︽ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ |
ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ |
ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ ᠮᠠᠨ ᠤ ᠲᠢᠩᠬᠢᠮ ᠲᠤᠰᠬᠠᠶ |
ᠮᠡᠷᠭᠡᠵᠢᠯᠲᠡᠨ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠸᠧᠶ ᠲᠦᠩ ᠪᠠᠷᠢᠯᠭ᠎ᠠ ᠶᠢᠨ ᠬᠢᠨᠠᠨ ᠬᠠᠮᠢᠶᠠᠷᠬᠤ |
ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ |
ᠠᠬᠤᠶᠢᠯᠠᠯ ᠤᠨ ᠬᠢᠷᠢ ᠬᠡᠮ ᠤᠨ ᠴᠢᠬᠤᠯᠠ ᠶᠡᠭᠡ ᠬᠤᠪᠢᠷᠠᠭᠤᠯᠤᠯᠲᠠ ᠶᠢᠨ ᠮᠡᠳᠡᠭᠦᠯᠬᠦ ᠮᠠᠲ᠋ᠧᠷᠢᠶᠠᠯ ᠢ ᠬᠢᠨᠠᠨ |
ᠪᠠᠶᠢᠴᠠᠭᠠᠵᠤ᠂ ᠡᠳᠦᠭᠡ ᠠᠵᠤ ᠠᠬᠤᠶᠢᠯᠠᠯ ᠤᠨ ᠮᠡᠳᠡᠭᠦᠯᠦᠭᠰᠡᠨ ᠮᠡᠳᠡᠭᠡ ᠵᠠᠩᠭᠢ ᠪᠠ ᠲᠤᠰᠬᠠᠶ ᠮᠡᠷᠭᠡᠵᠢᠯᠲᠡᠨ ᠤ ᠬᠢᠨᠠᠨ |
ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠠᠵᠤ ᠠᠬᠤᠶᠢᠯᠠᠯ ᠤᠨ |
ᠮᠡᠳᠡᠭᠦᠯᠦᠭᠰᠡᠨ ᠮᠡᠳᠡᠭᠡ ᠵᠠᠩᠭᠢ ᠶᠢ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ |
ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ︽ᠬᠢᠨᠠᠨ ᠬᠠᠮᠢᠶᠠᠷᠬᠤ ᠠᠵᠤ |
ᠠᠬᠤᠶᠢᠯᠠᠯ ᠤᠨ ᠬᠢᠷᠢ ᠬᠡᠮ ᠢ ᠮᠡᠳᠡᠭᠦᠯᠬᠦ ᠮᠡᠳᠡᠭᠡ ᠵᠠᠩᠭᠢ ᠶᠢᠨ ᠢᠯᠡ ᠨᠡᠶᠢᠲᠡᠯᠡᠬᠦ︾ ᠬᠡᠰᠡᠭ ᠢᠶᠠᠷ |
︵https://glxy.mot.gov.cn/publicity/index.do︶ ᠪᠠᠶᠢᠴᠠᠭᠠᠨ ᠦᠵᠡᠵᠦ ᠪᠣᠯᠤᠨ᠎ᠠ᠃ |
ᠵᠠᠷᠯᠠᠨ ᠨᠡᠶᠢᠲᠡᠯᠡᠬᠦ ᠴᠠᠭ ᠨᠢ 2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠠᠴᠠ 2025 ᠣᠨ ᠤ 2 |
ᠳ᠋ᠤᠭᠠᠷ ᠰᠠᠷ᠎ᠠ ᠶᠢᠨ 28 ᠤ ᠡᠳᠦᠷ ᠪᠣᠯᠤᠨ᠎ᠠ᠃ |
ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠠᠵᠤ ᠠᠬᠤᠶᠢᠯᠠᠯ ᠤᠨ |
ᠮᠡᠳᠡᠭᠦᠯᠦᠭᠰᠡᠨ ᠮᠡᠳᠡᠭᠡ ᠵᠠᠩᠭᠢ ᠳᠠᠬᠢ ᠬᠤᠳᠠᠯ ᠬᠠᠭᠤᠷᠮᠠᠭ ᠠᠭᠤᠯᠭ᠎ᠠ ᠶᠢ ᠮᠠᠨ ᠤ ᠲᠢᠩᠬᠢᠮ ᠳᠤ ᠪᠢᠴᠢᠭ ᠤᠨ |
ᠬᠡᠯᠪᠡᠷᠢ ᠪᠠᠷ ᠢᠯᠡᠴᠢᠯᠡᠨ ᠮᠡᠳᠡᠭᠦᠯᠵᠦ ᠪᠣᠯᠤᠨ᠎ᠠ᠃ ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ |
ᠦᠭᠡᠢ ︵ᠰᠢᠤᠳᠠᠨ ᠢᠶᠠᠷ ᠢᠯᠡᠭᠡᠬᠦ ᠮᠠᠲ᠋ᠧᠷᠢᠶᠠᠯ ᠢ ᠰᠢᠤᠳᠠᠨ ᠤ ᠲᠠᠮᠠᠭ᠎ᠠ ᠶᠢᠨ ᠡᠳᠦᠷ ᠬᠤᠭᠤᠴᠠᠭ᠎ᠠ ᠪᠠᠷ ᠪᠠᠷᠢᠮᠵᠢᠶ᠎ᠠ |
