ᠨᠢᠭᠡ᠂ ᠲᠣᠭᠲᠠᠭᠠᠭᠰᠠᠨ ᠠᠬᠤᠶ ᠪᠠᠶᠢᠳᠠᠯ |
ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠮᠤᠷ ᠲᠦᠪᠰᠢᠨ ᠤ ᠲᠦᠭᠰᠢᠭᠦᠷᠢ ᠶᠢᠨ ᠡᠬᠢ ᠡᠭᠦᠰᠦᠯ ᠠᠴᠠ ᠨᠢ |
ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠦᠢᠯᠡᠰ ᠤᠨ |
ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠡᠵᠡᠩᠨᠡᠭᠴᠢ ᠶᠢ ᠡᠮᠬᠢ ᠵᠢᠷᠤᠮ ᠲᠠᠢ ᠪᠠᠷ |
ᠬᠥᠲᠥᠯᠥᠨ ᠵᠢᠯᠣᠭᠤᠳᠴᠤ ᠪᠠᠶᠢᠭᠠᠳ ᠬᠤᠯᠠ ᠵᠠᠶ ᠶᠢᠨ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ |
ᠱᠤᠭᠤᠮ ᠤᠨ ᠵᠠᠬ᠎ᠠ ᠳᠡᠯᠭᠡᠭᠦᠷ ᠠᠴᠠ ᠭᠠᠷᠭᠠᠵᠤ᠂ ᠲᠦᠭᠰᠢᠭᠦᠷᠢ ᠶᠢ ᠰᠡᠷᠭᠡᠶᠢᠯᠡᠬᠦ᠂ ᠯᠠᠪᠳᠠᠭᠤᠨ ᠪᠥᠭᠡᠳ ᠡᠮᠬᠢ |
ᠵᠢᠷᠤᠮ ᠲᠠᠢ ᠪᠠᠶᠢᠯᠭᠠᠬᠤ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠬᠠᠳᠠᠭᠠᠯᠠᠯᠲᠠ ᠶᠢᠨ ᠬᠡᠮᠵᠢᠶ᠎ᠡ ᠶᠢ |
ᠰᠢᠯᠢᠳᠡᠭᠵᠢᠭᠦᠯᠬᠦ ᠵᠠᠷᠴᠢᠮ ᠶᠣᠰᠣᠭᠠᠷ᠂ 800 ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ |
ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠬᠢᠨᠠᠯᠲᠠ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃ |
2020 ᠣᠨ ᠤ 7 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ |
︽ᠵᠠᠮ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ |
ᠬᠠᠮᠢᠶᠠᠷᠤᠯᠲᠠ ᠶᠢᠨ ᠲᠣᠭᠲᠠᠭᠠᠯ︾ ᠳᠤ᠄ ︽ᠲᠡᠭᠡᠭᠡᠪᠦᠷᠢ ᠶᠢᠨ ᠵᠠᠮ ᠱᠤᠭᠤᠮ ᠢ ᠬᠢᠨᠠᠨ ᠪᠠᠶᠢᠴᠠᠭᠠᠬᠤ ᠳᠤ ᠣᠷᠳᠣ ᠨᠢ |
800 ᠺᠢᠯᠣᠮᠧᠲᠷ ᠠᠴᠠ ᠳᠡᠭᠡᠭᠰᠢᠬᠢ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠢ ᠭᠤᠶᠤᠴᠢᠯᠠᠬᠤ |
ᠦᠶ᠎ᠡ ᠳᠤ ᠪᠠᠰᠠ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠬᠡᠷᠡᠭᠲᠡᠶ︾ ᠭᠡᠵᠦ ᠲᠣᠳᠣᠷᠬᠠᠶ ᠳᠤᠷᠠᠳᠤᠨ |
