ᠲᠦᠷᠦᠭᠦᠦ ᠬᠡᠳᠦᠨ ᠡᠳᠦᠷ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠬᠠᠶ ᠽᠢ ᠰᠢᠶᠠᠩ |
ᠤᠨ ᠠᠶᠠᠨᠴᠢᠳ ᠪᠠᠷᠠᠭ᠎ᠠ ᠰᠢᠦᠳᠠᠨ ᠤ ᠲᠡᠭᠡᠭᠡᠪᠦᠷᠢ ᠶᠢᠨ ᠦᠶᠯᠡᠴᠢᠯᠡᠭᠡᠨ ᠤ ᠥᠷᠲᠡᠭᠡ ᠳᠤ ᠶᠠᠭᠠᠷᠠᠯᠲᠠᠶ ᠠᠵᠢᠯᠯᠠᠵᠤ |
ᠪᠠᠶᠢᠯ᠎ᠠ᠃ ︽ᠪᠢ ᠣᠬᠤᠷ ᠮᠡᠳᠡᠭᠡ ᠣᠯᠵᠤ᠂ ᠲᠦᠷᠭᠡᠨ ᠬᠦᠷᠭᠡᠯᠲᠡ ᠪᠠᠨ ᠠᠪᠬᠤ ᠪᠠᠷ ᠢᠷᠡᠵᠡᠢ᠃︾ ᠭᠡᠵᠦ ᠯᠢᠦ |
ᠠᠨᠢᠶ᠎ᠠ ᠬᠡᠯᠡᠬᠦ ᠶᠢᠨ ᠳᠠᠭᠠᠤ᠂ ᠠᠵᠢᠯᠲᠠᠨ ᠤ ᠳᠠᠭᠠᠭᠤᠯᠭ᠎ᠠ ᠳᠣᠤᠷ᠎ᠠ ᠺᠣᠳ᠋ ᠰᠢᠷᠪᠢᠵᠦ ᠲᠦᠷᠭᠡᠨ ᠬᠦᠷᠭᠡᠯᠲᠡ ᠪᠠᠨ |
ᠠᠪᠴᠤ ᠭᠠᠷᠭᠠᠯ᠎ᠠ᠃ ︽ᠥᠬᠢᠨ ᠮᠢᠨᠢ ᠨᠠᠳᠠ ᠳᠤ ᠬᠤᠪᠴᠠᠰᠤ ᠠᠪᠴᠤ ᠥᠭᠴᠦ᠂ ᠪᠢ ᠥᠪᠡᠷ ᠢᠶᠠᠨ ᠡᠳᠦᠷ |
ᠲᠤᠳᠤᠮ ᠤᠨ ᠬᠡᠷᠡᠭᠰᠡᠯ ᠬᠤᠳᠠᠯᠳᠤᠨ ᠠᠪᠴᠤ᠂ ᠪᠠᠰᠠ ᠰᠢᠭᠤᠳ ᠨᠡᠪᠲᠡᠷᠡᠭᠦᠯᠭᠡ ᠶᠢᠨ ᠲᠠᠰᠤᠭ ᠠᠴᠠ ᠨᠢᠭᠡ |
ᠲᠣᠭᠤᠭ᠎ᠠ ︿ᠪᠤᠯᠢᠶᠠᠪᠠ﹀᠃︾ |
ᠣᠶᠢᠷ᠎ᠠ ᠶᠢᠨ ᠵᠢᠯ ᠳᠤ᠂ ᠲᠦᠮᠡᠳ ᠪᠠᠷᠠᠭᠤᠨ ᠬᠤᠰᠢᠭᠤ ᠲᠤᠬᠠᠶ ᠶᠢᠨ ᠭᠠᠵᠠᠷ ᠤᠨ ᠰᠢᠦᠳᠠᠨ ᠤ ᠡᠬᠢ ᠪᠠᠶᠠᠯᠢᠭ |
ᠪᠠ ᠤᠯᠠᠮᠵᠢᠯᠠᠯᠲᠤ ᠠᠶᠠᠨᠴᠢᠳ ᠤᠨ ᠵᠥᠭᠡᠭᠡᠪᠦᠷᠢ ᠶᠢᠨ ᠥᠷᠲᠡᠭᠡ ᠶᠢ ᠪᠦᠲᠦᠮᠵᠢᠲᠡᠶ ᠤᠶᠠᠯᠳᠤᠭᠤᠯᠤᠨ᠂ ᠰᠢᠶᠠᠨ |
ᠰᠢᠶᠠᠩ ᠲᠣᠰᠬᠤᠨ ᠭᠤᠷᠪᠠᠨ ᠱᠠᠲᠤᠨ ᠤ ᠠᠶᠠᠨᠴᠢᠳ ᠪᠠᠷᠠᠭ᠎ᠠ ᠰᠢᠦᠳᠠᠨ ᠤ ᠲᠡᠭᠡᠭᠡᠪᠦᠷᠢ ᠶᠢᠨ ᠲᠣᠤᠷ ᠢ ᠪᠠᠶᠢᠭᠤᠯᠵᠤ᠂ |
ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ᠂ ᠠᠭᠤᠰᠤᠯᠴᠠᠬᠤ ᠪᠠᠷ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠨ᠂ |
