ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ |
ᠰᠢᠯᠢᠳᠡᠭᠵᠢᠭᠦᠯᠵᠦ᠂ ᠲᠣᠮᠣ ᠵᠦᠢᠯ ᠤᠨ ᠲᠡᠭᠡᠭᠡᠪᠦᠷᠢ ᠶᠢᠨ ᠬᠠᠮᠢᠶᠠᠷᠤᠯᠲᠠ ᠪᠠ ᠦᠢᠯᠡᠴᠢᠯᠡᠭᠡ ᠶᠢ ᠵᠢᠷᠤᠮᠵᠢᠭᠤᠯᠬᠤ ᠶᠢᠨ |
ᠲᠥᠯᠥᠭᠡ᠂ ︽︿ᠲᠣᠮᠣ ᠵᠦᠢᠯ ᠤᠨ ᠲᠡᠭᠡᠭᠡᠪᠦᠷᠢ ᠶᠢᠨ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ᠵᠢᠷᠤᠮᠵᠢᠯ ᠪᠠ |
ᠮᠡᠷᠭᠡᠵᠢᠯ ᠤᠨ ᠱᠠᠭᠠᠷᠳᠠᠯᠭ᠎ᠠ ︵ᠰᠠᠨᠠᠯ ᠬᠤᠷᠢᠶᠠᠬᠤ ᠨᠣᠤᠷᠠᠭ︶﹀ ᠶᠢᠨ ᠰᠠᠨᠠᠯ ᠢ ᠬᠤᠷᠢᠶᠠᠬᠤ ᠵᠠᠬᠢᠳᠠᠯ︾ ᠪᠠ |
︽ᠬᠡᠮᠵᠢᠶ᠎ᠡ ᠠᠴᠠ ᠬᠡᠲᠦᠷᠡᠭᠰᠡᠨ ᠲᠡᠷᠭᠡ ᠬᠥᠰᠬᠡ ᠶᠢᠨ ᠵᠠᠰᠠᠮᠠᠯ ᠵᠠᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ |
ᠲᠣᠭᠲᠠᠭᠠᠯ ᠢ ᠦᠨᠳᠦᠰᠦᠯᠡᠨ᠂ ᠡᠳᠦᠭᠡ ᠳᠣᠤᠷᠠᠬᠢ ᠮᠡᠲᠦ ᠱᠠᠭᠠᠷᠳᠠᠯᠭ᠎ᠠ ᠶᠢ ᠭᠠᠷᠭᠠᠪᠠ᠄ |
1. ᠳᠠᠭᠠᠭᠠᠨ ᠲᠡᠭᠡᠭᠡᠪᠦᠷᠢᠯᠡᠭᠴᠢ ᠨᠢ ᠴᠢᠷᠬᠦ ᠲᠡᠷᠭᠡ ᠶᠢᠨ ᠥᠮᠴᠢᠯᠡᠭᠴᠢ ᠯᠦᠭᠡ ᠨᠢᠭᠡᠳᠦᠯᠲᠡᠶ ᠪᠠᠶᠢᠬᠤ ᠬᠡᠷᠡᠭᠲᠡᠶ︔ |
|
2. ᠴᠢᠷᠦᠭᠦᠯ ᠲᠡᠷᠭᠡ ᠶᠢᠨ ᠥᠮᠴᠢᠯᠡᠭᠴᠢ ᠶᠢ ᠰᠢᠰᠲ᠋ᠧᠮ ᠳᠣᠲᠣᠷ᠎ᠠ ᠨᠢᠭᠡᠨᠲᠡ ᠳᠠᠩᠰᠠᠯᠠᠭᠤᠯᠤᠭᠰᠠᠨ ᠪᠥᠭᠡᠳ |
