︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ |
ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ |
ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ |
ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2024 ᠣᠨ ᠤ 2 |
ᠳ᠋ᠤᠭᠠᠷ ᠲᠣᠭᠠᠲᠤ᠂ ᠳᠣᠷᠣᠭᠰᠢ ︽ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠪᠠ |
︽︿ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ |
ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ |
ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ |
ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ |
ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ |
ᠠᠶᠤᠯᠭᠦᠶ ᠦᠢᠯᠡᠳᠪᠦᠷᠢᠯᠡᠯ ᠤᠨ ᠬᠢᠨᠠᠯᠲᠠ ﹇2024﹈ 13 ᠳ᠋ᠤᠭᠠᠷ ᠲᠣᠭᠠᠲᠤ︶ ᠶᠢ ᠦᠨᠳᠦᠰᠦᠯᠡᠪᠡᠯ᠂ ᠮᠠᠨ ᠤ |
ᠲᠢᠩᠬᠢᠮ 2025 ᠣᠨ ᠤ ᠠᠩᠬᠠᠳᠠᠭᠴᠢ ᠬᠤᠭᠤᠴᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ |
ᠪᠠᠷᠢᠯᠭ᠎ᠠ ᠪᠠᠷᠢᠬᠤ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠶᠢ ᠥᠷᠨᠢᠭᠦᠯᠬᠦ ᠪᠠᠷ |
ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ |
ᠨᠢᠭᠡ᠂ ᠨᠡᠷ᠎ᠡ ᠮᠡᠳᠡᠭᠦᠯᠬᠦ ᠴᠠᠭ ᠵᠢᠴᠢ ᠠᠷᠭ᠎ᠠ ᠮᠠᠶ᠋ᠢᠭ |
ᠨᠡᠷ᠎ᠡ ᠮᠡᠳᠡᠭᠦᠯᠬᠦ ᠴᠠᠭ᠄ 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠤᠨ 9᠄ 00 - 3 ᠳ᠋ᠤᠭᠠᠷ |
ᠰᠠᠷ᠎ᠠ ᠶᠢᠨ 10 ᠤ ᠡᠳᠦᠷ ᠤᠨ 17᠄ 00 |
ᠨᠡᠷ᠎ᠡ ᠮᠡᠳᠡᠭᠦᠯᠬᠦ ᠠᠷᠭ᠎ᠠ᠄ ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠵᠠᠮ ᠬᠠᠷᠢᠯᠴᠠᠭ᠎ᠠ |