ᠠᠶᠠᠨᠴᠢᠳ ᠤᠨ ᠵᠥᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠰᠢᠦᠳᠠᠨ ᠤ ᠲᠦᠷᠭᠡᠨ ᠬᠦᠷᠭᠡᠯᠲᠡ ᠶᠢ ᠨᠢᠭᠡ |
ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃ |
|
|
|
ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠬᠠᠢ ᠽᠢ ᠰᠢᠶᠠᠩ ᠤᠨ ᠠᠶᠠᠨᠴᠢᠳ ᠪᠠᠷᠠᠭ᠎ᠠ |
ᠰᠢᠦᠳᠠᠨ ᠤ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ᠃ ( ᠮᠠᠲ᠋ᠧᠷᠢᠶᠠᠯ ᠤᠨ ᠵᠢᠷᠤᠭ ) |
ᠣᠳᠣᠬᠠᠨ ᠳᠤ᠂ ᠲᠣᠰ ᠬᠤᠰᠢᠭᠤᠨ ᠤ ᠮᠠᠶᠢᠳᠠᠷᠢ ᠵᠣᠣ᠂ ᠵᠠᠩᠵᠤᠨ ᠶᠣᠣ᠂ ᠬᠠᠶ ᠽᠢ ᠰᠢᠶᠠᠩ᠂ ᠱᠤᠸᠠᠩ |
ᠯᠦᠩ᠂ ᠰᠠᠨ ᠳ᠋ᠤᠤ ᠾᠧ ᠪᠣᠯᠤᠨ ᠮᠢᠩ ᠱᠠ ᠨᠠᠭᠤᠷ ᠵᠡᠷᠭᠡ 6 ᠠᠶᠠᠨᠴᠢᠳ ᠪᠠᠷᠠᠭ᠎ᠠ ᠰᠢᠦᠳᠠᠨ ᠤ ᠲᠡᠭᠡᠭᠡᠪᠦᠷᠢ ᠶᠢᠨ |
ᠦᠶᠯᠡᠴᠢᠯᠡᠭᠡᠨ ᠤ ᠥᠷᠲᠡᠭᠡ ᠨᠢᠭᠡᠨᠲᠡ ᠠᠰᠢᠭᠯᠠᠯᠲᠠ ᠳᠤ ᠣᠷᠣᠵᠤ᠂ ᠲᠣᠰ ᠬᠤᠰᠢᠭᠤᠨ ᠤ 165 ᠵᠠᠰᠠᠭ ᠵᠠᠬᠢᠷᠭᠠᠨ |
ᠤ ᠲᠣᠰᠬᠤᠨ ᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠵᠦ᠂ ᠠᠶᠠᠨᠴᠢᠳ ᠪᠠᠷᠠᠭ᠎ᠠ ᠰᠢᠦᠳᠠᠨ ᠤ ᠲᠡᠭᠡᠭᠡᠪᠦᠷᠢ ᠶᠢᠨ |
ᠬᠡᠷᠡᠭᠴᠡᠭᠡ ᠶᠢ ᠬᠠᠩᠭᠠᠵᠤ ᠪᠠᠶᠢᠨ᠎ᠠ᠃ ᠨᠢᠭᠡᠨᠲᠡ ᠨᠡᠪᠲᠡᠷᠡᠭᠰᠡᠨ ᠠᠶᠠᠨᠴᠢᠳ ᠪᠠᠷᠠᠭ᠎ᠠ ᠰᠢᠦᠳᠠᠨ ᠤ ᠲᠡᠭᠡᠭᠡᠪᠦᠷᠢ ᠶᠢᠨ 3 |
