ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ︽ᠥᠪᠡᠷ ᠢᠶᠠᠨ ᠰᠤᠷᠴᠤ ᠰᠢᠭᠤᠳ ᠰᠢᠯᠭᠠᠭᠤᠯᠬᠤ︾ ᠶᠢ |
ᠬᠡᠷᠡᠭᠵᠢᠭᠦᠯᠦᠭᠰᠡᠨ ᠠᠴᠠ ᠨᠠᠭᠠᠰᠢ᠂ ᠪᠠᠶᠠᠨᠨᠠᠭᠤᠷ ᠬᠤᠲᠠ ᠶᠢᠨ ᠵᠠᠮ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ |
ᠲᠥᠪ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠵᠢᠯᠣᠭᠤᠳᠬᠤ ᠦᠵᠡᠯ ᠰᠠᠨᠠᠭ᠎ᠠ ᠪᠠᠷ᠂ |
︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢᠨ ᠬᠢᠷᠢ ᠲᠦᠪᠰᠢᠨ ᠢ ᠦᠷᠭᠦᠯᠵᠢᠯᠡᠨ |
ᠳᠡᠭᠡᠭᠰᠢᠯᠡᠭᠦᠯᠵᠦ᠂ ᠵᠢᠯᠣᠭᠤᠴᠢ ᠶᠢᠨ ︽ᠥᠪᠡᠷ ᠢᠶᠠᠨ ᠰᠤᠷᠴᠤ ᠰᠢᠭᠤᠳ ᠰᠢᠯᠭᠠᠭᠤᠯᠬᠤ︾ ᠶᠢ ᠰᠦᠯᠵᠢᠶᠡᠨ ᠳᠡᠭᠡᠷ᠎ᠡ |
ᠨᠡᠷ᠎ᠡ ᠮᠡᠳᠡᠭᠦᠯᠬᠦ ᠶᠢᠨ ᠬᠠᠮᠲᠤ ︽ᠮᠥᠩᠬᠡ ᠰᠤᠪᠠᠭ︾ ᠤᠨ ᠰᠦᠯᠵᠢᠶᠡᠨ ᠳᠡᠭᠡᠷᠡᠬᠢ ᠠᠬᠤᠶ ᠪᠠᠶᠢᠳᠠᠯ ᠢ |
ᠬᠠᠷᠭᠤᠭᠤᠯᠤᠨ ᠪᠠᠶᠢᠴᠠᠭᠠᠬᠤ ᠲᠤᠬᠠᠶᠢᠯᠠᠭᠰᠠᠨ ᠠᠵᠢᠯ ᠢ ᠨᠡᠪᠲᠡᠷᠡᠭᠦᠯᠵᠦ᠂ ︽ᠰᠦᠯᠵᠢᠶᠡᠨ ᠳᠡᠭᠡᠷ᠎ᠡ ᠭᠦᠶᠴᠡᠳᠬᠡᠬᠦ᠂ |
ᠳᠠᠷᠤᠶᠢᠬᠠᠨ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠬᠠᠮᠤᠭ ᠤᠨ ᠶᠡᠭᠡ ᠬᠡᠮᠵᠢᠶ᠎ᠡ ᠪᠠᠷ |
ᠪᠡᠶᠡᠯᠡᠭᠦᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠷᠠᠳ ᠣᠯᠠᠨ ᠢ ᠳᠤᠲᠠᠭᠤ ᠭᠦᠶᠦᠯᠭᠡᠨ᠂ ᠣᠯᠠᠨ |
ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠪᠡᠶᠡᠴᠢᠯᠡᠨ ᠣᠶᠢᠯᠠᠭᠠᠯᠲᠠ ᠶᠢ ᠬᠠᠩᠭᠠᠪᠠ᠃ |
ᠲᠣᠰ ᠲᠥᠪ ᠨᠢ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ |
ᠲᠦᠰᠢᠭᠯᠡᠨ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ ᠠᠵᠢᠯ |
