ᠣᠶᠢᠷ᠎ᠠ ᠳᠤ᠂ 2024 ᠣᠨ ᠤ ᠳᠥᠷᠪᠡᠳᠦᠭᠡᠷ ᠤᠯᠠᠷᠢᠯ ᠤᠨ ᠠᠶᠤᠯᠲᠠᠶ ᠪᠠᠷᠠᠭ᠎ᠠ ᠶᠢᠨ ᠵᠠᠮ ᠲᠡᠭᠡᠭᠡᠪᠦᠷᠢ ᠶᠢᠨ |
ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠶᠢᠨ ᠶᠠᠮᠤᠨ ᠮᠤᠵᠢ ᠶᠢ ᠰᠦᠯᠵᠢᠶᠡᠵᠢᠭᠦᠯᠦᠨ ᠦᠨᠡᠯᠡᠨ ᠵᠢᠱᠢᠭᠰᠡᠨ ᠦᠷ᠎ᠡ |
ᠳ᠋ᠦᠩ ᠢ ᠨᠡᠶᠢᠲᠡᠯᠡᠪᠡ᠂ ᠮᠠᠨ ᠤ ᠣᠷᠣᠨ ᠤ ᠳᠥᠷᠪᠡᠳᠦᠭᠡᠷ ᠤᠯᠠᠷᠢᠯ ᠤᠨ ᠠᠶᠤᠯᠲᠠᠶ ᠪᠠᠷᠠᠭ᠎ᠠ ᠶᠢᠨ ᠵᠠᠮ ᠲᠡᠭᠡᠭᠡᠪᠦᠷᠢ |
ᠶᠢᠨ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠶᠢᠨ ᠠᠵᠤ ᠠᠬᠤᠶᠢᠯᠠᠯ ᠤᠨ ᠪᠦᠷᠬᠦᠴᠡ ᠶᠢᠨ ᠨᠣᠷᠮ᠎ᠠ᠂ ᠲᠡᠷᠭᠡ |
ᠬᠥᠰᠬᠡ ᠶᠢᠨ ᠪᠦᠷᠬᠦᠴᠡ ᠶᠢᠨ ᠨᠣᠷᠮ᠎ᠠ᠂ ᠲᠡᠭᠡᠭᠡᠪᠦᠷᠢ ᠶᠢᠨ ᠬᠠᠭᠤᠳᠠᠰᠤᠨ ᠤ ᠳᠠᠮᠵᠢᠭᠤᠯᠬᠤ ᠵᠠᠯᠭᠠᠰᠤ ᠶᠢᠨ ᠬᠡᠪ ᠤᠨ |
ᠨᠣᠷᠮ᠎ᠠ ᠨᠢ ᠴᠥᠮ 100% ᠳᠤ ᠬᠦᠷᠴᠦ᠂ ᠲᠡᠭᠡᠭᠡᠪᠦᠷᠢ ᠶᠢᠨ ᠬᠠᠭᠤᠳᠠᠰᠤ ᠶᠢᠨ ᠲᠤᠭ᠎ᠠ ᠪᠠᠷᠢᠮᠲᠠ ᠶᠢᠨ ᠬᠢᠷᠢ |
ᠲᠡᠩᠴᠡᠭᠰᠡᠨ ᠨᠣᠷᠮ᠎ᠠ ᠨᠢ 100% ᠳᠤ ᠬᠦᠷᠴᠦ᠂ ᠡᠯ᠎ᠡ ᠵᠦᠶᠯ ᠤᠨ ᠭᠦᠶᠴᠡᠳᠬᠡᠯ ᠲᠤᠭ᠎ᠠ ᠨᠢ ᠴᠥᠮ ᠪᠥᠬᠦ |
ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ |
ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠨᠢ᠂ |
ᠠᠶᠤᠯᠲᠠᠢ ᠪᠠᠷᠠᠭ᠎ᠠ ᠶᠢᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠲᠡᠷᠭᠡ ᠬᠥᠰᠬᠡ᠂ ᠠᠵᠢᠯᠲᠠᠨ ᠤ ᠠᠮᠤᠷ |
ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠶᠴᠡᠳᠬᠡᠬᠦ ᠶᠢ ᠰᠢᠮᠳᠠᠭᠤᠯᠵᠤ᠂ ᠲᠡᠭᠡᠭᠡᠪᠦᠷᠢ ᠶᠢᠨ |