ᠭᠠᠷᠭᠠᠪᠠ᠃ 2021 ᠣᠨ ᠤ 12 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ |
ᠲᠢᠩᠬᠢᠮ ︽ᠮᠤᠵᠢ ᠶᠢᠨ ᠬᠤᠭᠤᠷᠣᠨᠳᠣᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ |
ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ |
︵ᠵᠠᠮ ᠲᠡᠭᠡᠭᠡᠪᠦᠷᠢ ﹇2021﹈ 85 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠭᠦᠨ ᠳᠤ |
ᠳᠠᠭᠠᠯᠳᠤᠭᠤᠯᠤᠯ ︽800 ᠺᠢᠯᠣᠮᠧᠲᠷ ᠠᠴᠠ ᠳᠡᠭᠡᠭᠰᠢᠬᠢ ᠮᠤᠵᠢ ᠶᠢᠨ ᠬᠤᠭᠤᠷᠣᠨᠳᠣᠬᠢ ᠵᠠᠮ ᠤᠨ ᠠᠶᠠᠨᠴᠢᠳ ᠤᠨ |
ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠵᠦᠭᠯᠡᠭᠦᠷ︾ |
ᠳᠤ ᠦᠨᠳᠦᠰᠦᠯᠡᠯ ᠪᠠ ᠬᠡᠷᠡᠭᠯᠡᠬᠦ ᠬᠡᠪᠴᠢᠶ᠎ᠡ᠂ ᠲᠦᠭᠰᠢᠭᠦᠷᠢ ᠶᠢ ᠦᠨᠡᠯᠡᠨ ᠵᠢᠱᠢᠬᠦ ᠭᠤᠤᠯᠳᠠᠯᠭ᠎ᠠ᠂ ᠲᠦᠭᠰᠢᠭᠦᠷᠢ ᠶᠢᠨ |
ᠲᠠᠰ ᠢ ᠮᠠᠭᠠᠳᠯᠠᠨ ᠲᠣᠭᠲᠠᠭᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ |
ᠬᠤᠶᠠᠷ᠂ ᠲᠣᠭᠲᠠᠭᠠᠭᠰᠠᠨ ᠦᠨᠳᠦᠰᠦᠯᠡᠯ |
︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾᠂ |
︽ᠵᠠᠮ ᠤᠨ ᠠᠶᠠᠨᠴᠢᠳ ᠤᠨ ᠵᠥᠭᠡᠭᠡᠪᠦᠷᠢ ᠵᠢᠴᠢ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢᠨ |
ᠬᠠᠮᠢᠶᠠᠷᠤᠯᠲᠠ ᠶᠢᠨ ᠲᠣᠭᠲᠠᠭᠠᠯ︾᠂ ︽ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠠᠵᠤ ᠠᠬᠤᠶᠢᠯᠠᠯ ᠤᠨ ᠠᠮᠤᠷ |
ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾᠂ ︽ᠠᠶᠦᠯᠭᠦᠢ ᠦᠶᠯᠡᠳᠪᠦᠷᠢᠯᠡᠯ ᠤᠨ ᠬᠦᠨᠳᠦ ᠶᠡᠭᠡ ᠲᠦᠭᠰᠢᠭᠦᠷᠢ |
ᠶᠢ ᠰᠡᠷᠭᠡᠶᠢᠯᠡᠨ ᠠᠷᠢᠯᠭᠠᠬᠤ ᠠᠵᠢᠯ ᠢ ᠭᠦᠨᠵᠡᠭᠡᠶᠢᠷᠡᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ |
ᠰᠠᠨᠠᠯ︾᠂ ︽ᠮᠤᠵᠢ ᠶᠢᠨ ᠬᠤᠭᠤᠷᠣᠨᠳᠣᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ |
ᠬᠠᠮᠢᠶᠠᠷᠤᠯᠲᠠ ᠶᠢᠨ ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠮ ᠬᠠᠷᠢᠯᠴᠠᠭ᠎ᠠ |
ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠂ ︽︿ᠵᠠᠮ ᠲᠡᠭᠡᠭᠡᠪᠦᠷᠢ ᠶᠢᠨ ᠠᠵᠤ ᠠᠬᠤᠶᠢᠯᠠᠯ |
ᠪᠣᠯᠤᠨ ᠬᠤᠲᠠ ᠶᠢᠨ ᠠᠶᠠᠨᠴᠢᠳ ᠤᠨ ᠵᠥᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠶᠯᠡᠳᠪᠦᠷᠢᠯᠡᠯ ᠤᠨ |
ᠬᠦᠨᠳᠦ ᠶᠡᠭᠡ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ ᠶᠢ |
ᠳᠠᠷᠤᠮᠠᠯᠯᠠᠨ ᠶᠠᠪᠤᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ |
ᠵᠡᠷᠭᠡ ᠲᠣᠭᠲᠠᠭᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 800 |
ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ |
ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ |
︽ᠬᠡᠷᠡᠭᠵᠢᠭᠦᠯᠬᠦ ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠪᠠ᠃ |
ᠭᠤᠷᠪᠠ᠂ ᠭᠤᠣᠯ ᠠᠭᠤᠯᠭ᠎ᠠ |
︽ᠬᠡᠷᠡᠭᠵᠢᠭᠦᠯᠬᠦ ᠨᠠᠷᠢᠨ ᠳᠦᠷᠢᠮ︾ ᠤᠨ ᠠᠭᠤᠯᠭ᠎ᠠ ᠨᠢ ᠨᠡᠶᠢᠲᠡ ᠭᠤᠷᠪᠠᠨ ᠪᠦᠯᠦᠭ ᠠᠷᠪᠠᠨ ᠬᠤᠶᠠᠷ ᠵᠦᠢᠯ |
ᠬᠤᠪᠢᠶᠠᠨ᠎ᠠ᠃ |
︵ᠨᠢᠭᠡ︶ ᠨᠢᠭᠡᠳᠦᠭᠡᠷ ᠪᠦᠯᠦᠭ ᠶᠡᠷᠦᠩᠬᠡᠢ ᠳᠦᠷᠢᠮ᠃ ᠡᠭᠦᠨ ᠳᠤ ᠭᠤᠣᠯᠳᠠᠭᠤ ᠠᠵᠢᠯ ᠤᠨ ᠵᠠᠷᠴᠢᠮ ᠵᠢᠴᠢ |
ᠬᠡᠷᠡᠭᠵᠢᠭᠦᠯᠬᠦ ᠭᠤᠣᠯ ᠴᠣᠭᠴᠠ ᠪᠠᠭᠲᠠᠨ᠎ᠠ᠃ ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠢᠴᠢ |
ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠢ ᠵᠢᠷᠤᠮᠯᠠᠨ᠂ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ |
ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ 800 |
ᠺᠢᠯᠣᠮᠧᠲᠷ ᠠᠴᠠ ᠳᠡᠭᠡᠭᠰᠢᠬᠢ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ |
ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ |
︵ᠬᠤᠶᠠᠷ︶ ᠬᠤᠶᠠᠳᠤᠭᠠᠷ ᠪᠦᠯᠦᠭ ᠦᠨᠡᠯᠡᠨ ᠵᠢᠱᠢᠬᠦ ᠱᠠᠭᠠᠷᠳᠠᠯᠭ᠎ᠠ ᠪᠠ ᠠᠭᠤᠯᠭ᠎ᠠ ᠃ |
1. ᠦᠨᠡᠯᠡᠨ ᠵᠢᠱᠢᠬᠦ ᠠᠵᠢᠯ ᠤᠨ ᠵᠠᠷᠴᠢᠮ ᠪᠠ ᠬᠤᠪᠢ ᠲᠣᠭᠲᠠᠭᠠᠬᠤ ᠭᠦᠢᠴᠡᠳᠬᠡᠯ ᠲᠤᠭ᠎ᠠ᠃ ᠦᠨᠡᠯᠡᠨ ᠵᠢᠱᠢᠬᠦ |
ᠠᠵᠢᠯ ᠨᠢ ᠴᠢᠩᠭ᠎ᠠ ᠨᠢᠮᠪᠠᠶ ᠪᠠᠶᠢᠬᠤ᠂ ᠬᠡᠮᠵᠢᠶᠡᠵᠢᠭᠦᠯᠬᠦ ᠪᠠᠷᠢᠮᠵᠢᠶ᠎ᠠ᠂ ᠶᠡᠷᠦᠩᠬᠡᠶᠢᠯᠡᠭᠰᠡᠨ ᠦᠨᠡᠯᠡᠨ ᠵᠢᠱᠢᠬᠦ ᠵᠠᠷᠴᠢᠮ ᠢ |
ᠪᠠᠷᠢᠮᠲᠠᠯᠠᠬᠤ ᠬᠡᠷᠡᠭᠲᠡᠶ᠃ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠵᠠᠮ ᠱᠤᠭᠤᠮ᠂ ᠲᠡᠷᠭᠡ ᠬᠥᠰᠬᠡ᠂ ᠠᠵᠢᠯ |
ᠡᠷᠬᠢᠯᠡᠭᠰᠡᠳ᠂ ᠬᠠᠮᠢᠶᠠᠷᠤᠯᠲᠠ ᠶᠢᠨ ᠲᠦᠷᠢᠮ᠂ ᠡᠵᠡᠩᠨᠡᠯᠲᠡ ᠶᠢᠨ ᠣᠳᠣᠬᠢ ᠪᠠᠶᠢᠳᠠᠯ ᠵᠡᠷᠭᠡ 5 ᠶᠡᠭᠡ ᠲᠥᠷᠥᠯ 17 |
ᠬᠤᠪᠢ ᠬᠤᠪᠢᠶᠠᠵᠤ᠂ ᠪᠦᠷᠢᠨ ᠬᠤᠪᠢ ᠨᠢ 100 ᠬᠤᠪᠢ ᠪᠣᠯᠤᠨ᠎ᠠ᠃ |
2. ᠦᠨᠡᠯᠡᠨ ᠵᠢᠱᠢᠭᠰᠡᠨ ᠦᠷ᠎ᠡ ᠳ᠋ᠦᠩ ᠪᠣᠯᠤᠨ ᠬᠤᠪᠢᠶᠠᠷᠢᠯᠠᠬᠤ ᠪᠠᠷᠢᠮᠵᠢᠶ᠎ᠠ᠃ ᠠᠮᠤᠷ ᠲᠦᠪᠰᠢᠨ ᠤ |
ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠡᠯ᠎ᠡ ᠭᠦᠢᠴᠡᠳᠬᠡᠯ ᠲᠤᠭ᠎ᠠ ᠶᠢᠨ ᠬᠤᠪᠢ ᠣᠯᠤᠭᠰᠠᠨ ᠪᠠᠶᠢᠳᠠᠯ |
ᠶᠣᠰᠣᠭᠠᠷ᠂ ᠡᠩ ᠤᠨ ᠲᠦᠭᠰᠢᠭᠦᠷᠢ᠂ ᠳᠤᠮᠳᠠ ᠲᠦᠭᠰᠢᠭᠦᠷᠢ᠂ ᠥᠨᠳᠥᠷ ᠲᠦᠭᠰᠢᠭᠦᠷᠢ ᠭᠡᠵᠦ ᠭᠤᠷᠪᠠᠨ ᠳᠡᠰ |
ᠬᠤᠪᠢᠶᠠᠨ᠎ᠠ᠃ |
3. ᠭᠤᠶᠤᠴᠢᠯᠠᠬᠤ ᠪᠤᠶᠤ ᠦᠷᠭᠦᠯᠵᠢᠯᠡᠨ ᠡᠵᠡᠩᠨᠡᠬᠦ ᠪᠠᠷ ᠪᠠᠶᠢᠭ᠎ᠠ ᠡᠭᠡᠯᠵᠢ ᠶᠢᠨ ᠱᠤᠭᠤᠮ ᠤᠨ ᠦᠷ᠎ᠡ |
ᠳ᠋ᠦᠩ ᠤᠨ ᠬᠡᠷᠡᠭᠯᠡᠯᠲᠡ᠃ ᠦᠨᠡᠯᠡᠨ ᠵᠢᠱᠢᠭᠰᠡᠨ ᠦᠷ᠎ᠡ ᠳ᠋ᠦᠩ ᠨᠢ ᠡᠩ ᠤᠨ ᠲᠥᠭᠰᠢᠭᠦᠷᠢ ᠪᠠᠶᠢᠪᠠᠯ ᠵᠠᠰᠠᠭ |
ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠬᠤ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠨ᠎ᠡ︔ ᠦᠨᠡᠯᠡᠨ |
ᠵᠢᠱᠢᠭᠰᠡᠨ ᠦᠷ᠎ᠡ ᠳ᠋ᠦᠩ ᠨᠢ ᠳᠤᠮᠳᠠ᠂ ᠥᠨᠳᠥᠷ ᠲᠦᠭᠰᠢᠭᠦᠷᠢ ᠪᠠᠶᠢᠪᠠᠯ᠂ ᠴᠡᠭᠴᠡᠯᠡᠨ ᠰᠠᠶᠢᠵᠢᠷᠠᠭᠤᠯᠵᠤ ᠰᠢᠯᠭᠠᠨ |
ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠳᠠᠬᠢᠨᠲᠠ ᠦᠨᠡᠯᠡᠨ ᠵᠢᠱᠢᠵᠦ᠂ ᠬᠠᠤᠯᠢ ᠪᠠᠷ ᠲᠣᠭᠲᠠᠭᠠᠭᠰᠠᠨ |