ᠪᠣᠯᠭᠠᠨ᠎ᠠ︶᠂ ᠬᠠᠷᠭᠤᠭᠤᠯᠤᠨ ᠪᠠᠶᠢᠴᠠᠭᠠᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠢᠯᠡᠴᠢᠯᠡᠨ ᠮᠡᠳᠡᠭᠦᠯᠦᠭᠰᠡᠨ |
ᠮᠠᠲ᠋ᠧᠷᠢᠶᠠᠯ ᠤᠨ ᠠᠭᠤᠯᠭ᠎ᠠ ᠶᠢ ᠪᠣᠳᠠᠲᠠᠶ ᠪᠠᠶᠢᠯᠭᠠᠵᠤ᠂ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢ |
ᠲᠣᠳᠣᠷᠬᠠᠶ ᠪᠢᠴᠢᠵᠦ᠂ ᠨᠢᠭᠡᠴᠢ ᠶᠢᠨ ᠢᠯᠡᠴᠢᠯᠡᠨ ᠮᠡᠳᠡᠭᠦᠯᠬᠦ ᠳᠤ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠤ |
ᠢᠯᠡᠴᠢᠯᠡᠨ ᠮᠡᠳᠡᠭᠦᠯᠬᠦ ᠳᠤ ᠦᠨᠡᠨ ᠪᠣᠳᠠᠲᠠᠶ ᠣᠪᠣᠭ ᠨᠡᠷ᠎ᠡ ᠶᠢᠨ ᠭᠠᠷ ᠤᠨ ᠥᠰᠥᠭ ᠵᠢᠷᠤᠬᠤ ᠬᠡᠷᠡᠭᠲᠡᠶ᠃ |
ᠪᠠᠶᠢᠴᠠᠭᠠᠨ ᠳᠣᠲᠣᠯᠠᠭᠰᠠᠨ ᠬᠤᠳᠠᠯ ᠬᠠᠭᠤᠷᠮᠠᠭ ᠠᠵᠤ ᠠᠬᠤᠶᠢᠯᠠᠯ ᠢ ᠮᠠᠨ ᠤ ᠲᠢᠩᠬᠢᠮ ᠬᠤᠯᠪᠣᠭᠳᠠᠯ ᠪᠦᠬᠦᠢ |
ᠲᠣᠭᠲᠠᠭᠠᠯ ᠢᠶᠠᠷ ᠰᠢᠢᠳᠪᠦᠷᠢᠯᠡᠨ᠎ᠡ᠃ |
ᠮᠡᠳᠡᠭᠦᠯᠦᠭᠰᠡᠨ ᠠᠵᠤ ᠠᠬᠤᠶᠢᠯᠠᠯ ᠬᠡᠷᠪᠡ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ ᠳᠤ ᠣᠨᠳᠣᠤ |
ᠰᠠᠨᠠᠯ ᠲᠠᠢ ᠪᠠᠶᠢᠪᠠᠯ᠂ 2 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠪᠥᠬᠦ ᠤᠯᠤᠰ ᠤᠨ ᠵᠠᠰᠠᠮᠠᠯ ᠵᠠᠮ ᠤᠨ |
ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ |
ᠰᠢᠰᠲ᠋ᠧᠮ ᠳᠤ ᠣᠷᠣᠵᠤ᠂ ︽ᠠᠵᠤ ᠠᠬᠤᠶᠢᠯᠠᠯ ᠤᠨ ᠬᠢᠷᠢ ᠬᠡᠮ ᠤᠨ ᠵᠠᠰᠠᠭ ᠵᠠᠬᠢᠷᠭᠠᠨ ᠤ ᠵᠥᠪᠰᠢᠶᠡᠷᠡᠯ︾ ᠤᠨ |
ᠰᠦᠯᠵᠢᠶ᠎ᠡ ᠪᠠᠷ ᠭᠦᠢᠴᠡᠳᠭᠡᠬᠦ ᠬᠡᠰᠡᠭ ᠢᠶᠠᠷ ᠳᠠᠮᠵᠢᠭᠤᠯᠤᠨ ᠲᠣᠭᠠᠴᠢᠯᠲᠠ ᠶᠢᠨ ᠭᠤᠶᠤᠴᠢᠯᠠᠯ ᠢᠶᠠᠨ ᠲᠤᠰᠢᠶᠠᠵᠤ᠂ |
ᠬᠤᠭᠤᠴᠠᠭ᠎ᠠ ᠦᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ |
ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ |
ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ |
ᠬᠠᠮᠢᠶᠠᠷᠤᠯᠲᠠ ᠶᠢᠨ ᠭᠠᠵᠠᠷ︔ ᠰᠢᠤᠳᠠᠨ ᠤ ᠳ᠋ᠤᠭᠠᠷ᠄ 010020 |
ᠬᠠᠷᠢᠯᠴᠠᠬᠤ ᠬᠥᠮᠥᠨ᠄ ᠸᠠᠩ ᠹᠠᠩ᠂ ᠹᠠᠨ ᠢᠦᠢ ᠬᠤᠤ︔ ᠬᠠᠷᠢᠯᠴᠠᠬᠤ ᠤᠲᠠᠰᠤ᠄ 0471 - |
6969040 |
ᠢᠮᠧᠯ᠄ nmgjtjsc@126.com᠃ |
|
ᠳᠠᠭᠠᠯᠳᠤᠭᠤᠯᠤᠯ᠄ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠬᠡᠮ ᠤᠨ |
ᠴᠢᠬᠤᠯᠠ ᠶᠡᠭᠡ ᠬᠤᠪᠢᠷᠠᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠭᠰᠠᠨ ᠰᠠᠨᠠᠯ |
|
|