ᠡᠷᠭᠢᠯᠡᠬᠦ ᠬᠢᠷᠢ ᠬᠡᠮ ᠤᠨ ᠦᠨᠡᠮᠯᠡᠯ ᠤᠨ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠶᠢ ᠰᠦᠯᠵᠢᠶᠡᠨ ᠳᠡᠭᠡᠷ᠎ᠡ |
ᠭᠤᠶᠤᠴᠢᠯᠠᠨ ᠬᠢᠨᠠᠨ ᠬᠠᠷᠭᠤᠭᠤᠯᠬᠤ ᠫᠷᠤᠭ᠍ᠷᠠᠮ ᠢ ᠰᠣᠳᠣᠯᠣᠨ ᠨᠡᠭᠡᠭᠡᠵᠦ᠂ ᠵᠢᠯᠣᠭᠤᠴᠢ ︽ᠮᠥᠩᠬᠡ ᠰᠤᠪᠠᠭ︾ |
ᠲᠠᠪᠴᠠᠩ ᠳᠤ ᠰᠢᠭᠤᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠᠷ ᠭᠤᠶᠤᠴᠢᠯᠠᠵᠤ᠂ ᠮᠡᠳᠡᠭᠡ ᠵᠠᠩᠭᠢ ᠶᠢ |
ᠰᠦᠯᠵᠢᠶᠡᠨ ᠳᠡᠭᠡᠷ᠎ᠡ ᠴᠠᠭ ᠲᠤᠬᠠᠶ ᠳᠤ ᠨᠢ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠵᠡᠢ᠃ ᠭᠤᠶᠤᠴᠢᠯᠠᠭᠴᠢ |
ᠠᠴᠠ ︽ᠮᠥᠩᠬᠡ ᠰᠤᠪᠠᠭ︾ ᠲᠠᠪᠴᠠᠩ ᠳᠤ ᠭᠤᠶᠤᠴᠢᠯᠠᠯ ᠭᠠᠷᠭᠠᠭᠰᠠᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ |
ᠪᠠᠶᠢᠭᠤᠯᠭ᠎ᠠ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠠᠪᠴᠠᠩ ᠳᠡᠭᠡᠷ᠎ᠡ |
ᠭᠤᠶᠤᠴᠢᠯᠠᠭᠰᠠᠨ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠵᠦᠶᠯᠡᠰ ᠢ ᠰᠦᠯᠵᠢᠶᠡᠨ ᠳᠡᠭᠡᠷ᠎ᠡ ᠬᠠᠷᠭᠤᠭᠤᠯᠤᠨ |
ᠪᠠᠶᠢᠴᠠᠭᠠᠵᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ︽ᠮᠥᠩᠬᠡ ᠰᠤᠪᠠᠭ︾ |
ᠲᠠᠪᠴᠠᠩ ᠢᠶᠠᠷ ᠭᠤᠶᠤᠴᠢᠯᠠᠭᠴᠢ ᠳᠤ ᠮᠡᠳᠡᠭᠡ ᠵᠠᠩᠭᠢ ᠶᠢ ᠬᠠᠷᠢᠭᠤ ᠲᠤᠰᠬᠠᠨ᠎ᠠ᠃ ᠬᠢᠨᠠᠨ ᠬᠠᠷᠭᠤᠭᠤᠯᠤᠭᠠᠳ ᠬᠢᠷᠢ |
ᠲᠡᠩᠴᠡᠭᠰᠡᠨ ᠤ ᠳᠠᠷᠠᠭ᠎ᠠ᠂ ᠵᠢᠯᠣᠭᠤᠴᠢ ᠴᠠᠭᠠᠰᠤᠨ ᠮᠠᠲ᠋ᠧᠷᠢᠶᠠᠯ ᠢᠶᠠᠨ ᠠᠪᠴᠤ ᠰᠢᠯᠭᠠᠯᠲᠠ ᠶᠢᠨ ᠲᠥᠪ ᠲᠤ ᠬᠦᠷᠴᠦ |
ᠰᠢᠯᠭᠠᠵᠤ᠂ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠳᠠᠷᠤᠶ ᠦᠨᠡᠮᠯᠡᠯ ᠢᠶᠠᠨ ᠠᠪᠴᠤ ᠪᠣᠯᠤᠨ᠎ᠠ᠃ |
ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠬᠤᠶ ᠪᠠᠶᠢᠳᠠᠯ ᠢ ᠬᠠᠷᠭᠤᠭᠤᠯᠤᠨ ᠪᠠᠶᠢᠴᠠᠭᠠᠬᠤ |
ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠫᠷᠤᠭ᠍ᠷᠠᠮ ᠢ ᠨᠡᠪᠲᠡᠷᠡᠭᠦᠯᠦᠭᠰᠡᠨ ᠤ ᠳᠠᠷᠠᠭ᠎ᠠ᠂ ᠰᠠᠯᠠᠭ᠎ᠠ ᠮᠥᠴᠢᠷ ᠤᠨ |
ᠬᠤᠭᠤᠷᠣᠨᠳᠤ ᠪᠠᠨ ᠴᠠᠭᠠᠰᠤᠨ ᠤ ᠭᠤᠶᠤᠴᠢᠯᠠᠭᠴᠢ ᠶᠢᠨ ᠨᠡᠷᠡᠰ ᠢ ᠰᠢᠯᠵᠢᠭᠦᠯᠬᠦ ᠶᠢ ᠬᠦᠴᠦᠨ ᠥᠬᠡᠶ ᠪᠣᠯᠭᠠᠵᠤ᠂ |
ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠠᠪᠴᠠᠩ ᠠᠴᠠ |
ᠭᠤᠶᠤᠴᠢᠯᠠᠭᠴᠢ ᠶᠢᠨ ᠭᠤᠶᠤᠴᠢᠯᠠᠭᠰᠠᠨ ᠮᠡᠳᠡᠭᠡ ᠵᠠᠩᠭᠢ ᠶᠢ ᠲᠡᠮᠳᠡᠭᠯᠡᠵᠦ᠂ ᠬᠤᠶᠠᠷ ᠰᠠᠯᠠᠭ᠎ᠠ ᠮᠥᠴᠢᠷ ᠬᠠᠮᠲᠤ ᠪᠠᠷ |
ᠦᠵᠡᠬᠦ ᠪᠤᠶᠤ ᠦᠯᠡᠳᠡᠭᠡᠨ ᠬᠠᠳᠠᠭᠠᠯᠠᠵᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠬᠤᠶ ᠪᠠᠶᠢᠳᠠᠯ ᠢ |
ᠬᠠᠷᠭᠤᠭᠤᠯᠤᠨ ᠪᠠᠶᠢᠴᠠᠭᠠᠬᠤ ᠶᠠᠪᠤᠴᠠ ᠳᠠᠬᠢ ᠰᠠᠯᠠᠭ᠎ᠠ ᠮᠥᠴᠢᠷ ᠤᠨ ᠬᠤᠭᠤᠷᠣᠨᠳᠣᠬᠢ ᠰᠢᠯᠵᠢᠭᠦᠯᠬᠦ ᠴᠠᠭ ᠢ |
ᠪᠣᠭᠤᠨᠢᠰᠬᠠᠵᠤ᠂ ᠡᠭᠦᠨ ᠤ ᠤᠯᠠᠮ ᠠᠴᠠ ᠰᠢᠯᠭᠠᠯᠲᠠ ᠶᠢᠨ ᠪᠦᠯᠦᠭ ᠤᠳᠠᠭ᠎ᠠ ᠶᠢ ᠵᠣᠬᠢᠴᠠᠩᠭᠤᠶ ᠪᠠᠷ ᠨᠡᠮᠡᠭᠳᠡᠭᠦᠯᠵᠡᠢ᠃ |
|
︽ᠥᠪᠡᠷ ᠢᠶᠠᠨ ᠰᠤᠷᠴᠤ ᠰᠢᠭᠤᠳ ᠰᠢᠯᠭᠠᠭᠤᠯᠬᠤ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠠᠶᠠᠨᠨᠠᠭᠤᠷ |
ᠬᠤᠲᠠ ᠶᠢᠨ ᠬᠢᠨ ᠨᠢᠭᠡᠨᠲᠡ 4725 ᠠᠵᠢᠭᠯᠠᠭᠰᠠᠳ ᠤᠨ ᠰᠢᠯᠭᠠᠯᠲᠠ ᠶᠢ ᠪᠡᠶᠡᠯᠡᠭᠦᠯᠵᠦ᠂ ᠵᠢᠯᠦᠭᠤᠴᠢᠳ ᠤᠨ |
︽ᠰᠢᠯᠭᠠᠯᠲᠠ ᠳᠤ ᠨᠡᠷ᠎ᠡ ᠮᠡᠳᠡᠭᠦᠯᠬᠦ ᠳᠤ ᠬᠦᠴᠢᠷᠲᠡᠶ︾᠂ ︽ᠰᠤᠷᠤᠯᠭ᠎ᠠ ᠶᠢᠨ ᠰᠦᠶᠳᠬᠡᠯ ᠦᠨᠡᠲᠡᠶ︾ ᠪᠠᠶᠢᠬᠤ |
ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ( ᠯᠢᠦ ᠮᠧᠩ ᠲᠢᠩ ) |