᠤᠨ |
ᠲᠡᠭᠡᠭᠡᠪᠦᠷᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠣᠯᠤᠭᠰᠠᠨ ᠪᠠᠶᠢᠪᠠᠯ᠂ ︽ᠵᠠᠮ ᠲᠡᠭᠡᠭᠡᠪᠦᠷᠢ ᠶᠢᠨ |
ᠠᠵᠢᠯ ᠡᠷᠭᠢᠯᠡᠭᠰᠡᠳ ᠤᠨ ᠬᠠᠮᠢᠶᠠᠷᠤᠯᠲᠠ ᠶᠢᠨ ᠲᠣᠭᠲᠠᠭᠠᠯ︾ ᠤᠨ ᠲᠣᠭᠲᠠᠭᠠᠯ ᠶᠣᠰᠣᠭᠠᠷ᠂ ᠵᠠᠮ ᠢᠶᠠᠷ ᠪᠠᠷᠠᠭ᠎ᠠ |
ᠲᠡᠭᠡᠭᠡᠪᠦᠷᠢᠯᠡᠬᠦ ᠠᠵᠢᠯ ᠡᠷᠭᠢᠯᠡᠬᠦ ᠬᠢᠷᠢ ᠬᠡᠮ ᠤᠨ ᠲᠥᠷᠥᠯ ᠢᠯᠭᠠᠯ ᠢ ᠭᠤᠶᠤᠴᠢᠯᠠᠨ ᠠᠪᠬᠤ ᠦᠶ᠎ᠡ ᠳᠤ᠂ ᠤᠤᠯ ᠤᠨ |
ᠦᠨᠡᠮᠯᠡᠯ ᠣᠯᠭᠤᠭᠰᠠᠨ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠶ᠃ |