︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠲᠠᠪᠢᠨ |
ᠬᠤᠶᠠᠳᠤᠭᠠᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠵᠠᠰᠠᠮᠠᠯ ᠵᠠᠮ ᠤᠨ ᠳᠠᠭᠠᠯᠲᠠ |
ᠲᠥᠬᠦᠭᠡᠷᠦᠮᠵᠢ ᠶᠢ ᠡᠪᠳᠡᠨ ᠰᠦᠢᠳᠬᠡᠵᠦ᠂ ᠳᠤᠷ᠎ᠠ ᠪᠠᠷ ᠢᠶᠠᠨ ᠰᠢᠯᠵᠢᠭᠦᠯᠵᠦ᠂ ᠪᠠᠯᠠᠯᠤᠨ ᠥᠭᠡᠷᠡᠴᠢᠯᠡᠵᠦ ᠪᠣᠯᠬᠤ |
ᠦᠭᠡᠶ᠃ |
ᠳᠡᠭᠡᠷ᠎ᠡ ᠳᠤᠷᠠᠳᠤᠭᠰᠠᠨ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠭᠡᠳᠡᠭ ᠨᠢ ᠵᠠᠰᠠᠮᠠᠯ ᠵᠠᠮ ᠢ ᠬᠠᠮᠠᠭᠠᠯᠠᠬᠤ᠂ |
ᠠᠷᠠᠴᠢᠯᠠᠨ ᠬᠠᠮᠠᠭᠠᠯᠠᠬᠤ ᠪᠠ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠳᠤ |
ᠪᠠᠶᠢᠭᠤᠯᠤᠭᠰᠠᠨ ᠵᠠᠰᠠᠮᠠᠯ ᠵᠠᠮ ᠤᠨ ᠰᠡᠷᠭᠡᠶᠢᠯᠡᠨ ᠬᠠᠮᠠᠭᠠᠯᠠᠬᠤ᠂ ᠤᠰᠤ ᠲᠠᠲᠠᠷᠠᠭᠤᠯᠬᠤ᠂ ᠠᠷᠠᠴᠢᠯᠠᠨ ᠬᠠᠮᠠᠭᠠᠯᠠᠬᠤ᠂ |
ᠬᠠᠮᠢᠶᠠᠷᠬᠤ᠂ ᠦᠢᠯᠡᠴᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠲᠤᠯᠠᠨ ᠲᠡᠭᠡᠭᠡᠪᠦᠷᠢᠯᠡᠬᠦ᠂ ᠬᠢᠨᠠᠨ |
ᠡᠵᠡᠮᠳᠡᠬᠦ᠂ ᠴᠢᠮᠡᠭᠡ ᠨᠡᠪᠲᠡᠷᠡᠯᠭᠡ᠂ ᠰᠦᠢᠳᠬᠡᠯ ᠬᠤᠷᠢᠶᠠᠬᠤ ᠵᠡᠷᠭᠡ ᠲᠥᠬᠦᠭᠡᠷᠦᠮᠵᠢ᠂ ᠪᠡᠯᠡᠳᠬᠡᠮᠵᠢ ᠵᠢᠴᠢ ᠲᠤᠰᠬᠠᠶ |
ᠬᠡᠷᠡᠭᠯᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠢ ᠵᠢᠭᠠᠵᠤ ᠪᠤᠶ᠃ |
ᠳᠠᠯᠠᠨ ᠵᠢᠷᠭᠤᠳᠤᠭᠠᠷ ᠵᠦᠢᠯ ᠤᠨ ︵ᠵᠢᠷᠭᠤᠭ᠎ᠠ︶ ᠳ᠋ᠤᠭᠠᠷ ᠲᠤ ᠳᠣᠤᠷᠠᠬᠢ ᠮᠡᠲᠦ ᠬᠠᠤᠯᠢ ᠠᠴᠠ ᠵᠥᠷᠢᠴᠡᠭᠰᠡᠨ |
ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ |
ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠤᠷᠪᠠᠨ ᠲᠦᠮᠡᠨ |
ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠄ ︵ᠵᠢᠷᠭᠤᠭ᠎ᠠ︶ ᠲᠤᠰ ᠬᠠᠤᠯᠢ ᠶᠢᠨ ᠲᠠᠪᠢᠨ |
ᠬᠤᠶᠠᠳᠤᠭᠠᠷ ᠵᠦᠢᠯ᠂ ᠲᠠᠪᠢᠨ ᠵᠢᠷᠭᠤᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠵᠦ᠂ ᠵᠠᠰᠠᠮᠠᠯ ᠵᠠᠮ ᠤᠨ |