ᠵᠤᠷᠪᠤᠰ ᠡᠭᠡᠯᠵᠢ ᠶᠢᠨ ᠱᠤᠭᠤᠮ ᠨᠢ ︽ᠠᠵᠤ ᠦᠶᠯᠡᠳᠪᠦᠷᠢ ᠶᠢᠨ ᠦᠶᠯᠡᠳᠬᠦᠨ ᠢ ᠬᠥᠳᠡᠭᠡ ᠪᠠᠭᠤᠯᠭᠠᠬᠤ᠂ |
ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠳᠤ |
ᠣᠷᠣᠭᠤᠯᠬᠤ︾ ᠬᠤᠤᠰ ᠴᠢᠭᠯᠡᠯᠲᠦ ᠭᠦᠶᠯᠭᠡᠭᠡ ᠶᠢ ᠪᠡᠶᠡᠯᠡᠭᠦᠯᠵᠦ᠂ ᠲᠠᠷᠢᠶᠠᠴᠢᠨ ᠲᠦᠮᠡᠨ ᠤ ᠪᠠᠷᠠᠭᠠᠨ ᠤ ᠭᠦᠶᠯᠭᠡᠭᠡ |
ᠪᠠ ᠲᠦᠷᠭᠡᠨ ᠬᠦᠷᠭᠡᠯᠲᠡ ᠶᠢᠨ ︽ᠠᠩᠬᠠᠨ ᠤ ᠨᠢᠭᠡ ᠺᠢᠯᠣᠮᠧᠲᠷ︾ ᠪᠠ ︽ᠡᠴᠦᠰ ᠤᠨ ᠨᠢᠭᠡ ᠺᠢᠯᠣᠮᠧᠲᠷ︾ ᠤᠨ |
ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ ᠡᠶᠢᠮᠦᠷᠬᠦᠦ ︽ᠵᠠᠮ ᠬᠠᠷᠢᠯᠴᠠᠭ᠎ᠠ ᠰᠢᠦᠳᠠᠨ ᠤ ᠬᠠᠮᠲᠤᠷᠠᠯᠴᠠᠭ᠎ᠠ + |
ᠬᠤᠳᠠᠯᠳᠤᠭᠠᠨ ᠤ ᠬᠥᠴᠦᠨ ᠴᠢᠳᠠᠯ ᠣᠯᠭᠤᠬᠤ︾ ᠵᠠᠭᠪᠤᠷ ᠨᠢ ᠬᠥᠳᠡᠭᠡ ᠲᠣᠰᠬᠤᠨ ᠤ ᠠᠶᠠᠨᠴᠢᠳ ᠪᠠᠷᠠᠭ᠎ᠠ |
ᠰᠢᠦᠳᠠᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠳᠤ ᠦᠨᠡᠨ ᠪᠣᠳᠠᠲᠠᠶ ᠲᠥᠬᠦᠮ |
ᠦᠵᠡᠭᠦᠯᠪᠡ᠃ |
ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠱᠤ᠋ ᠭᠤᠸᠠᠩ ᠲᠣᠰᠬᠤᠨ ᠳᠤ᠂ |
ᠲᠣᠰᠬᠤᠨ ᠤ ᠠᠷᠠᠳ ᠶᠠᠨ ᡁᠢ ᠮᠧᠢ ᠭᠠᠷ ᠤᠲᠠᠰᠤ ᠶᠢ ᠡᠪᠲᠡᠢ ᠰᠠᠶᠢᠨ ᠬᠡᠷᠡᠭᠯᠡᠨ ᠰᠢᠭᠤᠳ ᠨᠡᠪᠲᠡᠷᠡᠭᠦᠯᠭᠡ ᠪᠠᠷ |
ᠪᠠᠷᠠᠭ᠎ᠠ ᠬᠤᠳᠠᠯᠳᠤᠵᠤ ᠪᠠᠶᠢᠨ᠎ᠠ᠄ ︽ᠡᠨᠡ ᠪᠣᠯ ᠲᠤᠰ ᠭᠠᠵᠠᠷ ᠤᠨ ᠬᠤᠮᠠ ᠶᠢᠨ ᠲᠤᠰᠤ᠂ ᠲᠣᠭᠤᠵᠤ ᠪᠠᠶᠢᠭ᠎ᠠ |
