2 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ |
ᠲᠢᠩᠬᠢᠮ ᠤᠨ ᠨᠠᠮ ᠤᠨ ᠤᠳᠤᠷᠢᠳᠬᠤ ᠳᠣᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ |
2015 ᠣᠨ ᠤ 9 ᠳ᠋ᠦ᠋ᠭᠡᠷ ᠤᠳᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠣᠭᠤᠶᠢᠯᠠᠩ ᠤᠨ ᠬᠤᠷᠠᠯ ᠢ |
ᠡᠷᠬᠢᠯᠡᠨ ᠬᠤᠷᠠᠯᠳᠤᠭᠤᠯᠪᠠ᠃ |
ᠬᠤᠷᠠᠯ ᠳᠡᠭᠡᠷ᠎ᠡ ᠶᠡᠷᠦᠩᠬᠡᠢ ᠱᠦᠵᠢ ᠱᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠪᠥᠬᠦ |
ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮᠵᠢ ᠶᠢ ᠪᠦᠷᠢᠨᠰᠢᠭᠦᠯᠬᠦ︾ ᠪᠠ ᠠᠷᠠᠳ ᠤᠨ ᠡᠵᠡᠩᠨᠡᠯᠲᠡ ᠶᠢᠨ ᠠᠵᠤ |
ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠣᠶᠢᠷ᠎ᠠ ᠶᠢᠨ |
ᠬᠤᠭᠤᠴᠠᠭᠠᠨ ᠤ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ |
ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ᠂ ︽ᠥᠪᠥᠷ ᠮᠣᠩᠭᠤᠯ ᠪᠥᠬᠦ ᠤᠯᠤᠰ ᠤᠨ ᠴᠢᠨᠠᠷ ᠰᠠᠶᠢᠲᠠᠢ |
ᠬᠦᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭᠠᠨ︾ ᠤ |
ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ |
ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ |
ᠬᠤᠷᠠᠯ ᠠᠴᠠ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ |
ᠨᠠᠮ ᠤᠨ ᠣᠨᠣᠯ ᠤᠨ ᠰᠤᠷᠤᠯᠴᠠᠯᠭ᠎ᠠ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ |
ᠬᠡᠷᠡᠭᠲᠡᠢ︔ ᠥᠪᠡᠷᠲᠡᠭᠡᠨ ᠵᠠᠰᠠᠬᠤ ᠣᠷᠤᠨ ᠤ ︽ᠵᠢᠷᠭᠤᠭᠠᠨ ᠠᠵᠢᠯᠯᠠᠭ᠎ᠠ︾ ᠶᠢᠨ ᠲᠥᠰᠦᠯ ᠤᠨ ᠱᠠᠭᠠᠷᠳᠠᠯᠭ᠎ᠠ ᠶᠢ |
ᠦᠨᠳᠦᠰᠦᠯᠡᠨ᠂ ᠵᠠᠮ ᠬᠠᠷᠢᠯᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠷᠢᠨ ᠬᠢᠨᠠᠮᠠᠭᠠᠢ ᠵᠣᠬᠢᠶᠠᠨ |
ᠪᠠᠶᠢᠭᠤᠯᠤᠨ ᠲᠥᠯᠥᠪᠵᠢᠭᠦᠯᠵᠦ᠂ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠢ︔ |
ᠠᠵᠠ ᠲᠣᠬᠢᠶᠠᠯ ᠢ ᠵᠠᠪᠳᠤᠨ᠂ ᠲᠤᠳᠠᠭᠤᠳᠡᠯ ᠢᠶᠠᠨ ᠣᠨᠣᠪᠴᠢᠲᠠᠢ ᠡᠷᠢᠵᠦ᠂ ᠲᠥᠷᠥᠯ ᠵᠦᠢᠯ ᠢ ᠪᠣᠳᠠᠲᠠᠶᠢᠵᠢᠭᠤᠯᠵᠤ᠂ |
ᠲᠦᠷᠦ ᠶᠢᠨ ᠪᠣᠳᠣᠯᠭ᠎ᠠ ᠶᠢ ᠰᠤᠳᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯ᠎ᠡ ᠵᠦᠢᠯ ᠤᠨ ᠠᠵᠢᠯ ᠢ ᠳᠠᠬᠢᠨ |
ᠰᠢᠨ᠎ᠡ ᠲᠦᠪᠰᠢᠨ ᠳᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |
|
ᠡᠬᠡ ᠪᠢᠴᠢᠭ᠄ ᠲᠢᠩᠬᠢᠮ ᠤᠨ ᠠᠯᠪᠠᠨ ᠭᠡᠷ ᠲᠢᠶᠠᠨ ᠯᠢ |