ᠲᠦᠷᠢᠶᠡᠰᠦᠨ ᠮᠠᠰᠢᠨ ᠲᠡᠷᠭᠡ ᠰᠦᠯᠵᠢᠶ᠎ᠡ ᠪᠠᠷ ᠪᠣᠯᠵᠣᠬᠤ ᠲᠡᠷᠭᠡ᠄ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠡᠵᠡᠩᠨᠡᠯᠲᠡ ᠬᠢᠬᠦ ᠪᠠᠷ ᠭᠤᠶᠤᠴᠢᠯᠠᠬᠤ ᠳᠤ ᠶᠠᠮᠠᠷ ᠴᠢᠳᠠᠪᠤᠷᠢ ᠶᠢ ᠪᠦᠷᠢᠯᠳᠦᠭᠦᠯᠬᠦ ᠪᠤᠢ︖
ᠨᠡᠶᠢᠲᠡᠯᠡᠭᠰᠡᠨ ᠴᠠᠭ᠄
2025/2/13
︽ᠰᠦᠯᠵᠢᠶ᠎ᠡ ᠪᠠᠷ ᠪᠣᠯᠵᠣᠬᠤ ᠳᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2019 ᠣᠨ ᠤ 46 ᠳ᠋ᠤᠭᠠᠷ ᠲᠣᠭᠠᠲᠤ︶ ᠤᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠡᠵᠡᠩᠨᠡᠯᠲᠡ ᠬᠢᠬᠦ ᠪᠠᠷ ᠭᠤᠶᠤᠴᠢᠯᠠᠪᠠᠯ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠂ ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠨ᠎ᠡ᠄ ︵ᠨᠢᠭᠡ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠭᠡᠮ ᠪᠠᠶᠢᠬᠤ ᠬᠡᠷᠡᠭᠲᠡᠢ︔ ︵ᠬᠤᠶᠠᠷ︶ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠡᠵᠡᠩᠨᠡᠯᠲᠡ ᠦᠷᠨᠢᠭᠦᠯᠬᠦ ᠢᠨᠲ᠋ᠧᠷ ᠰᠦᠯᠵᠢᠶᠡᠨ ᠤ ᠲᠠᠪᠴᠠᠩ ᠪᠠ ᠲᠤᠬᠠᠶᠢᠯᠠᠭᠰᠠᠨ ᠠᠵᠢᠯ ᠥᠷᠨᠢᠭᠦᠯᠬᠦ ᠪᠠᠷ ᠪᠠᠶᠢᠭ᠎ᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠲᠠᠢ ᠬᠠᠷᠢᠯᠴᠠᠨ ᠨᠡᠪᠲᠡᠷᠡᠯᠴᠡᠬᠦ ᠵᠢᠴᠢ ᠰᠢᠢᠳᠪᠦᠷᠢᠯᠡᠬᠦ ᠴᠢᠳᠠᠪᠤᠷᠢ ᠶᠢ ᠪᠦᠷᠢᠳᠦᠭᠦᠯᠵᠦ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠵᠡᠷᠭᠡ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠶᠣᠰᠣᠭᠠᠷ ᠬᠠᠮᠢᠶ᠎ᠠ ᠪᠦᠬᠦᠢ ᠰᠦᠯᠵᠢᠶᠡᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠨᠥᠬᠦᠴᠡᠯ ᠢ ᠪᠦᠷᠢᠳᠦᠭᠦᠯᠵᠦ᠂ ᠰᠦᠯᠵᠢᠶ᠎ᠡ ᠶᠢᠨ ᠦᠢᠯᠡᠴᠢᠯᠡᠭᠡᠨ ᠤ ᠲᠠᠪᠴᠠᠩ ᠤᠨ ᠳ᠋ᠠᠶᠢᠲ᠋ᠠ ᠬᠥᠮᠥᠷᠭᠡ ᠨᠢ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠯᠦᠭᠡ ᠵᠠᠯᠭᠠᠨ ᠠᠪᠴᠤ᠂ ᠦᠢᠯᠡᠴᠢᠯᠡᠭᠦᠷ ᠢ ᠳᠤᠮᠳᠠᠳᠤ ᠤᠯᠤᠰ ᠤᠨ ᠳᠣᠲᠣᠷ ᠭᠠᠵᠠᠷ ᠲᠤ ᠪᠠᠶᠢᠷᠢᠯᠠᠭᠤᠯᠵᠤ᠂ ᠲᠣᠭᠲᠠᠭᠠᠯ ᠳᠤ ᠨᠡᠶᠢᠴᠡᠭᠰᠡᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠪᠠᠶᠢᠬᠤ ᠬᠡᠷᠡᠭᠲᠡᠢ︔ ︵ᠭᠤᠷᠪᠠ︶ ᠡᠯᠧᠺᠲᠷᠣᠨ ᠢᠶᠠᠷ ᠥᠭᠬᠦ ᠶᠢ ᠬᠡᠷᠡᠭᠯᠡᠭᠰᠡᠨ ᠪᠠᠶᠢᠪᠠᠯ᠂ ᠪᠠᠩᠬᠢ᠂ ᠪᠠᠩᠬᠢ ᠶᠢᠨ ᠪᠤᠰᠤ ᠵᠣᠭᠤᠰ ᠥᠭᠬᠦ ᠪᠠᠶᠢᠭᠤᠯᠤᠮᠵᠢ ᠯᠤᠭ᠎ᠠ ᠦᠭᠴᠦ ᠳ᠋ᠦᠩᠨᠡᠨ ᠪᠣᠳᠣᠬᠤ ᠦᠢᠯᠡᠴᠢᠯᠡᠭᠡᠨ ᠬᠠᠩᠭᠠᠬᠤ ᠵᠥᠪᠳᠡᠯᠴᠡᠬᠡᠷ ᠲᠣᠭᠲᠠᠬᠤ ᠬᠡᠷᠡᠭᠲᠡᠶ︔ ︵ᠳᠦᠷᠪᠡ︶ ᠪᠦᠷᠢᠨ ᠲᠡᠭᠦᠯᠳᠡᠷ ᠡᠵᠡᠩᠨᠡᠯᠲᠡ ᠬᠠᠮᠢᠶᠠᠷᠤᠯᠲᠠ ᠶᠢᠨ ᠳᠦᠷᠢᠮ᠂ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠳᠦᠷᠢᠮ ᠪᠠᠶᠢᠬᠤ ᠬᠡᠷᠡᠭᠲᠡᠢ︔ ︵ᠲᠠᠪᠤ︶ ᠦᠢᠯᠡᠴᠢᠯᠡᠭᠡᠨ ᠤ ᠪᠠᠶᠢᠭ᠎ᠠ ᠭᠠᠵᠠᠷ ᠲᠤ ᠵᠣᠬᠢᠬᠤ ᠦᠢᠯᠡᠴᠢᠯᠡᠭᠡᠨ ᠤ ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ ᠬᠡᠷᠡᠭᠲᠡᠢ︔ ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠲᠠᠢ ᠪᠠᠶᠢᠬᠤ ᠬᠡᠷᠡᠭᠲᠡᠢ᠃ ᠭᠠᠳᠠᠭᠠᠳᠤ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠰᠦᠯᠵᠢᠶ᠎ᠡ ᠪᠠᠷ ᠪᠣᠯᠵᠣᠬᠤ ᠲᠡᠷᠭᠡ ᠡᠵᠡᠩᠨᠡᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map