ᠵᠥᠪᠰᠢᠶᠡᠷᠡᠯ ᠤᠨ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ᠂ ᠬᠠᠤᠯᠢ ᠶᠣᠰᠣᠭᠠᠷ ᠵᠥᠪᠰᠢᠶᠡᠷᠡᠬᠦ ᠥᠬᠡᠶ᠃ |
4. ᠡᠵᠡᠩᠨᠡᠵᠦ ᠪᠠᠶᠢᠭ᠎ᠠ ᠡᠭᠡᠯᠵᠢ ᠶᠢᠨ ᠱᠤᠭᠤᠮ ᠳᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ |
ᠠᠵᠢᠯ ᠥᠷᠨᠢᠭᠦᠯᠦᠭᠰᠡᠨ ᠦᠭᠡᠢ ᠪᠠᠶᠢᠪᠠᠯ᠂ ᠬᠠᠷᠢᠶ᠎ᠠ ᠭᠠᠵᠠᠷ ᠤᠨ ᠠᠶᠢᠮᠠᠭ ᠬᠤᠲᠠ ᠶᠢᠨ ᠱᠠᠲᠤᠨ ᠤ ᠵᠠᠮ ᠬᠠᠷᠢᠯᠴᠠᠭ᠎ᠠ |
ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠳ ︽ᠬᠡᠷᠡᠭᠵᠢᠭᠦᠯᠬᠦ ᠨᠠᠷᠢᠨ ᠲᠦᠷᠢᠮ︾ ᠤᠨ |
ᠶᠣᠰᠣᠭᠠᠷ ᠲᠦᠭᠰᠢᠭᠦᠷᠢ ᠶᠢ ᠦᠨᠡᠯᠡᠨ ᠵᠢᠱᠢᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠦᠨᠡᠯᠡᠨ ᠵᠢᠱᠢᠬᠦ |
ᠠᠵᠢᠯ ᠢ ᠥᠷᠨᠢᠭᠦᠯᠦᠭᠰᠡᠨ ᠦᠷ᠎ᠡ ᠳ᠋ᠦᠩ ᠨᠢ ᠡᠩ ᠤᠨ ᠲᠦᠭᠰᠢᠭᠦᠷᠢ ᠪᠠᠶᠢᠪᠠᠯ᠂ ᠦᠷᠭᠦᠯᠵᠢᠯᠡᠨ ᠡᠵᠡᠩᠨᠡᠨ᠎ᠡ︔ |
ᠦᠨᠡᠯᠡᠨ ᠵᠢᠱᠢᠭᠰᠡᠨ ᠦᠷ᠎ᠡ ᠳ᠋ᠦᠩ ᠨᠢ ᠳᠤᠮᠳᠠ᠂ ᠥᠨᠳᠥᠷ ᠲᠦᠭᠰᠢᠭᠦᠷᠢ ᠪᠠᠶᠢᠪᠠᠯ᠂ ᠱᠠᠭᠠᠷᠳᠠᠯᠭ᠎ᠠ ᠶᠣᠰᠣᠭᠠᠷ |
ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠦᠨ᠎ᠡ᠃ |
5. ᠠᠮᠤᠷ ᠲᠥᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠳᠠᠬᠢᠨ ᠥᠷᠨᠢᠭᠦᠯᠬᠦ ᠴᠢᠬᠤᠯᠠᠲᠠᠢ ᠪᠠᠶᠢᠳᠠᠯ᠃ |
ᠵᠠᠮ ᠱᠤᠭᠤᠮ᠂ ᠲᠡᠷᠭᠡ ᠬᠥᠰᠬᠡ ᠵᠡᠷᠭᠡ ᠠᠶᠠᠨᠴᠢᠳ ᠤᠨ ᠵᠥᠭᠡᠭᠡᠪᠦᠷᠢ ᠶᠢᠨ ᠠᠮᠤᠷ ᠲᠦᠪᠰᠢᠨ ᠤ ᠲᠦᠭᠰᠢᠭᠦᠷᠢ ᠶᠢ |
ᠦᠨᠡᠯᠡᠨ ᠵᠢᠱᠢᠬᠦ ᠵᠦᠢᠯ ᠳᠤ ᠬᠤᠪᠢᠷᠠᠯᠲᠠ ᠭᠠᠷᠤᠭᠰᠠᠨ᠂ ᠡᠵᠡᠩᠨᠡᠯᠲᠡ ᠶᠢᠨ ᠬᠤᠭᠤᠴᠠᠭᠠᠨ ᠳᠤ ᠬᠥᠮᠦᠨ ᠨᠢ |
ᠦᠬᠦᠭᠰᠡᠨ ᠪᠤᠶᠤ ᠡᠩ ᠤᠨ ᠵᠢᠴᠢ ᠲᠡᠭᠦᠨ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ |
ᠠᠳᠡᠯ ᠭᠠᠷᠤᠭᠰᠠᠨ ᠪᠠᠶᠢᠪᠠᠯ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠳᠠᠬᠢᠨ ᠥᠷᠨᠢᠭᠦᠯᠬᠦ |
ᠬᠡᠷᠡᠭᠲᠡᠶ᠃ |
︵ᠭᠤᠷᠪᠠ︶ ᠭᠤᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ᠃ |
|