ᠲᠡᠭᠡᠭᠡᠪᠦᠷᠢ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ |
ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠨᠢᠭᠡᠳᠦᠯᠲᠡᠶ ᠨᠡᠷ᠎ᠡ ᠮᠡᠳᠡᠭᠦᠯᠦᠨ᠎ᠡ᠃ ᠰᠢᠯᠭᠠᠨ |
ᠬᠢᠨᠠᠬᠤ ᠬᠠᠮᠢᠶᠠᠷᠤᠯᠲᠠ ᠶᠢᠨ ᠰᠢᠰᠲ᠋ᠧᠮ ᠤᠨ ᠬᠠᠶ᠋ᠢᠭ᠄ http://nmg.safetyams.cn |
ᠬᠤᠶᠠᠷ᠂ ᠰᠢᠯᠭᠠᠯᠲᠠ ᠶᠢᠨ ᠠᠩᠬᠠᠷᠬᠤ ᠵᠦᠢᠯ |
ᠰᠢᠯᠭᠠᠯᠲᠠ ᠶᠢᠨ ᠡᠳᠦᠷ᠄ 2025 ᠣᠨ ᠤ 3 ᠳ᠋ᠤᠭᠠᠷ ᠰᠠᠷ᠎ᠠ ᠶᠢᠨ ᠳᠤᠮᠳᠠᠴᠢ ᠠᠴᠠ ᠰᠡᠭᠦᠯᠡᠷ᠃ ᠪᠣᠳᠠᠲᠠᠶ |
ᠰᠢᠯᠭᠠᠯᠲᠠ ᠶᠢᠨ ᠴᠠᠭ ᠢ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠠᠴᠠ ᠳᠠᠷᠤᠮᠠᠯᠯᠠᠭᠰᠠᠨ ᠰᠢᠯᠭᠠᠭᠤᠯᠬᠤ |
ᠲᠡᠮᠳᠡᠭ ᠢᠶᠠᠷ ᠪᠠᠷᠢᠮᠵᠢᠶ᠎ᠠ ᠪᠣᠯᠭᠠᠨ᠎ᠠ ︵3 ᠳ᠋ᠤᠭᠠᠷ ᠰᠠᠷ᠎ᠠ ᠶᠢᠨ 14 ᠤ ᠡᠳᠦᠷ - 3 ᠳ᠋ᠤᠭᠠᠷ ᠰᠠᠷ᠎ᠠ ᠶᠢᠨ 17 ᠤ |
ᠡᠳᠦᠷ ᠤᠨ ᠬᠤᠭᠤᠴᠠᠭᠠᠨ ᠳᠤ ᠳᠠᠷᠤᠮᠠᠯᠯᠠᠵᠤ ᠪᠣᠯᠤᠨ᠎ᠠ︶᠃ |
ᠰᠢᠯᠭᠠᠯᠲᠠ ᠶᠢᠨ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ |
ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ︵ᠬᠥᠬᠡᠬᠤᠲᠠ ᠶᠢᠨ |
ᠰᠢᠨ᠎ᠡ ᠬᠤᠲᠠ ᠲᠣᠭᠤᠷᠢᠭ ᠤᠨ ᠬᠥᠯᠥᠨ ᠪᠤᠶᠢᠷ ᠬᠤᠶᠢᠲᠤ ᠵᠠᠮ ᠤᠨ 105 ᠳ᠋ᠤᠭᠠᠷ ᠲᠣᠭᠠᠲᠤ︶ ᠤᠨ ᠠᠯᠤᠰ |
ᠡᠵᠡᠮᠰᠢᠯᠲᠦ ᠬᠢᠴᠢᠶᠡᠯ ᠤᠨ ᠬᠡᠷ |
ᠰᠢᠯᠭᠠᠯᠳᠠ ᠬᠢᠬᠦ ᠴᠠᠭ ᠤᠨ ᠤᠷᠳᠦ ᠪᠠ ᠬᠢᠷᠢ ᠪᠦᠳᠦᠮᠵᠢ ᠶᠢ ᠦᠨᠡᠯᠡᠨ ᠲᠤᠭᠳᠠᠭᠠᠬᠤ᠄ ᠴᠠᠭ ᠤᠨ ᠤᠷᠳᠤ ᠨᠢ |
90 ᠮᠢᠨᠦ᠋ᠲ ︵ᠤᠯᠠᠨᠳᠠ ᠰᠡᠳᠤᠪ ᠬᠠᠷᠢᠭᠤᠯᠵᠤ ᠪᠣᠯᠤᠨ᠎ᠠ︶᠃ ᠰᠢᠯᠭᠠᠯᠲᠠ ᠳᠤ ᠪᠦᠷᠢᠨ ᠬᠤᠪᠢ ᠨᠢ 100 |
ᠬᠤᠪᠢ᠂ 70 ᠬᠤᠪᠢ ᠠᠴᠠ ᠳᠡᠭᠡᠭᠰᠢ ᠨᠢ ᠬᠢᠷᠢ ᠲᠡᠩᠴᠡᠭᠰᠡᠨ ᠪᠠᠶᠢᠨ᠎ᠠ᠃ |
ᠭᠤᠷᠪᠠ᠂ ᠰᠢᠯᠭᠠᠯᠳᠠ ᠶᠢᠨ ᠠᠭᠤᠯᠭ᠎ᠠ |
ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ |
ᠪᠠᠷᠢᠯᠭ᠎ᠠ ᠪᠠᠷᠢᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ |
ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ |
ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ ᠬᠥᠲᠥᠯᠪᠦᠷᠢ︾ ᠶᠢ |
ᠦᠨᠳᠦᠰᠦᠯᠡᠨ᠂ ᠭᠤᠤᠯ ᠰᠢᠯᠭᠠᠯᠲᠠ ᠶᠢᠨ ᠠᠭᠤᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠢᠮ |
ᠲᠣᠭᠲᠠᠭᠠᠯ ᠤᠨ ᠵᠢᠷᠤᠮᠵᠢᠯ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ᠂ ᠠᠶᠤᠯᠭᠦᠶ ᠦᠢᠯᠡᠳᠪᠦᠷᠢᠯᠡᠯ ᠤᠨ |
ᠮᠡᠷᠭᠡᠵᠢᠯ᠂ ᠶᠡᠷᠦᠩᠬᠡᠶᠢᠯᠡᠭᠰᠡᠨ ᠮᠡᠳᠡᠯᠭᠡ ᠪᠠ ᠴᠢᠳᠠᠪᠤᠷᠢ ᠪᠣᠯᠤᠨ᠎ᠠ᠃ |
ᠳᠥᠷᠪᠡ᠂ ᠠᠩᠬᠠᠷᠬᠤ ᠵᠦᠢᠯ |
︵ᠨᠢᠭᠡ︶ ᠪᠠᠷᠢᠯᠭ᠎ᠠ ᠪᠠᠷᠢᠬᠤ ᠨᠢᠭᠡᠴᠢ ᠨᠡᠷ᠎ᠡ ᠮᠡᠳᠡᠭᠦᠯᠬᠦ ᠳᠤ ᠪᠠᠨ ᠰᠢᠯᠭᠠᠭᠤᠯᠤᠭᠴᠢ ᠶᠢᠨ ᠮᠡᠳᠡᠭᠡ ᠵᠠᠩᠭᠢ ᠶᠢ |
ᠬᠢᠨᠠᠮᠠᠭᠠᠶ ᠬᠠᠷᠭᠤᠭᠤᠯᠵᠤ᠂ ᠡᠷᠬᠡᠪᠰᠢ ᠲᠣᠭᠲᠠᠭᠰᠠᠨ ᠬᠤᠭᠤᠴᠠᠭ᠎ᠠ ᠶᠢᠨ ᠳᠣᠲᠣᠷ᠎ᠠ ᠰᠢᠯᠭᠠᠭᠤᠯᠬᠤ ᠲᠡᠮᠳᠡᠭ ᠢ |
ᠳᠠᠷᠤᠮᠠᠯᠯᠠᠬᠤ ᠶᠢᠨ ᠬᠠᠮᠲᠤ ᠲᠣᠰ ᠨᠢᠭᠡᠴᠢ ᠶᠢᠨ ᠰᠢᠯᠭᠠᠭᠤᠯᠤᠭᠴᠢ ᠳᠤ ᠮᠡᠳᠡᠭᠳᠡᠬᠦ ᠬᠡᠷᠡᠭᠲᠡᠶ᠃ ᠰᠢᠯᠭᠠᠭᠤᠯᠤᠭᠴᠢ |
ᠬᠦᠴᠦᠨ ᠪᠥᠬᠦᠶ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ᠂ ᠰᠢᠯᠭᠠᠭᠤᠯᠬᠤ ᠲᠡᠮᠳᠡᠭ ᠢᠶᠠᠨ ᠠᠪᠴᠤ᠂ |
ᠤᠷᠢᠳᠴᠢᠯᠠᠨ 30 ᠮᠢᠨᠦ᠋ᠲ ᠰᠢᠯᠭᠠᠯᠲᠠ ᠶᠢᠨ ᠭᠠᠵᠠᠷ ᠲᠤ ᠬᠥᠷᠬᠦ ᠬᠡᠷᠡᠭᠲᠡᠶ᠃ |
︵ᠬᠤᠶᠠᠷ︶ ᠰᠢᠯᠭᠠᠯᠲᠠ ᠶᠢᠨ ᠳᠤᠮᠳᠠ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠦᠢᠯᠡ |
ᠠᠵᠢᠯᠯᠠᠭ᠎ᠠ ᠣᠷᠣᠰᠢᠵᠤ ᠪᠠᠶᠢᠭ᠎ᠠ ᠰᠢᠯᠭᠠᠯᠲᠠ ᠶᠢᠨ ᠬᠥᠮᠦᠰ ᠢ ᠪᠠᠶᠢᠴᠠᠭᠠᠨ ᠳᠣᠲᠣᠯᠠᠮᠠᠭᠴᠠ ᠴᠢᠩᠭ᠎ᠠ |
ᠰᠢᠢᠳᠪᠦᠷᠢᠯᠡᠬᠦ ᠶᠢᠨ ᠬᠠᠮᠲᠤ ᠵᠠᠷᠯᠠᠨ ᠨᠡᠶᠢᠲᠡᠯᠡᠨ᠎ᠡ᠃ |