ᠳᠠᠭᠠᠯᠲᠠ ᠲᠥᠬᠦᠭᠡᠷᠦᠮᠵᠢ ᠶᠢ ᠡᠪᠳᠡᠨ ᠰᠦᠢᠳᠬᠡᠵᠦ᠂ ᠰᠢᠯᠵᠢᠭᠦᠯᠵᠦ᠂ ᠪᠠᠯᠠᠯᠤᠨ ᠥᠭᠡᠷᠡᠴᠢᠯᠡᠭᠰᠡᠨ ᠪᠤᠶᠤ |
ᠪᠠᠷᠢᠯᠭ᠎ᠠ ᠶᠢᠨ ᠡᠵᠡᠮᠰᠢᠯ ᠤᠨ ᠣᠷᠣᠨ ᠤ ᠲᠡᠮᠳᠡᠭ ᠪᠠᠭᠠᠨ᠎ᠠ᠂ ᠵᠠᠭᠠᠭ ᠤᠨ ᠪᠠᠭᠠᠨ᠎ᠠ ᠢ ᠡᠪᠳᠡᠨ ᠰᠦᠢᠳᠬᠡᠵᠦ᠂ |
ᠨᠡᠭᠦᠯᠭᠡᠵᠦ᠂ ᠵᠠᠰᠠᠮᠠᠯ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠵᠤ ᠮᠡᠳᠡᠬᠦ᠃ |
︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠤᠨ ᠬᠤᠷᠢᠨ ᠲᠠᠪᠤᠳᠤᠭᠠᠷ ᠵᠦᠢᠯ ᠵᠠᠰᠠᠮᠠᠯ |
ᠵᠠᠮ ᠤᠨ ᠳᠠᠭᠠᠯᠲᠠ ᠲᠥᠬᠦᠭᠡᠷᠦᠮᠵᠢ ᠶᠢ ᠡᠪᠳᠡᠨ ᠰᠦᠢᠳᠭᠡᠬᠦ᠂ ᠳᠤᠷ᠎ᠠ ᠪᠠᠷ ᠢᠶᠠᠨ ᠰᠢᠯᠵᠢᠭᠦᠯᠬᠦ᠂ ᠪᠠᠯᠠᠯᠤᠨ |
ᠥᠭᠡᠷᠡᠴᠢᠯᠡᠬᠦ᠂ ᠬᠠᠯᠬᠠᠯᠠᠬᠤ ᠪᠤᠶᠤ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠶᠢ ᠠᠰᠢᠭᠯᠠᠨ ᠬᠤᠭᠤᠯᠠᠶ ᠲᠠᠯᠪᠢᠬᠤ᠂ |
ᠡᠳ᠋ ᠪᠣᠳᠠᠰ ᠡᠯᠭᠦᠬᠦ ᠶᠢ ᠴᠠᠭᠠᠵᠠᠯᠠᠨ᠎ᠠ᠃ |
ᠵᠢᠷᠠᠳᠤᠭᠠᠷ ᠵᠦᠢᠯ ᠤᠨ ︵ᠵᠢᠷᠭᠤᠭ᠎ᠠ︶ ᠳ᠋ᠤᠭᠠᠷ ᠲᠤ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ |
ᠳᠣᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ |
ᠵᠠᠷᠯᠢᠭᠳᠠᠨ ᠵᠠᠯᠠᠷᠠᠭᠤᠯᠤᠭᠤᠯᠵᠤ᠂ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠄ |
︵ᠨᠢᠭᠡ︶ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠶᠢ ᠡᠪᠳᠡᠨ ᠰᠦᠢᠳᠬᠡᠵᠦ᠂ ᠰᠢᠯᠵᠢᠭᠦᠯᠵᠦ᠂ ᠪᠠᠯᠠᠯᠤᠨ |
ᠥᠭᠡᠷᠡᠴᠢᠯᠡᠵᠦ᠂ ᠬᠠᠯᠬᠠᠯᠠᠭᠰᠠᠨ ᠪᠤᠶᠤ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠶᠢ ᠠᠰᠢᠭᠯᠠᠨ ᠬᠤᠭᠤᠯᠠᠶ |
ᠲᠠᠯᠪᠢᠨ᠂ ᠡᠳ᠋ ᠪᠣᠳᠠᠰ ᠡᠯᠭᠦᠵᠦ᠂ ᠵᠠᠰᠠᠮᠠᠯ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠵᠤ |
ᠮᠡᠳᠡᠬᠦ᠃ |