ᠲᠣᠮᠣ ᠬᠡᠯᠪᠡᠷᠢ ᠶᠢᠨ ᠡᠳ᠋ ᠪᠠᠷᠠᠭ᠎ᠠ ᠲᠡᠭᠡᠭᠡᠪᠦᠷᠢᠯᠡᠬᠦ ᠬᠢᠷᠢ ᠭᠡᠮ ᠢ ᠪᠦᠷᠢᠯᠳᠦᠭᠦᠯᠦᠭᠰᠡᠨ ᠠᠵᠤ ᠠᠬᠤᠶᠢᠯᠠᠯ ᠪᠠᠶᠢᠬᠤ |
ᠬᠡᠷᠡᠭᠲᠡᠶ︔ |
3. ᠮᠡᠳᠡᠭᠦᠯᠦᠭᠰᠡᠨ ᠴᠢᠷᠦᠭᠦᠯ ᠲᠡᠷᠭᠡ ᠶᠢᠨ ᠥᠮᠴᠢᠯᠡᠭᠴᠢ ᠨᠢ ᠳᠠᠭᠠᠭᠠᠨ ᠲᠡᠭᠡᠭᠡᠪᠦᠷᠢᠯᠡᠭᠴᠢ ᠯᠦᠭᠡ ᠨᠢᠭᠡᠳᠦᠯᠲᠡᠶ |
ᠦᠭᠡᠶ ᠪᠠᠶᠢᠪᠠᠯ᠂ ᠴᠢᠷᠦᠭᠦᠯ ᠲᠡᠷᠭᠡ ᠶᠢᠨ ᠥᠮᠴᠢᠯᠡᠭᠴᠢ ᠶᠢᠨ ᠵᠠᠮ ᠲᠡᠭᠡᠭᠡᠪᠦᠷᠢ ᠶᠢᠨ ᠡᠵᠡᠩᠨᠡᠯᠲᠡ ᠶᠢᠨ |
ᠵᠥᠪᠰᠢᠶᠡᠷᠡᠯ ᠤᠨ ᠦᠨᠡᠮᠯᠡᠯ ᠢ ᠰᠦᠯᠵᠢᠶᠡᠨ ᠳᠤ ᠣᠷᠣᠭᠤᠯᠬᠤ ᠬᠡᠷᠡᠭᠲᠡᠶ︔ |
4. ᠠᠳᠠᠯᠢ ᠨᠢᠭᠡ ᠠᠶᠠᠯᠠᠯ ᠤᠨ ᠬᠤᠭᠤᠴᠠᠭᠠᠨ ᠳᠤ ᠠᠳᠠᠯᠢ ᠨᠢᠭᠡᠨ ᠲᠣᠮᠣ ᠵᠦᠢᠯ ᠤᠨ ᠲᠡᠭᠡᠭᠡᠪᠦᠷᠢ ᠶᠢᠨ ᠲᠡᠷᠭᠡ |
ᠬᠦᠰᠭᠡ ᠶᠢᠨ ᠲᠤᠰᠢᠶᠠᠵᠤ ᠪᠣᠯᠬᠤ ᠪᠠᠷᠠᠭ᠎ᠠ ᠠᠴᠢᠶᠠᠯᠠᠵᠤ ᠪᠣᠯᠬᠤ ᠦᠶ᠎ᠡ ᠶᠢᠨ ᠭᠤᠶᠤᠴᠢᠯᠠᠯ ᠤᠨ ᠲᠤᠭ᠎ᠠ ᠬᠡᠮᠵᠢᠶ᠎ᠡ ᠶᠢ |
2 ᠬᠤᠪᠢ ᠠᠴᠠ ᠬᠡᠲᠦᠷᠡᠭᠦᠯᠵᠦ ᠪᠣᠯᠬᠤ ᠦᠭᠡᠢ︔ |
5. ᠠᠳᠠᠯᠢ ᠨᠢᠭᠡᠨ ᠲᠡᠷᠭᠡ ᠬᠥᠰᠬᠡ ᠶᠢᠨ ᠭᠠᠭᠴᠠ ᠡᠳᠦᠷ ᠤᠨ ᠳᠣᠲᠣᠷ᠎ᠠ ᠬᠦᠴᠦᠨ ᠦᠭᠡᠶ ᠪᠣᠯᠭᠠᠬᠤ |
ᠤᠳᠠᠭ᠎ᠠ ᠶᠢ ᠭᠤᠷᠪᠠ ᠤᠳᠠᠭ᠎ᠠ ᠠᠴᠠ ᠬᠡᠲᠦᠷᠡᠭᠦᠯᠵᠦ ᠪᠣᠯᠬᠤ ᠦᠭᠡᠶ᠂ ᠡᠰᠡ ᠲᠡᠶᠢᠮᠦ ᠪᠣᠯ ᠲᠤᠰᠢᠶᠠᠵᠤ ᠪᠣᠯᠬᠤ |
ᠦᠭᠡᠶ᠃ |