︵ᠭᠤᠷᠪᠠ︶ ᠰᠢᠯᠭᠠᠭᠤᠯᠤᠭᠴᠢ ᠶᠢᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠤ ᠳᠠᠷᠠᠭ᠎ᠠ᠂ |
ᠰᠢᠯᠭᠠᠭᠤᠯᠤᠭᠴᠢ ᠶᠢᠨ ᠤᠷᠢᠭᠳᠠᠭᠰᠠᠨ ᠪᠠᠷᠢᠯᠭ᠎ᠠ ᠪᠠᠷᠢᠬᠤ ᠨᠢᠭᠡᠴᠢ ᠰᠢᠯᠭᠠᠨ ᠬᠢᠨᠠᠬᠤ ᠬᠠᠮᠢᠶᠠᠷᠤᠯᠲᠠ ᠶᠢᠨ |
ᠰᠢᠰᠲ᠋ᠧᠮ ᠢᠶᠠᠷ ᠳᠡᠮᠵᠢᠨ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠭᠤᠶᠤᠴᠢᠯᠠᠯ ᠭᠠᠷᠭᠠᠵᠤ᠂ ︽ᠰᠢᠯᠭᠠᠨ |
ᠬᠢᠨᠠᠬᠤ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠠᠶᠤᠯᠭᠦᠶ |
ᠦᠢᠯᠡᠳᠪᠦᠷᠢᠯᠡᠯ ᠤᠨ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠣᠯᠭᠤᠨ᠎ᠠ᠃ |
︵ᠲᠦᠷᠪᠡ︶ ᠰᠢᠯᠭᠠᠯᠲᠠ ᠨᠢ ᠺᠣᠮᠫᠢᠦ᠋ᠲ᠋ᠧᠷ ᠤᠨ ᠰᠦᠯᠵᠢᠶᠡᠨ ᠳᠡᠭᠡᠷᠡᠬᠢ ᠢᠯᠠ ᠪᠤᠰᠦ ᠰᠢᠯᠭᠠᠯᠳᠠ ᠶᠢᠨ |
ᠬᠡᠯᠪᠡᠷᠢ ᠶᠢ ᠬᠡᠷᠡᠭᠯᠡᠵᠦ᠂ ᠰᠢᠯᠭᠠᠯᠲᠠ ᠶᠢᠨ ᠶᠠᠪᠤᠴᠠ ᠳᠤ ᠬᠡᠷᠪᠡ ᠰᠢᠰᠲ᠋ᠧᠮ ᠤᠨ ᠰᠠᠭᠠᠳ ᠭᠠᠷᠬᠤ᠂ ᠴᠠᠬᠢᠯᠭᠠᠨ |
ᠲᠠᠰᠤᠷᠠᠬᠤ ᠵᠡᠷᠭᠡ ᠬᠤᠷᠢᠭᠯᠠᠭᠳᠠᠰᠢ ᠦᠭᠡᠢ ᠪᠤᠰᠤᠳᠴᠢ ᠬᠦᠴᠦᠨ ᠵᠦᠢᠯ ᠢᠯᠡᠷᠡᠪᠡᠯ ᠠᠵᠢᠯᠲᠠᠨ ᠤ ᠲᠣᠬᠢᠷᠠᠭᠤᠯᠤᠯᠲᠠ |
ᠶᠣᠰᠣᠭᠠᠷ ᠰᠢᠢᠳᠪᠦᠷᠢᠯᠡᠨ᠎ᠡ᠃ |
︵ᠲᠠᠪᠤ︶ ᠰᠢᠯᠭᠠᠯᠲᠠ ᠨᠢ ᠰᠦᠢᠳᠬᠡᠯ ᠬᠤᠷᠢᠶᠠᠬᠤ ᠦᠭᠡᠶ᠂ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠦᠭᠡᠶ᠂ |
ᠶᠠᠮᠠᠷᠪᠠ ᠰᠢᠯᠭᠠᠯᠲᠠ ᠳᠤ ᠬᠡᠷᠡᠭᠯᠡᠬᠦ ᠨᠣᠮ ᠢ ᠵᠢᠭᠠᠨ ᠲᠣᠭᠲᠠᠭᠠᠬᠤ ᠦᠭᠡᠶ᠃ |
ᠲᠠᠪᠤ᠂ ᠬᠠᠷᠢᠯᠴᠠᠬᠤ ᠠᠷᠭ᠎ᠠ ᠮᠠᠶ᠋ᠢᠭ |
ᠬᠠᠷᠢᠯᠴᠠᠬᠤ ᠬᠥᠮᠦᠨ᠄ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ |
ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ᠂ ᠯᠢᠦ ᠰᠢᠶᠤᠤ ᠯᠸᠢ᠂ ᠬᠠᠷᠢᠯᠴᠠᠬᠤ ᠤᠲᠠᠰᠤ᠄ |
0471 - 6551886᠃ |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ |
2025 ᠣᠨ ᠤ 2 ᠳ᠋ᠤᠭᠠᠷ ᠰᠠᠷ᠎ᠠ ᠶᠢᠨ 25 ᠤ ᠡᠳᠦᠷ |
|