ᠨᠠᠶᠢᠵᠠ ᠨᠠᠷ ᠬᠤᠳᠠᠯᠳᠤᠨ ᠠᠪᠴᠤ ᠲᠤᠷᠰᠢᠵᠤ ᠦᠵᠡᠵᠦ ᠪᠣᠯᠤᠨ᠎ᠠ᠂ ᠪᠡᠯᠡᠨ ᠪᠠᠷᠠᠭ᠎ᠠ ᠮᠥᠷᠲᠡᠭᠡᠨ ᠳᠣᠣᠷ᠎ᠠ ᠨᠢ |
ᠶᠠᠪᠤᠭᠤᠯᠤᠨ᠎ᠠ᠃︾ ᠲᠣᠰᠬᠤᠨ ᠤ ᠠᠷᠠᠳ ᠵᠠᠩ ᠶᠠᠨ ᠹᠠᠩ ᠶᠠᠭᠠᠷᠠᠯᠲᠠᠢ ᠪᠠᠷ ᠪᠣᠭᠤᠳᠠᠯᠯᠠᠵᠤ᠂ ᠡᠳᠦᠷ ᠪᠦᠷᠢ ᠲᠡᠭᠦᠨ |
ᠢᠶᠠᠷ ᠪᠣᠭᠤᠳᠠᠯᠯᠠᠬᠤ ᠶᠢᠨ ᠬᠠᠮᠲᠤ ᠲᠣᠰᠬᠤᠨ ᠤ ᠲᠦᠷᠭᠡᠨ ᠬᠦᠷᠭᠡᠯᠲᠡ ᠶᠢᠨ ᠦᠷᠳᠡᠭᠡ ᠠᠴᠠ ᠪᠦᠬᠦ ᠤᠯᠤᠰ ᠤᠨ |
ᠡᠯ᠎ᠡ ᠭᠠᠵᠠᠷ ᠲᠤ ᠶᠠᠪᠤᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭ᠎ᠠ 9000 ᠰᠢᠬᠠᠮ ᠬᠤᠪᠢ ᠳᠤ |
ᠬᠦᠷᠦᠨ᠎ᠡ᠃ |
ᠨᠤᠲᠤᠭ ᠤᠨ ᠠᠬ᠎ᠠ ᠳᠡᠭᠦᠦ ᠨᠡᠷ ᠭᠠᠷ ᠤᠲᠠᠰᠤ ᠪᠠᠷ ︽ᠬᠤᠳᠠᠯᠳᠤᠨ ᠠᠪᠬᠤ︾᠂ ᠡᠰᠡᠬᠦᠯ᠎ᠡ ᠬᠥᠳᠡᠭᠡ |
ᠲᠣᠰᠬᠤᠨ ᠤ ᠡᠯᠧᠺᠲᠷᠣᠨ ᠬᠤᠳᠠᠯᠳᠤᠭ᠎ᠠ ᠬᠦᠷᠢᠶᠡᠯᠡᠬᠦ ᠶᠢᠨ ᠠᠯᠢ ᠨᠢ ᠭᠡᠰᠡᠨ ᠴᠦ ᠦᠭᠡᠢ᠂ ᠠᠶᠠᠨᠴᠢᠳ ᠪᠠᠷᠠᠭ᠎ᠠ |
ᠰᠢᠦᠳᠠᠨ ᠤ ᠠᠭᠤᠰᠤᠯᠴᠠᠭᠤᠯᠤᠨ ᠬᠥᠭᠵᠢᠭᠦᠯᠬᠦ ᠳᠤ ᠵᠠᠩᠭᠢᠯᠠᠭ᠎ᠠ ᠶᠢᠨ ᠦᠶᠯᠡᠳᠦᠯ ᠦᠵᠡᠭᠦᠯᠵᠦ ᠪᠠᠶᠢᠨ᠎ᠠ᠃ |
2024 ᠣᠨ ᠳᠤ᠂ ᠮᠠᠨ ᠤ ᠣᠷᠣᠨ ᠬᠥᠳᠡᠭᠡ ᠲᠣᠰᠬᠤᠨ ᠤ ᠠᠶᠠᠨᠴᠢᠳ ᠤᠨ ᠵᠥᠭᠡᠭᠡᠪᠦᠷᠢ᠂ ᠪᠠᠷᠠᠭᠠᠨ ᠤ |
ᠲᠡᠭᠡᠭᠡᠪᠦᠷᠢ᠂ ᠰᠢᠦᠳᠠᠨ ᠤ ᠲᠦᠷᠭᠡᠨ ᠬᠦᠷᠭᠡᠯᠲᠡ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ᠂ |
ᠠᠶᠠᠨᠴᠢᠳ ᠪᠠᠷᠠᠭ᠎ᠠ ᠰᠢᠦᠳᠠᠨ ᠤ ᠲᠡᠭᠡᠭᠡᠪᠦᠷᠢ ᠶᠢᠨ ᠠᠭᠤᠰᠤᠯᠴᠠᠭᠰᠠᠨ ᠵᠠᠮ ᠱᠤᠭᠤᠮ 192 ᠵᠤᠷᠪᠤᠰ᠂ ᠰᠢᠶᠠᠨ |
ᠰᠢᠶᠠᠩ ᠲᠣᠰᠬᠤᠨ ᠭᠤᠷᠪᠠᠨ ᠱᠠᠲᠤᠨ ᠤ ᠦᠶᠯᠡᠴᠢᠯᠡᠭᠡᠨ ᠤ ᠥᠷᠲᠡᠭᠡ ᠴᠡᠭ 793 ᠰᠢᠨ᠎ᠡ ᠪᠠᠷ ᠨᠡᠮᠡᠭᠳᠡᠵᠦ᠂ |
ᠲᠦᠷᠭᠡᠨ ᠬᠦᠷᠭᠡᠯᠲᠡ ᠰᠢᠦᠳᠠᠨ ᠤ ᠵᠦᠶᠯ ᠢ 340 ᠲᠦᠮᠡᠨ ᠬᠤᠪᠢ ᠲᠡᠭᠡᠭᠡᠪᠦᠷᠢᠯᠡᠨ ᠬᠦᠷᠭᠡᠪᠡ᠃ |
︽ᠡᠨᠡ ᠵᠢᠯ᠂ ᠮᠠᠨ ᠤ ᠣᠷᠣᠨ ᠬᠤᠰᠢᠭᠤ ᠰᠢᠶᠠᠨ ᠤ ᠱᠠᠲᠤᠨ ᠤ ᠮᠠᠰᠢᠨ ᠲᠡᠷᠭᠡᠨ ᠤ ᠠᠶᠠᠨᠴᠢᠳ ᠤᠨ |
ᠵᠥᠭᠡᠭᠡᠪᠦᠷᠢ ᠶᠢᠨ ᠥᠷᠲᠡᠭᠡ ᠶᠢ ᠰᠢᠦᠳᠠᠨ ᠤ ᠲᠦᠷᠭᠡᠨ ᠬᠦᠷᠭᠡᠯᠲᠡ ᠶᠢᠨ ᠬᠤᠪᠢᠶᠠᠨ ᠰᠠᠯᠭᠠᠬᠤ ᠲᠥᠪ ᠪᠣᠯᠭᠠᠨ |
ᠥᠭᠡᠷᠡᠴᠢᠯᠡᠨ ᠰᠢᠨᠡᠳᠬᠡᠬᠦ ᠶᠢ ᠠᠬᠢᠭᠤᠯᠵᠤ᠂ 40 ᠬᠤᠰᠢᠭᠤ ᠰᠢᠶᠠᠨ ᠤ ᠠᠶᠠᠨᠴᠢᠳ ᠪᠠᠷᠠᠭ᠎ᠠ ᠰᠢᠦᠳᠠᠨ ᠤ |
ᠠᠭᠤᠰᠤᠯᠴᠠᠨ ᠬᠥᠭᠵᠢᠬᠦ ᠶᠢ ᠠᠬᠢᠭᠤᠯᠤᠨ᠂ ᠪᠥᠬᠦ ᠣᠷᠣᠨ ᠤ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ |
ᠦᠶᠯᠡᠴᠢᠯᠡᠭᠡᠨ ᠤ ᠥᠷᠲᠡᠭᠡ ᠴᠡᠭ᠂ ᠠᠭᠤᠰᠤᠯᠴᠠᠭᠰᠠᠨ ᠵᠠᠮ ᠱᠤᠭᠤᠮ᠂ ᠤᠷᠤᠭᠤᠯᠤᠭᠰᠠᠨ ᠲᠡᠷᠭᠡ ᠬᠥᠰᠬᠡ᠂ |
ᠲᠡᠭᠡᠭᠡᠪᠦᠷᠢᠯᠡᠨ ᠬᠦᠷᠭᠡᠬᠦ ᠲᠦᠷᠭᠡᠨ ᠬᠦᠷᠭᠡᠯᠲᠡ ᠰᠢᠦᠳᠠᠨ ᠤ ᠵᠦᠶᠯ ᠤᠨ ᠲᠤᠭ᠎ᠠ ᠬᠡᠮᠵᠢᠶ᠎ᠡ ᠶᠢ ᠬᠤᠶᠠᠷ ᠳᠠᠬᠢᠨ |
ᠨᠡᠮᠡᠭᠳᠡᠭᠦᠯᠦᠨ᠎ᠡ᠃︾ ᠭᠡᠵᠦ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ |
ᠲᠡᠭᠡᠭᠡᠪᠦᠷᠢ ᠶᠢᠨ ᠦᠶᠯᠡᠴᠢᠯᠡᠭᠡᠨ ᠤ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠶᠢᠯᠡᠪᠡ᠃ |