6. ᠵᠣᠷᠢᠭᠤᠳᠠ ᠪᠠᠷ ᠣᠯᠠᠨ ᠤᠳᠠᠭ᠎ᠠ ᠬᠦᠴᠦᠨ ᠥᠬᠡᠶ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ |
ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠡᠷᠭᠡ ᠪᠠ ᠪᠠᠷᠠᠭᠠᠨ ᠤ ᠲᠤᠬᠠᠶ ᠶᠢᠨ ᠲᠠᠯᠠᠪᠤᠷ ᠤᠨ ᠬᠠᠷᠭᠤᠭᠤᠯᠤᠨ |
ᠪᠠᠶᠢᠴᠠᠭᠠᠯᠲᠠ ᠪᠤᠶᠤ ᠬᠦᠨᠳᠦ ᠶᠢ ᠪᠠᠶᠢᠴᠠᠭᠠᠨ ᠬᠡᠮᠵᠢᠬᠦ ᠳᠤ ᠬᠠᠮᠵᠢᠯᠴᠠᠬᠤ ᠶᠢ ᠲᠡᠪᠴᠢᠭᠰᠡᠨ ᠠᠵᠤ ᠠᠬᠤᠶᠢᠯᠠᠯ᠂ |
ᠲᠡᠷᠭᠡ ᠬᠥᠰᠬᠡ ᠪᠠ ᠬᠦᠢᠴᠡᠳᠬᠡᠭᠴᠢ ᠶᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠨ |
ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠵᠦ᠂ ᠪᠣᠳᠠᠲᠤ ᠬᠡᠷᠡᠭ ᠢ ᠦᠨᠳᠦᠰᠦᠯᠡᠨ ︽ᠭᠤᠤᠯᠳᠠᠯᠭ᠎ᠠ ᠲᠠᠢ |
ᠠᠩᠬᠠᠷᠬᠤ︾ ᠪᠤᠶᠤ ︽ᠬᠠᠷ᠎ᠠ ᠲᠠᠩᠰᠠ︾ ᠳᠤ ᠣᠷᠣᠭᠤᠯᠤᠨ᠎ᠠ᠃ ᠨᠢᠭᠡᠨᠲᠡ ︽ᠭᠤᠣᠯᠳᠠᠯᠭ᠎ᠠ ᠲᠠᠢ ᠠᠩᠬᠠᠷᠬᠤ︾ |
ᠳᠤ ᠣᠷᠣᠭᠤᠯᠤᠭᠰᠠᠨ ᠪᠣᠯᠪᠠᠴᠤ ᠳᠠᠬᠢᠨ ᠣᠯᠠᠨᠲᠠ ᠢᠲᠡᠭᠡᠯ ᠠᠯᠳᠠᠭᠰᠠᠨ ᠮᠥᠷᠲᠡᠭᠡᠨ ᠴᠡᠭᠴᠡᠯᠡᠨ |
ᠰᠠᠶᠢᠵᠢᠷᠠᠭᠤᠯᠤᠭᠰᠠᠨ ᠦᠭᠡᠢ ᠶᠢ ᠨᠢ ᠪᠠᠰᠠ ︽ᠬᠠᠷ᠎ᠠ ᠳᠠᠩᠰᠠ︾ ᠳᠤ ᠨᠡᠮᠡᠵᠦ ᠣᠷᠤᠭᠤᠯᠤᠨ᠎ᠠ ᠃ |