ᠶᠠᠪᠤᠴᠠ ᠶᠢᠨ ᠠᠮᠤᠷ ᠲᠦᠪᠰᠢᠨ ᠢ ᠴᠢᠩᠭᠠᠳᠬᠠᠬᠤ ᠳᠤ ᠴᠢᠬᠤᠯᠠ ᠦᠶᠯᠡᠳᠦᠯ ᠲᠠᠢ ᠶᠤᠮ᠃ ᠥᠪᠡᠷᠲᠡᠭᠡᠨ ᠵᠠᠰᠠᠬᠤ |
ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠰᠠᠷ᠎ᠠ ᠪᠦᠷᠢ ᠪᠦᠬᠦ ᠣᠷᠣᠨ ᠤ ᠠᠶᠤᠯᠲᠠᠢ ᠪᠠᠷᠠᠭ᠎ᠠ ᠶᠢᠨ |
ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠬᠡᠷᠡᠭᠯᠡᠵᠦ ᠪᠠᠶᠢᠭ᠎ᠠ |
ᠪᠠᠶᠢᠳᠠᠯ ᠢ ᠬᠢᠨᠠᠨ ᠬᠡᠮᠵᠢᠬᠦ ᠶᠢ ᠪᠠᠷᠢᠮᠲᠠᠯᠠᠵᠤ᠂ ᠴᠠᠭ ᠲᠤᠬᠠᠶ ᠳᠤ ᠨᠢ ᠡᠮᠬᠢᠯᠡᠵᠦ ᠢᠯᠡᠷᠡᠭᠦᠯᠦᠭᠰᠡᠨ ᠤᠷᠲᠤ |
ᠬᠤᠭᠤᠴᠠᠭ᠎ᠠ ᠪᠠᠷ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠬᠡᠷᠡᠭᠯᠡᠭᠰᠡᠨ ᠦᠭᠡᠢ ᠠᠶᠤᠯᠲᠠᠢ ᠪᠠᠷᠠᠭ᠎ᠠ ᠶᠢᠨ ᠵᠠᠮ |
ᠲᠡᠭᠡᠭᠡᠪᠦᠷᠢ ᠶᠢᠨ ᠠᠵᠤ ᠠᠬᠤᠢᠯᠠᠯ᠂ ᠲᠡᠷᠭᠡ ᠬᠥᠰᠬᠡ ᠶᠢ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠳᠤ |
ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠢᠨᠠᠯᠲᠠ |
ᠬᠠᠮᠢᠶᠠᠷᠤᠯᠲᠠ ᠶᠢᠨ ᠲᠠᠪᠴᠠᠩ ᠤᠨ ᠨᠡᠪᠲᠡᠷᠡᠬᠦ ᠲᠤᠭ᠎ᠠ ᠪᠠᠷᠢᠮᠲᠠ᠂ ᠠᠶᠠᠯᠠᠭᠰᠠᠨ ᠵᠠᠮ ᠮᠥᠷ ᠪᠠ ᠲᠡᠭᠡᠭᠡᠪᠦᠷᠢ ᠶᠢᠨ |
ᠬᠠᠭᠤᠳᠠᠰᠤ ᠶᠢᠨ ᠲᠤᠭ᠎ᠠ ᠪᠠᠷᠢᠮᠲᠠ ᠶᠢ ᠰᠣᠯᠪᠢᠴᠠᠭᠤᠯᠤᠨ ᠬᠠᠷᠢᠴᠠᠭᠤᠯᠬᠤ ᠶᠢ ᠠᠰᠢᠭᠯᠠᠨ᠂ ᠰᠦᠪᠡᠭᠴᠢ ᠶᠢ |
ᠣᠨᠣᠪᠴᠢᠲᠠᠢ ᠪᠣᠯᠭᠠᠬᠤ ᠶᠢ ᠪᠡᠶᠡᠯᠡᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ |
ᠤᠨ ᠠᠵᠤ ᠠᠬᠤᠶᠢᠯᠠᠯ ᠪᠠ ᠲᠡᠷᠭᠡ ᠳᠠᠷᠠᠭᠠᠯᠠᠨ ᠬᠢᠨᠠᠨ ᠬᠠᠷᠭᠤᠭᠤᠯᠬᠤ ᠳᠤ ᠳᠥᠭᠦᠮ ᠦᠵᠡᠭᠦᠯᠦᠨ᠂ ᠲᠡᠭᠡᠭᠡᠪᠦᠷᠢ ᠶᠢᠨ |
ᠲᠤᠬᠠᠶᠢᠯᠠᠭᠰᠠᠨ ᠠᠵᠢᠯ ᠢ ᠤᠷᠲᠤ ᠬᠤᠭᠤᠴᠠᠭ᠎ᠠ ᠪᠠᠷ ᠥᠷᠨᠢᠭᠦᠯᠦᠭᠰᠡᠨ ᠦᠭᠡᠢ ᠲᠡᠷᠭᠡ ᠬᠥᠰᠬᠡ ᠶᠢ ᠲᠡᠭᠡᠭᠡᠪᠦᠷᠢᠯᠡᠬᠦ |
ᠶᠢ ᠵᠣᠭᠰᠣᠭᠠᠬᠤ ᠪᠠᠷ ᠳᠠᠩᠰᠠᠯᠠᠭᠤᠯᠵᠤ᠂ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠶᠢᠨ ᠪᠦᠷᠬᠦᠴᠡ ᠶᠢ |
ᠲᠣᠭᠲᠠᠭᠤᠨ ᠢᠶᠠᠷ ᠳᠡᠭᠡᠭᠰᠢᠯᠡᠭᠦᠯᠪᠡ᠃ |
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ︽ᠲᠡᠭᠡᠭᠡᠪᠦᠷᠢ ᠶᠢᠨ |
ᠬᠠᠭᠤᠳᠠᠰᠤ ᠲᠠᠢ ᠠᠶᠠᠯᠠᠭᠰᠠᠨ ᠵᠠᠮ ᠮᠥᠷ ᠥᠬᠡᠶ︾᠂ ︽ᠠᠶᠠᠯᠠᠭᠰᠠᠨ ᠵᠠᠮ ᠮᠥᠷ ᠲᠠᠢ ᠲᠡᠭᠡᠭᠡᠪᠦᠷᠢ ᠶᠢᠨ |
ᠬᠠᠭᠤᠳᠠᠰᠤ ᠥᠬᠡᠶ︾ ᠪᠠᠶᠢᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ |
ᠴᠢᠩᠭᠠᠷᠠᠭᠤᠯᠵᠤ᠂ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠶᠢᠨ ᠠᠵᠤ ᠠᠬᠤᠶᠢᠯᠠᠯ᠂ ᠲᠡᠷᠭᠡ ᠬᠥᠰᠬᠡ ᠶᠢᠨ |
ᠪᠦᠷᠬᠦᠴᠡ ᠶᠢᠨ ᠨᠣᠷᠮ᠎ᠠ ᠵᠡᠷᠭᠡ ᠲᠤᠭ᠎ᠠ ᠪᠠᠷᠢᠮᠲᠠ ᠶᠢ ᠦᠷᠭᠦᠯᠵᠢᠯᠡᠨ ᠬᠢᠨᠠᠨ ᠬᠡᠮᠵᠢᠵᠦ ᠮᠡᠳᠡᠭᠳᠡᠵᠦ᠂ ᠠᠶᠤᠯᠲᠠᠢ |
ᠪᠠᠷᠠᠭ᠎ᠠ ᠶᠢᠨ ᠵᠠᠮ ᠲᠡᠭᠡᠭᠡᠪᠦᠷᠢ ᠶᠢᠨ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ ᠶᠢᠨ ᠠᠵᠤ ᠠᠬᠤᠶᠢᠯᠠᠯ᠂ ᠲᠡᠷᠭᠡ |
ᠬᠥᠰᠬᠡ ᠶᠢ ᠪᠦᠷᠢᠨ ᠪᠦᠷᠬᠦᠭᠦᠯᠬᠦ ᠪᠠᠷ ᠴᠢᠷᠮᠠᠶᠢᠨ᠎ᠠ᠃ |
|
ᠡᠬᠡ ᠪᠢᠴᠢᠭ᠄ ᠲᠢᠩᠬᠢᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠭᠠᠵᠠᠷ |